ᠮᠠᠨ ᠤ ᠰᠢᠶᠠᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/1
     3 ᠰᠠᠷ᠎ᠠ ᠶᠢᠨ 30 ᠤ ᠡᠳᠦᠷ᠂ ᠰᠢᠩ ᠾᠧ ᠰᠢᠶᠠᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠼᠠᠢ ᠴᠢᠩ ᠬᠤᠷᠠᠯ ᠡᠷᠭᠢᠯᠡᠪᠡ᠃
     ᠸᠠᠩ ᠬᠤᠢ ᠢᠦᠢ ᠵᠢᠭᠠᠵᠤ ᠭᠠᠷᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠲᠥᠪ ᠢ ᠰᠠᠬᠢᠵᠤ ᠰᠢᠨ᠎ᠡ ᠶᠢ ᠡᠭᠦᠳᠴᠦ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠰᠠᠶᠢᠲᠤᠷ ᠬᠢᠬᠦ ᠲᠤᠬᠠᠢ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠤᠯᠠᠨ ᠴᠢᠬᠤᠯᠠ ᠵᠢᠭᠠᠪᠤᠷᠢ ᠥᠭᠴᠦ᠂ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠳᠤ ᠬᠤᠯᠪᠣᠭᠳᠠᠬᠤ ᠴᠢᠭᠯᠡᠯᠳᠤ ᠴᠢᠨᠠᠷ᠂ ᠦᠨᠳᠦᠰᠦᠨ ᠴᠢᠨᠠᠷ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠪᠦᠬᠦ ᠰᠢᠶᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠠᠷᠪᠠᠨ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠠᠶᠢᠳᠠᠯ ᠢ ᠵᠠᠳᠠᠯᠤᠨ᠂ ᠠᠵᠢᠯ ᠢᠶᠠᠨ ᠳ᠋ᠦᠩᠨᠡᠵᠦ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠡᠭᠦᠷᠭᠡ ᠪᠠᠨ ᠲᠣᠳᠣᠷᠬᠠᠶᠢᠯᠠᠵᠤ᠂ ᠰᠡᠳᠬᠢᠴᠡ ᠪᠠᠨ ᠰᠢᠨ᠎ᠡ ᠪᠠᠷ ᠡᠭᠦᠳᠴᠦ᠂ ᠪᠦᠬᠦ ᠰᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠶ᠃      ᠸᠠᠩ ᠬᠤᠢ ᠢᠦᠢ ᠴᠢᠩᠭᠠᠳᠬᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠶᠡᠭᠡ ᠲᠠᠯ᠎ᠠ ᠶᠢ ᠪᠣᠳᠣᠯᠬᠢᠯᠠᠬᠤ ᠳᠤᠮᠳᠠ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ‍ᠤᠨ‌ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠪᠦᠬᠦ ᠰᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︔ ᠠᠮᠵᠢᠯᠲᠠ ᠪᠠᠨ ᠨᠤᠲᠠᠯᠠᠬᠤ ᠳᠤᠮᠳᠠ ᠢᠲᠡᠭᠡᠯ ᠵᠣᠷᠢᠭ ᠢᠶᠠᠨ ᠪᠠᠲᠤᠳᠬᠠᠵᠤ᠂ ᠥᠩᠭᠡᠷᠡᠭᠰᠡᠨ ᠨᠢᠭᠡ ᠵᠢᠯ ᠳᠤ᠂ ᠪᠦᠬᠦ ᠰᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠪᠠᠷ ᠭᠤᠣᠯ ᠰᠢᠵᠢᠮ ᠪᠣᠯᠭᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠡᠭᠦᠷᠭᠡᠯᠡᠨ ᠠᠵᠢᠯᠯᠠᠵᠤ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠢᠳᠡᠪᠬᠢᠲᠡᠶ ᠠᠭᠤᠰᠤᠯᠴᠠᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠢᠳᠡᠪᠬᠢ ᠬᠦᠴᠦᠨ ᠢ ᠤᠯᠠᠮᠵᠢᠯᠠᠨ ᠪᠠᠳᠠᠷᠠᠭᠤᠯᠬᠤ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠭᠡᠨᠡᠳᠲᠡ ᠡᠭᠦᠰᠦᠭᠰᠡᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠬᠤᠳᠠ ᠶᠢᠨ ᠲᠦᠷᠦᠯ ᠲᠡᠮᠳᠡᠭ ᠤᠨ ᠲᠦᠷᠢ ᠲᠥᠷᠬᠦ ᠶᠢ ᠳᠡᠭᠡᠭᠰᠢᠯᠡᠭᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ ᠶᠢ ᠠᠬᠢᠭᠤᠯᠬᠤ᠂ ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠳᠤᠪᠤᠶᠢᠮ᠎ᠠ ᠦᠷ᠎ᠡ ᠪᠦᠲᠦᠮᠵᠢᠲᠡᠢ ᠠᠵᠢᠯ ᠬᠢᠵᠡᠢ᠃ ᠤᠬᠠᠭᠤᠯᠵᠤ ᠬᠥᠲᠥᠯᠥᠨ ᠵᠢᠯᠣᠭᠤᠳᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ ᠪᠦᠲᠦᠮᠵᠢᠲᠡᠶ ᠪᠠᠷ ᠪᠠᠳᠠᠷᠠᠭᠤᠯᠵᠤ᠂ ᠡᠳᠡᠭᠡᠷ ᠠᠵᠢᠯ ᠤᠨ ᠰᠠᠭᠤᠷᠢ ᠨᠢ ᠪᠢᠳᠡᠨ ᠤ ᠡᠨᠡ ᠵᠢᠯ ᠤᠨ ᠠᠵᠢᠯ ᠢᠶᠠᠨ ᠰᠠᠶᠢᠲᠤᠷ ᠬᠢᠬᠦ ᠢᠲᠡᠭᠡᠯ ᠵᠣᠷᠢᠭ ᠢ ᠤᠯᠠᠮ ᠨᠢᠭᠡ ᠠᠯᠬᠤᠮ ᠪᠠᠲᠤᠳᠬᠠᠪᠠ︔ ᠠᠰᠠᠭᠤᠳᠠᠯ ᠳᠤ ᠵᠥᠪ ᠢᠶᠠᠷ ᠬᠠᠨᠳᠤᠬᠤ ᠳᠤᠮᠳᠠ ᠡᠷᠡᠮᠡᠬᠡᠶᠢᠯᠡᠨ ᠤᠷᠤᠭᠰᠢᠯᠠᠵᠤ᠂ ᠠᠮᠵᠢᠯᠲᠠ ᠪᠠᠨ ᠨᠤᠲᠠᠯᠠᠬᠤ ᠶᠢᠨ ᠬᠠᠮᠲᠤ ᠰᠢᠩ ᠡᡁᠧ ᠰᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠤ ᠲᠤᠯᠭᠠᠷᠠᠵᠤ ᠪᠠᠶᠢᠭ᠎ᠠ ᠪᠤᠳᠤᠯᠢᠶᠠᠨᠲᠠᠢ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠭᠦᠢᠴᠡᠳ ᠪᠤᠰᠤ ᠪᠠᠶᠢᠬᠤ ᠶᠢ ᠰᠡᠷᠭᠡᠭ ᠢᠶᠠᠷ ᠲᠠᠨᠢᠬᠤ ᠬᠡᠷᠡᠭᠲᠡᠢ᠃ ᠵᠣᠭᠰᠣᠴᠠ ᠶᠢᠨ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠭᠡ ᠲᠠᠯ᠎ᠠ ᠶᠢᠨ ᠶᠡᠭᠡ ᠬᠠᠨᠳᠤᠰᠢ ᠶᠢ ᠡᠵᠡᠮᠳᠡᠵᠦ᠂ ᠴᠠᠭ ᠤᠨ ᠪᠠᠶᠢᠳᠠᠯ ᠳᠤ ᠵᠣᠬᠢᠴᠠᠭᠤᠯᠤᠨ ᠪᠠᠶᠢᠳᠠᠯ ᠳᠤ ᠨᠡᠶᠢᠴᠡᠭᠦᠯᠬᠦ ᠶᠢ ᠪᠠᠷᠢᠮᠲᠠᠯᠠᠵᠤ᠂ ᠣᠳᠣᠬᠠᠨ ᠤ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠨᠢᠭᠡᠨᠲᠡ ᠪᠦᠷᠢᠯᠳᠦᠭᠰᠡᠨ ᠪᠠᠲᠤ ᠪᠠᠬᠢ ᠤᠨᠤᠯ ᠤᠨ ᠰᠠᠭᠤᠷᠢ᠂ ᠦᠢᠯᠡᠳᠦᠯᠭᠡ ᠶᠢᠨ ᠰᠠᠭᠤᠷᠢ᠂ ᠪᠣᠳᠠᠰ ᠤᠨ ᠰᠠᠭᠤᠷᠢ᠂ ᠠᠷᠠᠳ ᠤᠨ ᠰᠡᠳᠬᠢᠯ ᠤᠨ ᠰᠠᠭᠤᠷᠢ ᠶᠢ ᠣᠯᠵᠤ ᠬᠠᠷᠠᠬᠤ ᠪᠠᠷ ᠪᠠᠷᠠᠬᠤ ᠦᠭᠡᠢ ᠪᠠᠰᠠ ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠶᠢᠨ ᠥᠷᠢᠰᠥᠯᠳᠦᠭᠡᠨ ᠢ ᠰᠡᠷᠭᠡᠭ ᠢᠶᠠᠷ ᠲᠠᠨᠢᠵᠤ᠂ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠪᠠ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠶᠡᠭᠡ ᠬᠠᠨᠳᠤᠰᠢ ᠶᠢ ᠲᠣᠳᠣᠷᠬᠠᠶ ᠲᠠᠨᠢᠭᠤᠯᠵᠤ᠂ ᠢᠲᠡᠭᠡᠯ ᠢ ᠨᠢ ᠪᠠᠲᠤᠳᠬᠠᠨ᠂ ᠨᠡᠶᠢᠭᠡᠮ ᠤᠨ ᠢᠳᠡᠪᠬᠢ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠵᠤ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠤᠵᠠᠭᠠᠶᠢᠷᠠᠭᠤᠯᠬᠤ ᠬᠡᠷᠡᠭᠲᠡᠶ᠃      ᠸᠠᠩ ᠬᠤᠢ ᠢᠦᠢ ᠴᠢᠩᠭᠠᠳᠬᠠᠭᠰᠠᠨ ᠨᠢ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ︽ᠬᠤᠶᠠᠷ ᠢ ᠲᠣᠭᠲᠠᠭᠠᠬᠤ︾ ᠶᠢ ᠲᠤᠪᠤᠶᠢᠯᠭᠠᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠲᠠᠰᠤᠷᠠᠯᠳᠡ ᠦᠭᠡᠢ ᠠᠬᠢᠭᠤᠯᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠳᠤᠭᠤᠶᠢᠯᠠᠩ ᠤᠨ ︽ᠵᠢᠯᠣᠭᠤᠳᠬᠤ ᠣᠩᠭᠤᠴᠠ︾ ᠶᠢᠨ ᠦᠢᠯᠡᠳᠦᠯ᠂ ᠤᠯᠤᠰ ᠢᠶᠠᠨ ᠬᠦᠴᠦᠷᠬᠡᠭᠵᠢᠭᠦᠯᠬᠦ ᠲᠠᠪᠴᠠᠩ ᠤᠨ ︽ᠬᠤᠷᠳᠤᠳᠬᠠᠭᠤᠷ︾ ᠤᠨ ᠦᠢᠯᠡᠳᠦᠯ᠂ ᠤᠨᠤᠯ ᠢ ᠤᠬᠠᠭᠤᠯᠤᠨ ᠲᠠᠶᠢᠯᠪᠤᠷᠢᠯᠠᠬᠤ ᠶᠢᠨ ᠬᠦᠳᠦᠯᠦᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠠᠮ ᠤᠨ ᠲᠥᠪ ᠬᠤᠷᠢᠶᠠᠨ ᠤ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠲᠣᠳᠣᠷᠬᠠᠢ ᠶᠠᠷᠢᠵᠤ᠂ ᠠᠷᠠᠳ ᠤᠯᠠᠨ ᠢ ᠬᠦᠰᠡᠯ ᠡᠷᠡᠮᠡᠯᠵᠡᠯ ᠲᠠᠢ᠂ ᠬᠦᠰᠡᠯ ᠡᠷᠡᠮᠡᠯᠵᠡᠯ ᠲᠠᠢ᠂ ᠡᠷᠴᠢ ᠵᠣᠷᠢᠭ ᠲᠠᠢ ᠪᠣᠯᠭᠠᠬᠤ ᠬᠡᠷᠡᠭᠲᠡᠢ︔ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠨ ᠠᠪᠴᠤ ᠤᠬᠠᠭᠤᠯᠤᠨ ᠲᠤᠤᠱᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠠᠮᠢᠳᠤᠯᠢᠭ ᠰᠠᠶᠢᠬᠠᠨ ᠰᠦᠷ ᠬᠦᠴᠦᠨ ᠲᠠᠢ᠂ ᠰᠢᠨ᠎ᠡ ᠰᠣᠳᠣᠨ ᠪᠦᠲᠦᠭᠡᠯ ᠭᠠᠷᠭᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠪᠦᠬᠦ ᠰᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠭᠡᠬᠦ ᠡᠨᠡᠬᠦ ᠭᠤᠣᠯ ᠰᠢᠵᠢᠮ ᠢ ᠤᠭᠲᠤᠬᠤ᠂ ᠤᠬᠠᠭᠤᠯᠬᠤ᠂ ᠲᠤᠤᠱᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠠᠵᠢᠯ ᠤᠨ ᠲᠤᠬᠢᠷᠠᠭᠤᠯᠤᠯᠳᠠ ᠶᠢ ᠦᠨᠳᠦᠰᠦᠯᠡᠵᠦ᠂ ᠦᠨᠳᠦᠰᠦᠨ ᠬᠦᠭ ᠠᠶᠠᠰ ᠢ ᠣᠨᠣᠪᠴᠢᠲᠠᠢ ᠡᠵᠡᠮᠳᠡᠵᠦ᠂ ᠨᠠᠷᠢᠨ ᠨᠢᠮᠪᠠᠢ ᠪᠠᠶᠢᠷᠢᠯᠠᠭᠤᠯᠵᠤ᠂ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠪᠦᠯᠬᠦᠮᠳᠡᠨ ᠲᠡᠮᠡᠴᠡᠬᠦ᠂ ᠥᠪᠡᠷ ᠢ ᠪᠠᠨ ᠬᠦᠴᠦᠷᠬᠡᠭᠵᠢᠭᠦᠯᠬᠦ᠂ ᠲᠦᠷᠦ ᠲᠦᠪᠰᠢᠨ ᠲᠦᠮᠡᠨ ᠠᠮᠤᠭᠤᠯᠠᠩ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ︔ ᠦᠨᠳᠦᠰᠦᠲᠡᠨ ᠤ ᠠᠵᠢᠯ ᠤᠨ ︽ᠬᠥᠲᠥᠯᠪᠦᠷᠢ︾ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠤᠬᠠᠭᠤᠯᠭ᠎ᠠ ᠬᠥᠮᠦᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠬᠥᠮᠦᠵᠢᠯ ᠢ ᠲᠠᠰᠤᠷᠠᠯᠲᠠ ᠦᠭᠡᠶ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠤᠨ ᠢᠨᠵᠧᠨᠧᠷᠢᠩ ᠢ ᠪᠠᠲᠤ ᠪᠠᠬᠢ ᠪᠤᠢ ᠪᠣᠯᠭᠠᠬᠤ ᠪᠠ ᠰᠣᠶᠣᠯ ᠪᠣᠯᠪᠠᠰᠤᠨ ᠤ ᠬᠥᠮᠦᠵᠢᠭᠦᠯᠦᠯ ᠢ ᠭᠦᠨᠵᠡᠭᠡᠶᠢᠷᠡᠭᠦᠯᠬᠦ ᠶᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠡᠯ᠎ᠡ ᠭᠤᠭᠴᠤᠭ᠎ᠠ᠂ ᠡᠯ᠎ᠡ ᠬᠦᠷᠢᠶᠡᠨ ᠳᠤ ᠪᠦᠬᠦ ᠲᠠᠯ᠎ᠠ ᠪᠠᠷ᠂ ᠪᠦᠬᠦ ᠶᠠᠪᠤᠴᠠ ᠪᠠᠷ ᠲᠤᠭᠤᠰᠢᠯᠠᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠲᠤᠳᠬᠠᠬᠤ ᠬᠡᠷᠡᠭᠲᠡᠢ︔ ᠲᠡᠮᠡᠴᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠴᠣᠭᠴᠠᠯᠠᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠲᠠᠰᠤᠷᠠᠯᠲᠠ ᠦᠭᠡᠢ ᠠᠬᠢᠭᠤᠯᠵᠤ᠂ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠢ ᠠᠬᠢᠭᠤᠯᠵᠤ᠂ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠬᠦᠷᠢᠶᠡᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠦᠬᠦ ᠰᠢᠶᠠᠨ ᠤ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠮᠤᠷ ᠲᠦᠪᠰᠢᠨ ᠢ ᠡᠵᠡᠮᠳᠡᠬᠦ ᠶᠢ ᠪᠠᠲᠤᠯᠠᠬᠤ ᠬᠡᠷᠡᠭᠲᠡᠢ︔ ᠭᠤᠣᠯ ᠤᠷᠤᠰᠬᠠᠯ ᠤᠨ ᠶᠠᠷᠢᠶ᠎ᠠ ᠬᠡᠯᠡᠯᠴᠡᠭᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠣᠨᠢᠨ ᠮᠡᠳᠡᠭᠡᠨ ᠤ ᠤᠬᠠᠭᠤᠯᠭ᠎ᠠ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠵᠤ᠂ ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠯ ᠢ ᠲᠠᠰᠤᠷᠠᠯᠲᠠ ᠦᠭᠡᠢ ᠠᠬᠢᠭᠤᠯᠵᠤ᠂ ᠶᠠᠷᠢᠶ᠎ᠠ ᠬᠡᠯᠡᠯᠴᠡᠭᠡᠨ ᠤ ᠬᠦᠳᠦᠯᠦᠨ ᠵᠢᠯᠣᠭᠤᠳᠬᠤ ᠴᠢᠳᠠᠪᠤᠷᠢ ᠶᠢ ᠳᠡᠭᠡᠭᠰᠢᠯᠡᠭᠦᠯᠵᠦ᠂ ᠭᠠᠳᠠᠭᠠᠳᠤ ᠤᠬᠠᠭᠤᠯᠭ᠎ᠠ ᠶᠢᠨ ᠨᠥᠯᠥᠭᠡᠯᠡᠬᠦ ᠬᠦᠴᠦᠨ ᠢ ᠥᠷᠭᠡᠳᠬᠡᠬᠦ ᠬᠡᠷᠡᠭᠲᠡᠢ᠃ ᠳᠡᠭᠡᠳᠦ ᠱᠠᠲᠤᠨ ᠤ ᠵᠠᠭᠤᠴᠢᠯᠠᠭᠤᠷ ᠤᠨ ᠠᠩᠬᠠᠷᠤᠯ ᠤᠨ ᠭᠤᠣᠯᠳᠠᠯᠭ᠎ᠠ ᠪᠠ ᠮᠠᠨ ᠤ ᠰᠢᠶᠠᠨ ᠤ ᠠᠵᠢᠯ ᠤᠨ ᠭᠢᠯᠠᠰ ᠴᠡᠭ ᠢ ᠣᠨᠣᠪᠴᠢᠲᠠᠶ ᠡᠵᠡᠮᠰᠢᠵᠦ᠂ ᠬᠠᠯᠠᠭᠤᠨ ᠤ ᠬᠡᠮᠵᠢᠶ᠎ᠡ ᠲᠠᠢ᠂ ᠤᠯᠠᠨ ᠲᠦᠮᠡᠨ ᠲᠠᠢ ᠤᠢᠢᠷᠠᠳᠤᠭᠰᠠᠨ ᠭᠠᠳᠠᠭᠠᠳᠤ ᠤᠬᠠᠭᠤᠯᠭ᠎ᠠ ᠶᠢᠨ ᠪᠣᠷᠣ ᠮᠠᠲ᠋ᠧᠷᠢᠶᠠᠯ ᠪᠣᠯᠤᠨ ᠦᠯᠢᠭᠡᠷ ᠢ ᠠᠭᠤᠳᠠᠯᠬᠤ ᠶᠢ ᠴᠢᠬᠤᠯᠠᠴᠢᠯᠠᠵᠤ᠂ ᠤᠯᠠᠨ ᠲᠡᠰ ᠳᠠᠪᠬᠤᠷᠭ᠎ᠠ᠂ ᠤᠯᠠᠨ ᠲᠠᠯ᠎ᠠ ᠠᠴᠠ ᠰᠢᠩ ᠡᡁᠧ ᠶᠢᠨ ᠦᠯᠢᠭᠡᠷ ᠢ ᠰᠠᠶᠢᠲᠤᠷ ᠶᠠᠷᠢᠵᠤ᠂ ᠮᠠᠨ ᠤ ᠰᠢᠶᠠᠨ ᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠴᠢᠬᠤᠯᠠ ᠶᠡᠭᠡ ᠦᠷ᠎ᠡ ᠪᠦᠲᠦᠭᠡᠯ ᠢ ᠤᠬᠠᠭᠤᠯᠵᠤ᠂ ᠨᠡᠩ ᠤᠯᠠᠨ ᠬᠥᠮᠦᠰ ᠲᠤ ᠰᠢᠩ ᠡᡁᠧ ᠶᠢ ᠲᠠᠨᠢᠭᠤᠯᠵᠤ᠂ ᠰᠢᠩ ᠡᡁᠧ ᠶᠢ ᠤᠢᠢᠯᠠᠭᠠᠨ᠂ ᠰᠢᠩ ᠡᡁᠧ ᠶᠢ ᠠᠩᠬᠠᠷᠴᠤ᠂ ᠰᠢᠩ ᠡᡁᠧ ᠶᠢᠨ ᠨᠡᠷ᠎ᠡ ᠠᠯᠳᠠᠷ ᠤᠨ ᠬᠡᠮᠵᠢᠶ᠎ᠡ ᠶᠢ ᠨᠡᠩ ᠰᠠᠶᠢᠲᠤᠷ ᠳᠡᠭᠡᠭᠰᠢᠯᠡᠭᠦᠯᠬᠦ ᠬᠡᠷᠡᠭᠲᠡᠢ ︔ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠤᠯᠠᠨ ᠲᠦᠮᠡᠨ ᠳᠤ ᠨᠡᠩ ᠡᠯᠪᠡᠭ ᠪᠠᠶᠠᠯᠢᠭ ᠤᠶᠤᠨ ᠰᠠᠨᠠᠭᠠᠨ ᠤ ᠰᠢᠮ᠎ᠡ ᠲᠡᠵᠢᠭᠡᠯ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠦᠬᠦ ᠬᠦᠴᠦᠨ ᠢᠶᠠᠷ ᠢᠶᠠᠨ ᠪᠠᠬᠢᠵᠢᠭᠦᠯᠵᠦ᠂ ᠬᠠᠲᠠᠭᠤ ᠬᠡᠷᠡᠭᠰᠡᠯ ᠤᠨ ᠲᠠᠯ᠎ᠠ ᠪᠠᠷ ᠳᠤᠲᠠᠭᠤ ᠶᠢ ᠨᠥᠬᠦᠪᠥᠷᠢᠯᠡᠵᠦ᠂ ᠵᠥᠭᠡᠯᠡᠨ ᠬᠡᠷᠡᠭᠰᠡᠯ ᠤᠨ ᠲᠠᠯ᠎ᠠ ᠪᠠᠷ ᠨᠠᠷᠢᠯᠢᠭ ᠣᠨᠣᠪᠴᠢᠲᠠᠢ ᠪᠠᠶᠢᠵᠤ᠂ ᠵᠠᠩ ᠳᠠᠳᠬᠠᠯ ᠢ ᠥᠭᠡᠷᠡᠴᠢᠯᠡᠬᠦ ᠶᠢ ᠭᠦᠨᠵᠡᠭᠡᠢ ᠠᠬᠢᠭᠤᠯᠵᠤ᠂ ᠪᠦᠬᠦ ᠨᠡᠶᠢᠭᠡᠮ ᠳᠤ ᠪᠣᠯᠪᠠᠰᠤᠨ ᠰᠢᠨ᠎ᠡ ᠬᠡᠪ ᠰᠤᠷᠲᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠭᠠᠵᠠᠷ ︵ᠦᠷᠳᠡᠭᠡ︶ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠪᠦᠬᠦ ᠣᠷᠣᠨ ᠪᠦᠰᠡᠴᠢᠯᠡᠭᠰᠡᠨ᠂ ᠪᠠᠶᠢᠩᠭᠤᠵᠢᠭᠰᠠᠨ᠂ ᠬᠡᠷᠡᠭᠯᠡᠭᠡᠨ ᠤ ᠴᠢᠨᠠᠷ᠂ ᠨᠡᠶᠢᠭᠡᠮᠴᠢ ᠴᠢᠨᠠᠷ ᠢ ᠲᠤᠪᠤᠶᠢᠯᠭᠠᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠳᠤ ᠢᠳᠡᠪᠬᠢᠲᠡᠢ ᠣᠷᠣᠯᠴᠠᠬᠤ ᠶᠢ ᠲᠠᠶᠢᠴᠢᠯᠠᠨ ᠵᠣᠷᠢᠭᠵᠢᠭᠤᠯᠵᠤ᠂ ᠪᠣᠯᠪᠠᠰᠤᠨ ᠤ ᠪᠠᠶᠢᠭᠤᠯᠤᠯᠲᠠ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠨᠡᠶᠢᠲᠡᠯᠢᠭ ᠵᠢᠱᠢᠶ᠎ᠡ ᠶᠢᠨ ᠲᠤᠬᠠᠶ ᠤᠬᠠᠭᠤᠯᠭ᠎ᠠ ᠶᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠶ︔ ᠰᠢᠨ᠎ᠡ ᠶᠢ ᠡᠭᠦᠳᠦᠨ ᠪᠦᠲᠦᠭᠡᠬᠦ ᠪᠠᠷ ᠬᠦᠴᠦᠯᠡᠨ ᠴᠢᠷᠮᠠᠶᠢᠵᠤ᠂ ᠰᠣᠶᠣᠯ ᠤᠨ ᠦᠢᠯᠡᠰ ᠪᠣᠯᠤᠨ ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠪᠦᠬᠦ ᠬᠦᠴᠦᠨ ᠢᠶᠠᠷ ᠢᠶᠠᠨ ᠵᠣᠬᠢᠶᠠᠨ ᠪᠦᠲᠦᠭᠡᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠥᠷᠨᠢᠭᠦᠯᠵᠦ᠂ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠪᠦᠬᠦ ᠰᠢᠶᠠᠨ ᠤ ᠰᠣᠶᠣᠯ ᠤᠨ ᠵᠥᠭᠡᠯᠡᠨ ᠪᠣᠳᠠᠲᠤ ᠬᠦᠴᠦᠨ ᠪᠣᠯᠤᠨ ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃      ᠸᠠᠩ ᠬᠤᠢ ᠢᠦᠢ ᠱᠠᠭᠠᠷᠳᠠᠭᠰᠠᠨ ᠨᠢ᠂ ᠨᠠᠮ ᠤᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠪᠦᠬᠦ ᠰᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠬᠤ ᠬᠡᠷᠡᠭᠲᠡᠢ᠃ ᠤᠯᠤᠰ ᠲᠦᠷᠦ ᠶᠢ ᠡᠷᠬᠢᠮᠯᠡᠬᠦ ᠶᠢ ᠲᠡᠷᠢᠭᠦᠨ ᠴᠢᠬᠤᠯᠠ ᠱᠠᠭᠠᠷᠳᠠᠯᠭ᠎ᠠ ᠪᠣᠯᠭᠠᠵᠤ᠂ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠪᠠ ᠤᠯᠤᠰ ᠲᠦᠷᠦ ᠶᠢᠨ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠢᠮᠠᠭᠲᠠ ᠵᠥᠪ ᠣᠨᠣᠪᠴᠢᠲᠠᠶ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠶ︔ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠯᠤᠰ ᠲᠦᠷᠦ ᠶᠢᠨ ᠬᠠᠷᠢᠭᠤᠴᠠᠯᠭ᠎ᠠ ᠪᠠ ᠤᠳᠤᠷᠢᠳᠬᠤ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠭᠤᠣᠯ ᠬᠠᠷᠢᠭᠤᠴᠠᠯᠭᠠᠲᠠᠨ ᠨᠥᠬᠦᠳ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠪᠦᠬᠦ ᠲᠠᠯ᠎ᠠ ᠶᠢᠨ ᠠᠵᠢᠯ ᠤᠨ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠢ︔ ᠴᠠᠭᠠᠷᠠᠭᠰᠠᠨ ᠡᠩᠨᠡᠭᠡ ᠶᠢ ᠪᠠᠶᠢᠭᠤᠯᠵᠤ᠂ ᠪᠦᠬᠦ ᠰᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠹᠷᠣᠨᠲ ᠤᠨ ︽ᠬᠦᠯ ᠤᠨ ᠴᠢᠳᠠᠪᠤᠷᠢ᠂ ᠨᠢᠳᠦ᠂ ᠲᠠᠷᠢᠬᠢ᠂ ᠪᠢᠷ ᠤᠨ ᠴᠢᠳᠠᠪᠤᠷᠢ︾ ᠶᠢ ᠳᠡᠭᠡᠭᠰᠢᠯᠡᠭᠦᠯᠬᠦ ᠶᠢ ᠠᠩᠬᠠᠷᠴᠤ᠂ ᠲᠠᠰᠤᠷᠠᠯᠲᠠ ᠦᠭᠡᠢ ᠰᠢᠨ᠎ᠡ ᠮᠡᠳᠡᠯᠭᠡ ᠶᠢ ᠰᠤᠷᠤᠯᠴᠠᠵᠤ᠂ ᠰᠢᠨ᠎ᠡ ᠬᠠᠷᠠᠭ᠎ᠠ ᠪᠠᠨ ᠥᠷᠭᠡᠳᠬᠡᠵᠦ᠂ ᠰᠢᠨ᠎ᠡ ᠬᠦᠷᠢᠶ᠎ᠡ ᠶᠢ ᠣᠶᠢᠯᠠᠭᠠᠵᠤ᠂ ᠰᠢᠨ᠎ᠡ ᠤᠷ᠎ᠠ ᠴᠢᠳᠠᠪᠤᠷᠢ ᠶᠢ ᠡᠵᠡᠮᠰᠢᠵᠦ᠂ ᠴᠢᠳᠠᠪᠤᠷᠢ ᠬᠡᠪ ᠴᠢᠨᠠᠷ ᠤᠨ ᠶᠡᠭᠡ ᠳᠡᠭᠡᠭᠰᠢᠯᠡᠯᠲᠡ ᠪᠠᠷ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ︔ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠤᠬᠠᠭᠤᠯᠬᠤ ᠰᠠᠯᠠᠭ᠎ᠠ ᠮᠥᠴᠢᠷ ᠤᠨ ᠬᠢᠨ ᠤᠢᠢᠯᠠᠭᠠᠭᠳᠠᠬᠤᠨ ᠤ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠠᠬᠢᠭᠤᠯᠵᠤ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠠᠳᠠᠷᠠᠭᠤᠯᠵᠤ᠂ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠤᠯᠠᠨ ᠲᠦᠮᠡᠨ ᠲᠠᠢ ᠨᠡᠩ ᠰᠠᠶᠢᠨ ᠣᠶᠢᠷᠠᠲᠤᠭᠤᠯᠵᠤ᠂ ᠤᠯᠠᠨ ᠲᠦᠮᠡᠨ ᠤ ᠬᠦᠷᠢᠶᠡᠯᠡᠯ ᠢ ᠣᠯᠵᠤ᠂ ᠶᠡᠭᠡ ᠤᠬᠠᠭᠤᠯᠭ᠎ᠠ᠂ ᠶᠡᠭᠡ ᠰᠣᠶᠣᠯ᠂ ᠶᠡᠭᠡ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢ ᠦᠨᠡᠨᠬᠦ ᠪᠤᠢ ᠪᠣᠯᠭᠠᠬᠤ ᠬᠡᠷᠡᠭᠲᠡᠢ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠬᠠᠢ ᠵᠢᠶᠦ᠋ᠨ 2021 ᠣᠨ ᠤ ᠪᠦᠬᠦ ᠰᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠭᠰᠡᠨ ᠪᠥᠭᠡᠳ 2022 ᠣᠨ ᠤ ᠪᠦᠬᠦ ᠰᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠠᠢ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠸᠠᠩ ᠰᠢᠶᠤᠤ ᠵᠢᠶᠦ᠋ᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠢᠶ ᠰᠢᠶᠤᠤ ᠬᠤᠶ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠬᠤᠶ ᠵᠢᠤᠢ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠶ ᠵᠢᠶᠦ᠋ᠨ︔ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠢ ᠶᠢᠨ ᠬᠠᠷᠢᠭᠤᠴᠠᠯᠭᠠᠲᠠᠨ︔ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠤᠳᠤᠷᠢᠳᠬᠤ ᠪᠠᠭ ᠤᠨ ᠪᠦᠷᠢᠯᠳᠦᠬᠦᠨ︔ ᠡᠯ᠎ᠡ ᠠᠵᠤ ᠠᠬᠤᠶᠢᠯᠠᠯ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃                            ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                            ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                            ᠤᠷᠴᠢᠭᠤᠯᠤᠭᠴᠢ᠄ ᠨᠠᠷᠠᠰᠤ                            ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3