ᠡᠷᠳᠡᠨᠢ ᠪᠠᠯᠭᠠᠰᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠢᠴᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/1
     3 ᠳ᠋ᠤᠭᠠᠷ ᠰᠠᠷ᠎ᠠ ᠶᠢᠨ 30 ᠤ ᠡᠳᠦᠷ᠂ ᠡᠷᠳᠡᠨᠢ ᠪᠠᠯᠭᠠᠰᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠢᠴᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠲᠤᠰ ᠤᠳᠠᠭ᠎ᠠ ᠶᠢᠨ ᠬᠤᠷᠠᠯ ᠳᠤ ᠣᠷᠣᠯᠴᠠᠪᠠ᠃
   ᠬᠤᠷᠠᠯ ᠠᠴᠠ ᠪᠦᠬᠦ ᠪᠠᠯᠭᠠᠰᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠵᠢᠴᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠬᠠᠮᠢᠶ᠎ᠠ ᠪᠦᠬᠦᠢ ᠲᠥᠰᠦᠯ ᠢ ᠪᠠᠲᠤᠯᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠷᠢᠮᠲᠠᠯᠠᠨ᠂ ᠤᠢ ᠰᠢᠭᠤᠶ ᠶᠢᠨ ᠲᠦᠢᠮᠡᠷ ᠢ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠦᠵᠡᠯ ᠰᠠᠨᠠᠭᠠᠨ ᠤ ᠲᠠᠯ᠎ᠠ ᠪᠠᠷ ᠥᠴᠦᠬᠡᠨ ᠲᠡᠳᠦᠶ ᠴᠦ ᠰᠤᠯᠠᠷᠠᠭᠤᠯᠵᠤ ᠪᠣᠯᠬᠤ ᠦᠭᠡᠢ᠂ ᠠᠵᠢᠯ ᠤᠨ ᠲᠠᠯ᠎ᠠ ᠪᠠᠷ ᠥᠴᠦᠬᠡᠨ ᠲᠡᠳᠦᠶ ᠴᠦ ᠣᠷᠬᠢᠭᠳᠠᠭᠤᠯᠵᠤ ᠪᠣᠯᠬᠤ ᠦᠭᠡᠢ᠂ ᠠᠵᠢᠯᠯᠠᠭᠠᠨ ᠤ ᠲᠠᠯ᠎ᠠ ᠪᠠᠷ ᠥᠴᠦᠬᠡᠨ ᠲᠡᠳᠦᠶ ᠴᠦ ᠬᠤᠶᠢᠷᠭᠤᠰᠢᠵᠤ ᠪᠣᠯᠬᠤ ᠦᠭᠡᠢ᠂ ᠦᠨᠡᠨ ᠬᠦ ᠪᠣᠳᠠᠲᠠᠶ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠤᠬᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ ᠡᠯ᠎ᠡ ᠭᠠᠴᠠᠭᠠᠨ ᠤ ᠠᠷᠠᠳ ᠤᠨ ᠵᠥᠪᠯᠡᠯ ᠤᠳ ᠤᠢ ᠰᠢᠭᠤᠶ ᠶᠢ ᠬᠠᠮᠠᠭᠠᠯᠠᠵᠤ ᠭᠠᠯ ᠰᠡᠷᠭᠡᠶᠢᠯᠡᠬᠦ ᠠᠵᠢᠯ ᠤᠨ ᠲᠤᠬᠠᠶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ︽ᠤᠢ ᠰᠢᠭᠤᠶ ᠶᠢ ᠬᠠᠮᠠᠭᠠᠯᠠᠵᠤ ᠭᠠᠯ ᠰᠡᠷᠭᠡᠶᠢᠯᠡᠬᠦ ᠠᠵᠢᠯ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠢ᠃ ᠤᠢ ᠰᠢᠭᠤᠶ ᠶᠢᠨ ᠭᠠᠯ ᠰᠡᠷᠭᠡᠶᠢᠯᠡᠬᠦ ᠶᠢ ᠳᠠᠭᠠᠭᠠᠴᠢᠯᠠᠨ ᠰᠡᠷᠭᠡᠶᠢᠯᠡᠬᠦ ᠬᠠᠷᠢᠭᠤᠴᠠᠯᠭ᠎ᠠ ᠡᠭᠦᠷᠭᠡᠯᠡᠭᠴᠢ ᠶᠢ ᠲᠣᠳᠣᠷᠬᠠᠶᠢᠯᠠᠵᠤ᠂ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠨ᠂ ᠣᠷᠣᠨ ᠪᠦᠰᠡ ᠶᠢ ᠨᠠᠷᠢᠯᠢᠬᠵᠢᠭᠤᠯᠤᠨ᠂ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠩᠰᠢ ᠶᠢᠨ ᠡᠳᠦᠷ ᠪᠣᠯᠬᠤ ᠭᠡᠵᠦ ᠪᠠᠶᠢᠭ᠎ᠠ ᠦᠶ᠎ᠡ ᠳᠤ᠂ ᠣᠩᠭᠤᠨ ᠢ ᠱᠦᠭᠦᠷᠳᠡᠬᠦ ᠲᠠᠬᠢᠯᠭ᠎ᠠ ᠶᠢᠨ ᠭᠠᠯ ᠤᠨ ᠡᠬᠢ ᠶᠡᠭᠡ ᠪᠠᠷ ᠨᠡᠮᠡᠭᠳᠡᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠᠶᠢᠳᠠᠯ ᠬᠠᠷᠢᠴᠠᠩᠭᠤᠶ ᠪᠠᠷ ᠬᠦᠨᠳᠦ ᠨᠣᠴᠢᠲᠠᠶ ᠪᠣᠯᠵᠣ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠲᠦᠢᠯ ᠤᠨ ᠠᠮᠠᠷᠬᠠᠨ ᠡᠭᠦᠰᠭᠡᠳᠡᠭ᠂ ᠡᠯ᠎ᠡ ᠲᠣᠰᠬᠤᠨ ᠤ ᠠᠷᠠᠳ ᠤᠨ ᠵᠥᠪᠯᠡᠯ ᠨᠢ ᠳᠡᠭᠡᠳᠦᠰ ᠤᠨ ᠣᠩᠭᠤᠨ ᠳᠤ ᠭᠠᠷᠤᠭᠰᠠᠨ ᠲᠠᠬᠢᠯᠭ᠎ᠠ ᠶᠢᠨ ᠳᠡᠩᠰᠡᠯᠡᠯᠲᠡ ᠪᠠ ᠲᠠᠬᠢᠯᠭ᠎ᠠ ᠶᠢᠨ ᠭᠠᠯ ᠤᠨ ᠲᠥᠷᠥᠯ ᠢ ᠬᠤᠷᠢᠶᠠᠨ ᠠᠪᠬᠤ ᠠᠵᠢᠯ ᠢ ᠰᠠᠶᠢᠲᠤᠷ ᠬᠢᠬᠦ ᠶᠢᠨ ᠬᠠᠮᠲᠤ ᠡᠯ᠎ᠡ ᠬᠠᠷᠢᠶ᠎ᠠ ᠣᠷᠣᠨ ᠤ ᠬᠢᠨ ᠢ ᠵᠢᠵᠢᠭᠦᠷᠯᠡᠬᠦ ᠲᠦᠷᠢᠮ ᠢ ᠴᠢᠩᠭᠠᠳᠬᠠᠵᠤ᠂ ᠣᠩᠭᠤᠨ ᠤ ᠭᠠᠯ ᠤᠨ ᠡᠬᠢ ᠠᠴᠠ ᠪᠣᠯᠤᠭᠰᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠠᠴᠠ ᠡᠷᠡᠰ ᠵᠠᠶᠢᠯᠠᠰᠬᠢᠬᠦ ᠬᠡᠷᠡᠭᠲᠡᠶ ᠭᠡᠵᠦ ᠱᠠᠭᠠᠷᠳᠠᠪᠠ᠃    ᠬᠤᠷᠠᠯ ᠠᠴᠠ ᠱᠠᠭᠠᠷᠳᠠᠭᠰᠠᠨ ᠨᠢ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠮᠲᠤ ᠶᠢᠨ ᠲᠠᠨᠢᠯᠲᠠ ᠲᠠᠢ ᠪᠣᠯᠵᠣ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠠᠤᠯᠢᠵᠢᠭᠤᠯᠤᠯᠲᠠ᠂ ᠪᠠᠶᠢᠩᠭᠤᠵᠢᠭᠤᠯᠤᠯᠲᠠ ᠶᠢ ᠠᠬᠢᠭᠤᠯᠬᠤ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠶᠢᠯ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ᠂ ᠤᠬᠠᠭᠤᠯᠬᠤ ᠵᠡᠷᠭᠡ ᠪᠦᠲᠦᠮᠵᠢᠲᠡᠢ ᠠᠷᠭ᠎ᠠ ᠬᠡᠯᠪᠡᠷᠢ ᠪᠠᠷ ᠳᠡᠭᠡᠳᠦ ᠱᠠᠲᠤᠨ ᠤ ᠬᠠᠮᠢᠶ᠎ᠠ ᠪᠦᠬᠦᠢ ᠪᠢᠴᠢᠭ ᠮᠠᠲᠧᠷᠢᠶᠠᠯ ᠤᠨ ᠱᠠᠭᠠᠷᠳᠠᠯᠭ᠎ᠠ ᠪᠣᠯᠤᠨ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠦᠨᠳᠦᠰᠦᠨ ᠱᠠᠲᠤᠨ ᠳᠤ ᠤᠯᠠᠮᠵᠢᠯᠠᠵᠤ᠂ ᠠᠶᠢᠯ ᠡᠷᠦᠬᠡ ᠳᠤ ᠤᠯᠠᠮᠵᠢᠯᠠᠬᠤ ᠬᠡᠷᠡᠭᠲᠡᠢ︔ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠨᠡᠶᠢᠲᠡᠯᠡᠭᠰᠡᠨ ᠲᠥᠰᠦᠯ ᠪᠠ ᠬᠡᠷᠡᠭᠵᠢᠭᠦᠯᠬᠦ ᠠᠯᠬᠤᠮ ᠳᠠᠷᠠᠭ᠎ᠠ ᠶᠢ ᠴᠢᠩᠭ᠎ᠠ ᠵᠢᠷᠤᠮᠯᠠᠨ ᠵᠣᠬᠢᠶᠠᠨ ᠪᠠᠶᠢᠭᠤᠯᠵᠤ᠂ ᠠᠬᠢᠭᠤᠯᠵᠤ᠂ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠤᠨ᠂ ᠪᠥᠬᠦ ᠲᠠᠯ᠎ᠠ ᠪᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠡᠷᠡᠭᠵᠢᠭᠦᠯᠬᠦ ᠬᠡᠷᠡᠭᠲᠡᠶ    ᠬᠤᠷᠠᠯ ᠤᠨ ᠲᠠᠷᠠᠭ᠎ᠠ᠂ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠠᠵᠢᠯ ᠢ ᠳᠠᠭᠠᠭᠠᠴᠢᠯᠠᠭᠰᠠᠨ ᠬᠠᠷᠢᠭᠤᠴᠠᠯᠭᠠᠲᠠᠨ ᠨᠢ ᠲᠣᠰᠬᠤᠨ ᠤ ᠠᠷᠠᠳ ᠤᠨ ᠵᠥᠪᠯᠡᠯ ᠤᠨ ᠬᠠᠷᠢᠭᠤᠴᠠᠯᠭᠠᠲᠠᠨ ᠲᠠᠢ ︽ᠤᠷᠲᠤᠨ ᠪᠠᠯᠭᠠᠰᠤ ᠶᠢᠨ 2022 ᠣᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠠᠮᠠᠯᠠᠯᠲᠠ ᠶᠢᠨ ᠪᠢᠴᠢᠭ︾ ᠲᠣᠭᠲᠠᠵᠤ᠂ ᠲᠣᠰᠬᠤᠨ ᠤ ᠠᠷᠠᠳ ᠤᠨ ᠵᠥᠪᠯᠡᠯ ᠨᠢ ᠲᠣᠰᠬᠤᠨ ᠤ ᠠᠷᠠᠳ ᠲᠠᠢ ︽ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠠᠮᠠᠯᠠᠯᠲᠠ ᠶᠢᠨ ᠪᠢᠴᠢᠭ︾ ᠲᠣᠭᠲᠠᠵᠠᠢ᠃               ᠵᠤᠬᠢᠶᠠᠭᠴᠢ᠄ ᠡᠷᠳᠡᠨᠢ ᠪᠠᠯᠭᠠᠰᠤ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3