ᠰᠢᠶᠠᠨ ᠤ ᠵᠠᠰᠠᠭ ᠤᠨ ᠣᠷᠳᠣᠨ 2022 ᠣᠨ ᠤ 8 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/1
     3 ᠰᠠᠷ᠎ᠠ ᠶᠢᠨ 30 ᠤ ᠡᠳᠦᠷ᠂ ᠰᠢᠶᠠᠨ ᠤ ᠵᠠᠰᠠᠭ ᠤᠨ ᠣᠷᠳᠣᠨ 2022 ᠣᠨ ᠤ 8 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠾᠧ ᠶᠢᠩ ᠽᠢ ᠬᠤᠷᠠᠯ ᠡᠷᠭᠢᠯᠡᠪᠡ᠃
     ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠪᠣᠯᠭᠠᠬᠤ ᠶᠢ ᠠᠬᠢᠭᠤᠯᠬᠤ ᠲᠤᠬᠠᠶ ᠰᠠᠨᠠᠯ︾ ︔ ︽ᠪᠦᠬᠦ ᠨᠠᠮ ᠤᠨ ᠳᠣᠲᠣᠷ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠳ᠋ᠦᠩᠨᠡᠯᠲᠡ ᠶᠢᠨ ᠮᠡᠳᠡᠭᠦᠯᠦᠯᠲᠡ︾ ᠶᠢ ᠳᠠᠷᠤᠮᠠᠯᠯᠠᠨ ᠲᠠᠷᠬᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠮᠡᠳᠡᠭᠳᠡᠯ︔ ᠲᠥᠪ ᠤᠨ ᠭᠤᠷᠪᠠᠳᠤᠭᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠶᠢᠴᠢᠯᠠᠯᠳᠠ ᠶᠢᠨ ᠬᠤᠷᠠᠯ ᠤᠨ ᠵᠤᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ 3 ᠰᠠᠷ᠎ᠠ ᠶᠢᠨ 17 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠂ ᠶᠡᠷᠦᠩᠬᠡᠶ ᠱᠦᠵᠢ ᠰᠢ ᠶᠢᠨ ᠫᠢᠩ᠂ ᠶᠡᠷᠦᠩᠬᠡᠶ ᠰᠠᠶᠢᠳ ᠯᠢ ᠺᠧ ᠴᠢᠶᠠᠩ ᠳ᠋ᠦᠩ ᠹᠠᠩ ᠠᠭᠠᠷ ᠤᠨ ᠠᠶᠠᠯᠠᠯ ᠤᠨ ᠺᠣᠮᠫᠠᠨᠢ ᠶᠢᠨ ᠠᠶᠠᠨᠴᠢᠨ ᠤ ᠨᠢᠰᠬᠡᠯ ᠤᠨᠠᠵᠤ ᠰᠦᠢᠷᠡᠭᠰᠡᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠭᠠᠷᠭᠠᠭᠰᠠᠨ᠂ ᠱᠢ ᠲᠠᠢ ᠹᠧᠩ ᠱᠦᠵᠢ 3 ᠰᠠᠷ᠎ᠠ ᠶᠢᠨ 14 ᠤ ᠡᠳᠦᠷ ᠥᠪᠡᠷᠲᠡᠭᠡᠨ ᠵᠠᠰᠠᠬᠤ ᠣᠷᠣᠨ ᠤ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠬᠤ ᠺᠠᠳ᠋ᠷᠴᠤᠳ ᠤᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ︔ ᠱᠢ ᠲᠠᠢ ᠹᠧᠩ ᠱᠦᠵᠢ᠂ ᠸᠠᠩ ᠯᠢ ᠰᠢᠶᠠ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠰᠢᠨ᠎ᠡ ᠴᠠᠭ ᠦᠶ᠎ᠡ ᠳᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠮᠡᠳᠡᠭᠳᠡᠯ ᠢ ᠤᠯᠠᠮᠵᠢᠯᠠᠨ ᠰᠤᠷᠤᠯᠴᠠᠪᠠ᠃      ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ᠂ ᠬᠤᠷᠠᠯ ᠠᠴᠠ ᠵᠢᠭᠠᠵᠤ ᠭᠠᠷᠭᠠᠭᠰᠠᠨ ᠨᠢ᠂ ᠣᠨᠣᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠬᠤ ᠬᠡᠷᠡᠭᠲᠡᠶ᠃ ᠪᠣᠳᠠᠲᠠᠶ ᠶᠢ ᠡᠷᠬᠢᠮᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠬᠥᠮᠦᠵᠢᠯ ᠤᠨ ᠡᠳᠦᠷ ᠲᠤᠲᠤᠮ ᠤᠨ ᠡᠨᠡ ᠨᠢ ᠠᠵᠢᠯ ᠶᠠᠪᠤᠳᠠᠯ ᠬᠢᠵᠦ ᠠᠳᠠᠯ ᠦᠢᠯᠡᠰ ᠴᠣᠭᠴᠠᠯᠠᠬᠤ ᠶᠢᠨ ᠡᠩ ᠤᠨ ᠪᠠᠶᠢᠳᠠᠯ ᠳᠤ ᠢᠯᠡᠷᠡᠵᠦ᠂ ᠬᠥᠮᠦᠨ ᠲᠠᠢ ᠠᠭᠤᠯᠵᠠᠵᠤ ᠤᠴᠢᠷ ᠶᠠᠪᠤᠳᠠᠯ ᠢ ᠦᠵᠡᠬᠦ ᠵᠣᠷᠢᠭ ᠰᠠᠨᠠᠭ᠎ᠠ ᠲᠠᠢ ᠪᠠᠶᠢᠬᠤ ᠬᠡᠷᠡᠭᠲᠡᠶ᠂ ᠤᠯᠠᠨ ᠲᠦᠮᠡᠨ ᠲᠠᠢ ᠬᠠᠷᠢᠯᠴᠠᠬᠤ ᠳᠤᠮᠳᠠ ᠨᠠᠮ ᠤᠨ ᠲᠡᠦᠬᠡ ᠶᠢᠨ ᠤᠶᠤᠨ ᠤᠬᠠᠭᠠᠨ ᠢ ᠦᠷᠭᠦᠯᠵᠢ ᠰᠡᠳᠬᠢᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠨᠠᠮ ᠤᠨ ᠲᠡᠦᠬᠡ ᠶᠢᠨ ᠰᠡᠳᠬᠢᠬᠦᠢ ᠶᠢ ᠦᠷᠭᠦᠯᠵᠢ ᠰᠡᠳᠬᠢᠵᠦ᠂ ᠪᠣᠳᠠᠲᠠᠢ ᠬᠦᠴᠢᠷ ᠠᠰᠠᠭᠤᠳᠠᠯ ᠢ ᠰᠢᠢᠳᠪᠦᠷᠢᠯᠡᠬᠦ ᠳᠤᠮᠳᠠ ᠨᠠᠮ ᠤᠨ ᠲᠡᠦᠬᠡ ᠶᠢᠨ ᠠᠷᠭ᠎ᠠ ᠶᠢ ᠦᠷᠭᠦᠯᠵᠢ ᠰᠡᠳᠬᠢᠳᠡᠭ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠵᠢᠯ ᠬᠢᠵᠦ ᠦᠢᠯᠡᠰ ᠪᠤᠰᠬᠠᠬᠤ ᠪᠦᠬᠦ ᠶᠠᠪᠤᠴᠠ ᠳᠤ ᠲᠤᠤᠱᠯᠠᠭᠤᠯᠵᠤ᠂ ᠨᠠᠮ ᠤᠨ ᠲᠡᠦᠬᠡ ᠠᠴᠠ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠭ᠋ᠤ ᠤᠶᠤᠨ ᠤᠬᠠᠭᠠᠨ ᠪᠠ ᠬᠦᠴᠦᠨ ᠴᠢᠳᠠᠯ ᠢ ᠲᠠᠰᠤᠷᠠᠯᠲᠠ ᠦᠭᠡᠢ ᠰᠢᠩᠭᠡᠭᠡᠨ ᠠᠪᠴᠤ᠂ ᠤᠯᠠᠨ ᠲᠦᠮᠡᠨ ᠤ ᠰᠡᠳᠬᠢᠯ ᠵᠣᠪᠠᠭ᠋ᠤ ᠶᠠᠪᠤᠳᠠᠯ᠂ ᠰᠡᠳᠬᠢᠯ ᠵᠣᠪᠠᠭ᠋ᠤ ᠶᠠᠪᠤᠳᠠᠯ᠂ ᠰᠡᠳᠬᠢᠯ ᠵᠣᠪᠠᠭ᠋ᠤ ᠶᠠᠪᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠬᠦ ᠬᠡᠷᠡᠭᠲᠡᠢ᠃      ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠠᠯ᠎ᠠ ᠪᠠᠷ ᠬᠤᠷᠠᠯ ᠠᠴᠠ ᠴᠢᠬᠤᠯᠠᠴᠢᠯᠠᠭᠰᠠᠨ ᠨᠢ᠂ ᠮᠢᠨᠴᠦᠭᠦᠷᠡᠬᠦ ᠦᠵᠡᠯ ᠰᠠᠨᠠᠭ᠎ᠠ᠂ ᠳᠠᠶᠢᠨ ᠠᠴᠠ ᠬᠠᠯᠠᠰᠢᠷᠠᠬᠤ ᠰᠡᠳᠬᠢᠯᠭᠡ᠂ ᠠᠵᠠ ᠵᠠᠪᠰᠢᠶᠠᠨ ᠢᠶᠠᠷ ᠭᠤᠷᠢᠳᠠᠬᠤ ᠰᠡᠳᠬᠢᠯᠭᠡ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠴᠠᠭ ᠢᠮᠠᠭᠲᠠ ︽ᠴᠢᠩᠭ᠎ᠠ᠂ ᠨᠢᠮᠪᠠᠢ᠂ ᠪᠣᠳᠠᠲᠠᠶ︾ ᠪᠠᠶᠢᠳᠠᠯ ᠢ ᠪᠠᠷᠢᠮᠲᠠᠯᠠᠵᠤ᠂ ᠰᠡᠷᠭᠡᠶᠢᠯᠡᠨ ᠡᠵᠡᠮᠳᠡᠬᠦ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠬᠤᠷᠢᠭᠯᠠᠵᠤ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠬᠠᠲᠠᠭᠤ ᠰᠤᠷᠲᠠᠯ ᠢᠶᠠᠷ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ᠂ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠦᠭᠡᠢ᠂ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ ᠶᠢ ᠨᠢ ᠣᠯᠵᠤ ᠮᠡᠳᠡᠪᠡᠯ ᠳᠠᠷᠤᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠵᠢᠯ ᠳᠠᠭᠠᠨ ᠬᠠᠷᠢᠭᠤᠴᠠᠯᠭ᠎ᠠ ᠪᠠᠨ ᠠᠯᠳᠠᠭᠰᠠᠨ ᠠᠴᠠ ᠪᠤᠯᠵᠤ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠠᠶᠢᠪᠠᠯ ᠴᠢᠩᠭ᠎ᠠ ᠪᠥᠭᠡᠳ ᠲᠦᠷᠭᠡᠨ ᠢᠶᠠᠷ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃      ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠲᠤᠬᠠᠢ ᠬᠤᠷᠠᠯ ᠠᠴᠠ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠤᠨᠤᠯ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠪᠠᠬᠢᠵᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠪᠣᠯᠪᠠᠰᠤᠨ ᠬᠤᠳᠠ ᠶᠢᠨ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠨᠡᠶᠢᠭᠡᠮ ᠤᠨ ᠬᠡᠪ ᠰᠤᠷᠲᠠᠯ ᠪᠠ ᠶᠣᠰᠣ ᠮᠣᠷᠠᠯ ᠬᠡᠪ ᠰᠤᠷᠲᠠᠯ ᠤᠨ ᠬᠤᠳᠠ ᠶᠢ ᠴᠢᠷᠮᠠᠶᠢᠨ ᠪᠠᠶᠢᠭᠤᠯᠤᠨ᠎ᠠ᠃ ᠮᠠᠨ ᠤ ᠰᠢᠶᠠᠨ ᠤ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠨᠠᠮ ᠤᠨ ᠲᠡᠦᠬᠡ ᠪᠠᠷ ᠭᠤᠣᠯᠳᠠᠯᠭ᠎ᠠ ᠪᠣᠯᠭᠠᠭᠰᠠᠨ ︽ᠲᠦᠷᠪᠡᠨ ᠲᠡᠦᠬᠡ︾ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠠᠬᠢᠭᠤᠯᠬᠤ ᠬᠡᠷᠡᠭᠲᠡᠢ᠃ ᠰᠦᠯᠵᠢᠶᠡᠨ ᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠨ᠎ᠠ᠃ ᠤᠷᠠᠨ ᠰᠠᠶᠢᠬᠠᠨ ᠤ ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠤᠳᠬ᠎ᠠ ᠤᠷᠠᠯᠢᠭ ᠤᠨ ᠰᠠᠶᠢᠨ ᠰᠠᠶᠢᠬᠠᠨ ᠠᠮᠢ ᠠᠬᠤᠶ ᠶᠢ ᠪᠤᠢ ᠪᠣᠯᠭᠠᠨ᠎ᠠ᠃ ᠡᠯ᠎ᠡ ᠲᠥᠷᠥᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠤᠶᠢᠵᠢᠭᠤᠯᠬᠤ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ‌‍ᠶᠢᠨ ᠲᠥᠪ ︵ᠭᠠᠵᠠᠷ᠂ ᠥᠷᠲᠡᠭᠡ︶ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ ᠶᠣᠰᠣ ᠰᠤᠷᠲᠠᠬᠤᠨ ᠢ ᠡᠷᠬᠢᠮᠯᠡᠨ ᠰᠠᠶᠢᠮᠰᠤᠷᠠᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢ ᠠᠬᠢᠭᠤᠯᠤᠨ᠎ᠠ᠃      ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠢ ᠬᠤᠷᠠᠯ ᠠᠴᠠ᠂ ᠲᠥᠪ ᠤᠨ ᠭᠤᠷᠪᠠᠳᠤᠭᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠶᠢᠴᠢᠯᠠᠯᠳᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠨᠠᠮ ᠤᠨ ᠲᠥᠪ  ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠱᠠᠯᠠᠪᠳᠠᠭᠤᠯᠤᠨ ᠪᠠᠶᠢᠴᠠᠭᠠᠵᠤ ᠬᠠᠮᠵᠢᠯᠴᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠣᠷᠣᠵᠤ ᠰᠠᠭᠤᠬᠤ ᠠᠵᠢᠯ ᠤᠨ ᠲᠣᠬᠢᠷᠠᠭᠤᠯᠤᠯᠲᠠ ᠶᠢ ᠡᠷᠡᠰ ᠵᠢᠷᠤᠮᠯᠠᠨ᠂ ᠪᠠᠶᠢᠳᠠᠯ ᠢ ᠲᠠᠨᠢᠯᠴᠠᠭᠤᠯᠬᠤ᠂ ᠮᠠᠲ᠋ᠧᠷᠢᠶᠠᠯ ᠬᠠᠩᠭᠠᠬᠤ᠂ ᠵᠣᠬᠢᠴᠠᠭᠤᠯᠤᠨ ᠪᠠᠲᠤᠯᠠᠬᠤ᠂ ᠰᠢᠪᠠᠳᠠᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ᠂ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠠᠵᠢᠯ ᠢ ᠰᠠᠶᠢᠲᠤᠷ ᠬᠢᠵᠦ᠂ ᠰᠢᠪᠠᠳᠠᠨ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠠᠭᠢᠵᠤ᠂ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠬᠦᠯᠢᠶᠡᠬᠦ ᠪᠠᠷ ᠠᠵᠠ ᠲᠣᠬᠢᠶᠠᠯ ᠪᠣᠯᠭᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃      ᠠᠶᠤᠯᠭᠦᠶ ᠦᠢᠯᠡᠳᠪᠦᠷᠢᠯᠡᠯ ᠤᠨ ᠲᠠᠯ᠎ᠠ ᠪᠠᠷ᠂ ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠠᠮᠤᠷ ᠲᠦᠪᠰᠢᠨ ᠤ ᠠᠵᠢᠯ ᠤᠨ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠤᠳᠤᠷᠢᠳᠤᠯᠭ᠎ᠠ ᠶᠢᠨ ᠭᠠᠷᠭᠠᠭᠰᠠᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ  ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠳᠲᠡᠷ ᠲᠦᠷᠭᠡᠨ ᠨᠢᠭᠡᠳᠬᠡᠵᠦ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ︾ ᠢ ᠪᠠᠲᠤ ᠪᠤᠢ ᠪᠣᠯᠭᠠᠵᠤ᠂ ︽ᠬᠤᠶᠠᠷ ᠢ ᠬᠠᠮᠠᠭᠠᠯᠠᠬᠤ︾ ᠤᠯᠤᠰ ᠲᠦᠷᠦ ᠶᠢᠨ ᠤᠬᠠᠮᠰᠠᠷ ᠢᠶᠠᠷ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠲᠠᠨᠢᠯᠲᠠ ᠪᠠᠨ ᠦᠨᠡᠨ ᠬᠦ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠠᠶᠤᠯ ᠶᠡᠬᠡᠲᠡᠢ ᠠᠵᠢᠯ ᠲᠦᠷᠦᠯ᠂ ᠭᠠᠯ ᠤᠨᠲᠠᠷᠠᠭᠠᠬᠤ᠂ ᠤᠢ ᠰᠢᠭᠤᠢ ᠶᠢᠨ ᠰᠡᠷᠭᠡᠶᠢᠯᠡᠨ ᠭᠠᠯ ᠤᠨᠲᠠᠷᠠᠭᠠᠬᠤ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢ ᠭᠤᠣᠯᠳᠠᠯᠭ᠎ᠠ ᠲᠠᠢ ᠴᠢᠩᠭᠠᠳᠬᠠᠵᠤ᠂ ᠠᠳᠡᠯ ᠠᠮᠠᠷᠬᠠᠨ ᠭᠠᠷᠬᠤ ᠠᠶᠤᠯ ᠲᠦᠭᠰᠢᠭᠦᠷᠢ ᠶᠡᠬᠡᠲᠡᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ᠂ ᠬᠠᠷᠢᠭᠤᠴᠠᠯᠭ᠎ᠠ ᠲᠣᠳᠣᠷᠬᠠᠢ᠂ ᠠᠷᠭ᠎ᠠ ᠬᠡᠮᠵᠢᠶ᠎ᠡ ᠪᠣᠳᠠᠲᠠᠢ ᠪᠠᠶᠢᠬᠤ ᠬᠡᠷᠡᠭᠲᠡᠢ᠃ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠡᠳᠦᠷ ᠳᠤᠳᠤᠮ ᠤᠨ ᠬᠢᠨᠠᠯᠲᠠ ᠬᠠᠮᠢᠶᠠᠷᠤᠯᠲᠠ ᠪᠣᠯᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ᠂ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠵᠡᠷᠭᠡ ᠳᠦᠷᠪᠡᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠵᠠᠰᠠᠯᠲᠠ ᠶᠢᠨ ᠴᠢᠳᠠᠪᠤᠷᠢ ᠪᠣᠯᠤᠨ ᠲᠦᠪᠰᠢᠨ ᠢ ᠰᠢᠰᠲ᠋ᠧᠮ ᠲᠠᠢ ᠳᠡᠭᠡᠭᠰᠢᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠴᠢᠩᠭ᠎ᠠ ᠪᠥᠭᠡᠳ ᠪᠣᠳᠠᠲᠠᠢ ᠪᠠᠷ ᠬᠢᠨᠠᠨ ᠵᠢᠯᠣᠭᠤᠳᠴᠤ᠂ ᠦᠨᠡᠨ ᠪᠣᠳᠠᠲᠠᠢ ᠠᠵᠢᠯᠯᠠᠨ ᠬᠠᠷᠢᠭᠤᠴᠠᠯᠭ᠎ᠠ ᠶᠢ ᠨᠡᠬᠡᠮᠵᠢᠯᠡᠵᠦ᠂ ᠴᠢᠩᠭ᠎ᠠ ᠪᠣᠳᠠᠲᠠᠢ ᠰᠤᠷᠲᠠᠯ ᠢᠶᠠᠷ ᠡᠯ᠎ᠡ ᠵᠦᠢᠯ ᠤᠨ ᠡᠭᠦᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠪᠦᠬᠦ ᠰᠢᠶᠠᠨ ᠤ ᠴᠢᠬᠤᠯᠠ ᠶᠡᠭᠡ ᠲᠦᠷᠦᠯ ᠵᠦᠢᠯ᠂ ᠡᠩ ᠤᠨ ᠲᠦᠷᠦᠯ ᠵᠦᠢᠯ᠂ ᠪᠠᠶᠢᠭᠤᠯᠬᠤ ᠪᠠᠷ ᠪᠠᠶᠢᠭ᠎ᠠ ᠲᠦᠷᠦᠯ ᠵᠦᠢᠯ ᠢ ᠠᠬᠢᠭᠤᠯᠤᠭᠰᠠᠨ ᠪᠠᠶᠢᠳᠠᠯ᠂ ᠭᠠᠵᠠᠷ ᠰᠢᠷᠣᠢ ᠶᠢ ᠮᠡᠳᠡᠭᠦᠯᠦᠨ ᠵᠥᠪᠰᠢᠶᠡᠷᠡᠭᠦᠯᠬᠦ ᠵᠡᠷᠭᠡ ᠶᠠᠪᠤᠳᠠᠯ ᠢ ᠰᠤᠳᠤᠯᠤᠨ ᠳᠤᠬᠢᠷᠠᠭᠤᠯᠵᠠᠢ᠃      ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ ᠬᠤᠷᠠᠯ ᠳᠤ ᠣᠷᠣᠯᠴᠠᠵᠤ᠂ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠤ ᠂ ᠤᠬᠠᠭᠤᠯᠬᠤ ᠬᠡᠯᠲᠡᠰ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3