ᠰᠢᠩ ᠾᠧ ᠰᠢᠶᠠᠨ ᠤ ᠰᠢᠩ ᠱᠧᠩ ᠵᠤᠸᠠᠩ ᠲᠣᠰᠬᠤᠨ ᠠᠮᠢ ᠠᠬᠤᠢ ᠶᠢᠨ ᠬᠤᠭᠤᠯᠠ ᠢᠳᠡᠵᠦ᠂ ᠦᠬᠡᠷ ᠤᠨ ᠠᠵᠢᠯ ᠬᠢᠵᠦ᠂ ᠠᠵᠤ ᠠᠬᠤᠢ ᠶᠢᠨ ᠨᠣᠮ ᠤᠩᠰᠢᠵᠤ ᠪᠠᠶᠢᠨ᠎ᠠ
ᠨᠡᠶᠢᠲᠡᠯᠡᠭᠰᠡᠨ ᠴᠠᠭ᠄
2022/4/11
     ᠰᠢᠩ ᠡᡁᠧ ᠰᠢᠶᠠᠨ ᠤ ᠳ᠋ᠠ ᠲᠦᠩ ᠶᠣᠣ ᠰᠢᠶᠠᠩ ᠤᠨ ᠰᠢᠩ ᠱᠧᠩ ᠵᠤᠸᠠᠩ ᠲᠣᠰᠬᠤᠨ ᠤ ᠬᠢᠨ ᠠᠮᠢ ᠠᠬᠤᠢ ᠶᠢᠨ ᠬᠤᠭᠤᠯᠠ ᠢᠳᠡᠵᠦ᠂ ᠦᠬᠡᠷ ᠤᠨ ᠠᠵᠢᠯ ᠬᠢᠵᠦ᠂ ᠠᠵᠤ ᠠᠬᠤᠢ ᠶᠢᠨ ᠨᠣᠮ ᠤᠩᠰᠢᠵᠤ᠂ ᠠᠯᠠᠰᠢᠨ ᠦᠬᠡᠷ ᠤᠨ ᠠᠵᠤ ᠦᠢᠯᠡᠰ ᠢ ᠪᠦᠬᠦ ᠰᠢᠶᠠᠩ ᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠳᠠᠶᠢᠴᠢᠯᠠᠬᠤ ᠲᠠᠭᠠᠭᠤᠯᠤᠬᠴᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠭᠠᠭᠤᠯᠤᠬᠴᠢ ᠪᠣᠯᠭᠠᠵᠤ᠂ ᠠᠷᠠᠳ ᠤᠯᠠᠨ ᠤ ᠠᠮᠢᠳᠤᠷᠠᠯ ᠢ ᠤᠯᠠᠮ ᠠᠴᠠ ᠤᠯᠠᠮ ᠦᠬᠡᠷ ᠤᠨ ᠠᠮᠢᠳᠤᠷᠠᠯ ᠲᠠᠢ ᠪᠣᠯᠭᠠᠪᠠ᠃      ᠤᠯᠠᠭᠠᠨᠴᠠᠪ ᠬᠤᠳᠠ ᠶᠢᠨ ᠰᠢᠩ ᠡᡁᠧ ᠰᠢᠶᠠᠨ ᠤ ᠳ᠋ᠠ ᠲᠦᠩ ᠶᠣᠣ ᠰᠢᠶᠠᠩ ᠤᠨ ᠰᠢᠩ ᠱᠧᠩ ᠵᠤᠸᠠᠩ ᠲᠣᠰᠬᠤᠨ ᠤ ᠰᠢᠩ ᠱᠧᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠳᠤ ᠬᠦᠷᠬᠦ ᠳᠤ᠂  ᠠᠩᠭᠦᠰ ᠠᠯᠠᠰᠢᠨ ᠦᠬᠡᠷ ᠤᠳ ᠰᠤᠯᠠ ᠰᠡᠯᠡᠭᠦᠦ ᠭᠠᠵᠠᠷ ᠲᠠᠭᠠᠨ ᠠᠯᠬᠤᠯᠠᠨ᠎ᠠ᠂ ︽ᠬᠤᠭᠤᠯᠠ ᠪᠤᠳᠠᠭ᠎ᠠ︾᠎ ᠳᠤ ᠬᠦᠷᠴᠦ᠂ ᠳᠡᠳᠡ ᠨᠢᠭᠡ ᠮᠥᠷ ᠢᠶᠠᠷ ᠮᠥᠷᠯᠡᠨ ᠵᠣᠭᠰᠣᠵᠤ ᠨᠠᠷᠢᠨ ᠨᠢᠮᠪᠠᠢ ᠲᠤᠬᠢᠷᠠᠯᠴᠠᠭᠰᠠᠨ ︽ᠠᠮᠲᠠᠲᠤ ᠢᠳᠡᠭᠡᠨ︾᠎ ᠢ ᠡᠳ᠋ᠯᠡᠵᠡᠭᠡᠵᠡᠢ᠃ ᠲᠠᠩᠰᠤᠭ ᠰᠠᠶᠢᠬᠠᠨ ᠦᠨᠦᠷ ᠠᠮᠲᠠ ᠶᠢ ᠡᠳ᠋ᠯᠡᠬᠦ ᠪᠠᠷ ᠴᠢᠷᠮᠠᠶᠢᠭᠰᠠᠨ ᠠᠴᠠ ᠤᠯᠠᠭᠠᠨᠴᠠᠪ ᠬᠤᠳᠠ ᠶᠢᠨ ᠰᠢᠩ ᠡᡁᠧ ᠰᠢᠶᠠᠨ ᠤ ᠰᠢᠩ ᠾᠧ ᠰᠢᠶᠠᠨ ᠤ ᠰᠢᠩ ᠲᠦᠩ ᠶᠣᠣ ᠲᠣᠰᠬᠤᠨ ᠤ ᠰᠢᠩ ᠱᠧᠩ ᠵᠤᠸᠠᠩ ᠲᠣᠰᠬᠤᠨ ᠤ ᠰᠢᠩ ᠱᠧᠩ ᠵᠤᠸᠠᠩ ᠮᠠᠯᠵᠢᠯ ᠤᠨ ᠲᠤᠰᠬᠠᠢ ᠬᠤᠷᠰᠢᠶ᠎ᠠ ᠳᠤ ᠬᠦᠷᠬᠦ ᠳᠤ᠂ ᠠᠩᠭᠦᠰ ᠠᠯᠠᠰᠢᠨ ᠦᠬᠡᠷ ᠨᠢ ᠦᠰᠦᠨ ᠤ ᠬᠠᠷ᠎ᠠ ᠥᠩᠭᠡ ᠪᠠ ᠡᠪᠡᠷ ᠥᠬᠡᠶ ᠪᠠᠷ ᠴᠢᠬᠤᠯᠠ ᠣᠨᠴᠠᠯᠢᠭ ᠢᠶᠠᠨ ᠪᠣᠯᠭᠠᠳᠠᠭ ᠤᠴᠢᠷ ᠠᠴᠠ ᠲᠡᠭᠦᠨ ᠢ ᠪᠠᠰᠠ ᠡᠪᠡᠷ ᠥᠬᠡᠶ ᠬᠠᠷ᠎ᠠ ᠦᠬᠡᠷ ᠭᠡᠳᠡᠭ᠃ ᠲᠡᠭᠦᠨ ᠤ ᠮᠢᠬᠠᠨ ᠤ ᠴᠢᠨᠠᠷ ᠨᠢ ᠰᠠᠶᠢᠨ᠂ ᠵᠥᠭᠡᠯᠡᠨ ᠤ ᠬᠡᠮᠵᠢᠶ᠎ᠡ ᠨᠢ ᠲᠣᠬᠢᠷᠠᠮᠵᠢᠲᠠᠶ᠂ ᠲᠡᠵᠢᠭᠡᠯ ᠪᠣᠷᠳᠤᠭ᠎ᠠ ᠶᠢᠨ ᠬᠤᠪᠢᠷᠠᠯᠲᠠ ᠶᠢᠨ ᠨᠣᠷᠮ᠎ᠠ ᠨᠢ ᠥᠨᠳᠥᠷ ᠪᠠᠶᠢᠵᠤ᠂ ᠳᠡᠯᠡᠬᠡᠶ ᠳᠡᠭᠡᠷᠡᠬᠢ ᠡᠯ᠎ᠡ ᠵᠦᠢᠯ ᠤᠨ ᠲᠤᠰᠬᠠᠶᠢᠵᠢᠭᠰᠠᠨ ᠮᠢᠬᠠᠨ ᠤ ᠲᠥᠷᠥᠯ ᠵᠦᠢᠯ ᠤᠨ ᠳᠣᠲᠣᠷᠠᠬᠢ ᠮᠢᠬᠠᠨ ᠤ ᠴᠢᠨᠠᠷ ᠢᠶᠠᠷ ᠬᠠᠮᠤᠭ ᠰᠢᠯᠢᠳᠡᠭ ᠲᠥᠷᠥᠯ ᠵᠦᠢᠯ ᠪᠣᠯᠤᠨ᠎ᠠ᠃      ᠤᠢᠢᠷ᠎ᠠ ᠶᠢᠨ ᠵᠢᠯ ᠠᠴᠠ᠂ ᠪᠦᠬᠦ ᠤᠯᠤᠰ ᠤᠨ ᠨᠡᠶᠢᠭᠡᠮ ᠤᠨ ᠪᠠᠲᠤᠯᠠᠪᠤᠷᠢ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠤᠨ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠪᠠᠷ ᠳᠠᠮᠵᠢᠭᠤᠯᠵᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠤᠨ ︽ᠵᠠᠩᠭᠢᠯᠠᠭ᠎ᠠ︾᠎ ᠶᠢ ᠠᠳᠬᠤᠵᠤ᠂ ᠰᠢᠩ ᠱᠧᠩ ᠵᠤᠸᠠᠩ ᠲᠣᠰᠬᠤᠨ 2021 ᠣᠨ ᠤ 7 ᠰᠠᠷ᠎ᠠ ᠳᠤ ᠰᠢᠩ ᠱᠧᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢ ᠪᠠᠶᠢᠭᠤᠯᠵᠠᠢ᠃ ᠣᠶᠢᠷ᠎ᠠ ᠳᠤ᠂ ᠪᠥᠬᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠦᠴᠦᠲᠡᠶ ᠵᠣᠬᠢᠴᠠᠭᠤᠯᠭ᠎ᠠ ᠳᠣᠤᠷ᠎ᠠ᠂ ᠠᠩᠬ᠎ᠠ ᠡᠭᠦᠳᠦᠭᠰᠡᠨ ᠦᠨᠡᠲᠦ ᠲᠡᠮᠳᠡᠭᠲᠦ ᠪᠠᠷ ᠦᠨ᠎ᠡ ᠲᠥᠯᠥᠪᠦᠷᠢ ᠥᠬᠡᠶ ᠪᠠᠷ 200 ᠲᠦᠮᠡᠨ ᠲᠥᠭᠦᠷᠢᠭ ᠤᠨ ᠪᠠᠯᠠ ᠮᠥᠩᠭᠦ ᠬᠠᠨᠳᠢᠪᠯᠠᠵᠤ ᠬᠤᠳᠠᠯᠳᠤᠨ ᠠᠪᠤᠭᠰᠠᠨ ᠠᠩᠭᠦᠰ ᠠᠯᠠᠰᠢᠨ ᠦᠬᠡᠷ 112᠎ ᠶᠢ ᠴᠥᠮ ᠰᠢᠩ ᠾᠧ ᠰᠢᠶᠠᠨ ᠤ ᠳ᠋ᠠ ᠲᠦᠩ ᠶᠣᠣ ᠰᠢᠶᠠᠩ ᠤᠨ ᠰᠢᠩ ᠱᠧᠩ ᠵᠤᠸᠠᠩ ᠲᠣᠰᠬᠤᠨ ᠤ ᠰᠢᠩ ᠱᠧᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠳᠤ ᠣᠷᠣᠭᠤᠯᠤᠭᠰᠠᠨ ᠪᠠᠶᠢᠨ᠎ᠠ᠃ ᠬᠤᠷᠰᠢᠶ᠎ᠠ ᠨᠢ ᠬᠠᠮᠲᠤ ᠶᠢᠨ ᠠᠵᠤ ᠠᠬᠤᠶ ᠪᠠᠷ ᠭᠤᠣᠯ ᠪᠣᠯᠭᠠᠵᠤ᠂ ᠬᠤᠯᠢᠮᠠᠭ ᠥᠮᠴᠢᠯᠡᠯ ᠤᠨ ᠠᠵᠤ ᠠᠬᠤᠶ ᠪᠠᠷ ᠰᠠᠭᠤᠷᠢ ᠪᠣᠯᠭᠠᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ᠂ ᠰᠢᠩ ᠾᠧ ᠰᠢᠶᠠᠨ ᠤ ᠴᠢᠨᠠᠷ ᠰᠠᠶᠢᠲᠠᠶ ᠲᠠᠷᠢᠶᠠᠯᠠᠩ ᠤᠨ ᠡᠬᠢ ᠪᠠᠶᠠᠯᠢᠭ ᠲᠤ ᠲᠦᠰᠢᠭᠯᠡᠨ᠂ ᠡᠷᠬᠢᠯᠳᠡᠳᠦ ᠬᠥᠭᠵᠢᠯᠲᠡ ᠪᠠ ᠠᠮᠢ ᠠᠬᠤᠶ ᠶᠢᠨ ᠠᠮᠤᠷ ᠲᠦᠪᠰᠢᠨ ᠢ ᠪᠠᠷᠢᠮᠲᠠᠯᠠᠵᠤ᠂ ︽ᠲᠡᠵᠢᠭᠡᠬᠦ ᠶᠢᠨ ᠲᠥᠯᠥᠭᠡ ᠳᠠᠷᠢᠵᠤ᠂ ᠲᠡᠵᠢᠭᠡᠬᠦ ᠪᠠᠷ ᠲᠠᠷᠢᠬᠤ ᠶᠢ ᠲᠣᠭᠲᠠᠭᠠᠬᠤ︾ ᠪᠣᠬᠢᠷᠲᠤᠯ ᠥᠬᠡᠶ ᠳᠠᠷᠢᠵᠤ ᠲᠡᠵᠢᠭᠡᠬᠦ ᠡᠷᠬᠢᠯᠳᠡᠳᠦ ᠲᠠᠷᠢᠶᠠᠯᠠᠩ ᠤᠨ ᠵᠠᠭᠪᠤᠷ ᠢ ᠪᠠᠷᠢᠮᠲᠠᠯᠠᠵᠤ᠂ ᠡᠭᠦᠨ ᠢᠶᠠᠷ ᠲᠠᠷᠢᠶᠠᠴᠢᠳ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠰᠢᠨ᠎ᠡ ᠪᠠᠷ ᠡᠭᠦᠳᠴᠦ ᠂ ᠤᠨᠴᠠᠯᠢᠬᠳᠤ ᠠᠵᠤ ᠦᠢᠯᠡᠰ ᠢᠶᠠᠷ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠳᠠᠶᠢᠴᠢᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠵᠢᠱᠢᠶ᠎ᠡ ᠦᠵᠡᠭᠦᠯᠬᠦ ᠵᠠᠭᠪᠤᠷ ᠢ ᠬᠠᠩᠭᠠᠨ᠎ᠠ᠃      ᠦᠬᠡᠷ ᠤᠨ ᠬᠠᠰᠢᠶᠠᠨ ᠳᠠᠬᠢ ᠠᠩᠭᠦᠰ ᠠᠯᠠᠰᠢᠨ ᠦᠬᠡᠷ ᠲᠤ ᠴᠥᠮ ᠣᠶᠤᠨᠴᠢ ᠮᠠᠯᠵᠢᠯ ᠤᠨ ᠲᠠᠯᠠᠪᠠᠶ ᠶᠢᠨ ᠰᠢᠰᠲ᠋ᠧᠮ ᠤᠭᠰᠠᠷᠠᠵᠤ᠂ ᠦᠬᠡᠷ ᠨᠢᠭᠡᠪᠦᠷᠢ ᠶᠢᠨ ᠴᠢᠬᠢᠨ ᠳᠡᠭᠡᠷᠡᠬᠢ ᠡᠯᠧᠺᠲᠷᠣᠨ ᠱᠣᠰᠢᠭ᠎ᠠ ᠨᠢ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠡᠭᠦᠯᠡᠨ ᠲᠠᠪᠴᠠᠩ ᠳᠤ ᠳᠠᠮᠵᠢᠭᠤᠯᠵᠤ᠂ ᠰᠡᠭᠦᠳᠡᠷᠯᠡᠬᠦ ᠮᠠᠰᠢᠨ ᠤ ᠣᠷᠣᠨ ᠪᠠᠶᠢᠷᠢ ᠶᠢ ᠲᠣᠭᠲᠠᠭᠠᠵᠤ᠂ ᠪᠥᠬᠦ ᠲᠠᠯᠠᠪᠠᠶ ᠶᠢᠨ ᠦᠬᠡᠷ ᠤᠨ ᠡᠷᠡᠭᠦᠯ ᠮᠡᠨᠳᠦ ᠶᠢᠨ ᠪᠠᠶᠢᠳᠠᠯ ᠢ ᠬᠢᠨᠠᠨ ᠬᠡᠮᠵᠢᠵᠦ ᠴᠢᠳᠠᠨ᠎ᠠ᠃ ᠲᠤᠰᠬᠠᠶ ᠮᠡᠷᠭᠡᠵᠢᠯᠲᠡᠨ ᠤ ᠲᠣᠬᠢᠷᠠᠭᠤᠯᠤᠭᠰᠠᠨ ᠲᠡᠵᠢᠭᠡᠯ ᠪᠣᠷᠳᠤᠭ᠎ᠠ ᠪᠠᠷ ᠲᠡᠵᠢᠭᠡᠪᠡᠯ᠂ ᠦᠬᠡᠷ ᠤᠨ ᠦᠰᠦ ᠨᠢ ᠭᠥᠯᠢᠭᠡᠷ᠂ ᠴᠤᠭ ᠵᠢᠪᠬᠤᠭ᠎ᠠ ᠲᠠᠢ᠂ ᠴᠥᠭᠡᠨ ᠪᠤᠰᠤ ᠦᠬᠡᠷ ᠤᠨ ᠭᠡᠳᠡᠰᠦᠨ ᠳᠤ ᠨᠢᠭᠡᠨᠲᠡ ᠪᠦᠪᠡᠶ ᠲᠠᠢ ᠪᠣᠯᠵᠠᠶ᠂ ᠲᠦᠷᠦᠭᠦᠤ ᠪᠦᠯᠦᠭ ᠠᠯᠠᠰᠢᠨ ᠦᠬᠡᠷ ᠢ ᠪᠠᠷᠤᠭ 4 ᠰᠠᠷ᠎ᠠ ᠳᠤ ᠤᠶᠢᠯᠡᠳᠪᠤᠷᠢᠯᠡᠵᠤ᠂ ᠡᠬᠡ ᠲᠤᠭᠤᠯ ᠨᠢ ᠳᠠᠬᠢᠨ ᠰᠠᠭᠤᠷᠢ ᠡᠬᠡ ᠮᠠᠯ ᠤᠨ ᠬᠤᠪᠢ ᠪᠠᠷ ᠲᠡᠵᠢᠭᠡᠵᠦ᠂ ᠥᠪᠡᠷ ᠢᠶᠠᠨ ᠦᠷᠡᠵᠢᠭᠦᠯᠵᠦ ᠥᠪᠡᠷ ᠢᠶᠠᠨ ᠪᠤᠶᠢᠵᠢᠭᠤᠯᠬᠤ ᠪᠠᠷ ᠳᠡᠮᠵᠢᠨ ᠳᠦᠷᠰᠦ ᠶᠢᠨ ᠰᠦᠷᠦᠭ ᠤᠨ ᠬᠡᠪᠴᠢᠶ᠎ᠡ ᠪᠠᠨ ᠥᠷᠭᠡᠳᠬᠡᠨ᠎ᠡ᠃  ᠲᠤᠰᠬᠠᠶ ᠮᠡᠷᠭᠡᠵᠢᠯᠲᠡᠨ ᠤ ᠨᠠᠶᠢᠷᠠᠭᠤᠯᠤᠭᠰᠠᠨ ᠲᠡᠵᠢᠭᠡᠯ ᠪᠣᠷᠳᠤᠭ᠎ᠠ ᠪᠠᠷ ᠲᠡᠵᠢᠭᠡᠪᠡᠯ᠂ ᠦᠬᠡᠷ ᠤᠨ ᠦᠰᠦ ᠨᠢ ᠭᠥᠯᠢᠭᠡᠷ᠂ ᠴᠤᠭ ᠵᠢᠪᠬᠤᠭ᠎ᠠ ᠲᠠᠢ ᠂ ᠴᠥᠭᠡᠨ ᠪᠤᠰᠤ ᠦᠬᠡᠷ ᠤᠨ ᠭᠡᠳᠡᠰᠦᠨ ᠳᠤ ᠨᠢᠭᠡᠨᠲᠡ ᠪᠦᠪᠡᠶ ᠲᠠᠢ ᠪᠣᠯᠵᠠᠶ᠃ ᠬᠤᠷᠰᠢᠶ᠎ᠠ ᠨᠢ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ᠂ ᠡᠰᠢ ᠰᠦᠷᠡᠯ — ᠦᠬᠡᠷ — ᠠᠮᠢᠳᠤ ᠪᠣᠳᠠᠰ ᠤᠨ ᠪᠣᠷᠲᠣᠭᠤᠷ — ᠠᠮᠤ ᠪᠤᠳᠠᠭ᠎ᠠ︾᠎ ᠶᠢᠨ ᠠᠮᠢ ᠠᠬᠤᠶ ᠶᠢᠨ ᠲᠡᠵᠢᠭᠡᠨ ᠦᠷᠡᠵᠢᠭᠦᠯᠬᠦ ᠵᠠᠭᠪᠤᠷ ᠢ ᠬᠡᠷᠡᠭᠯᠡᠨ᠂ ᠦᠬᠡᠷ ᠤᠨ ᠠᠵᠤ ᠤᠶᠢᠯᠡᠰ ᠤᠨ ᠰᠠᠶᠢᠨ ᠣᠷᠴᠢᠯᠲᠤ ᠬᠥᠭᠵᠢᠯᠲᠡ ᠶᠢ ᠠᠬᠢᠭᠤᠯᠬᠤ ᠶᠢᠨ ᠬᠠᠮᠲᠤ ᠠᠵᠤ ᠤᠶᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ᠪᠥᠬᠦ ᠰᠢᠶᠠᠩ ᠤᠨ 5000 ᠭᠠᠷᠤᠶ ᠬᠥᠮᠦᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ ᠪᠣᠯᠤᠨ᠎ᠠ᠃ ᠲᠠᠷᠢᠶᠠᠴᠢᠳ ᠲᠤ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠪᠠ ᠪᠣᠬᠢᠷᠲᠤᠯ ᠦᠭᠡᠢ ᠣᠷᠴᠢᠯ ᠠᠵᠤ ᠠᠬᠤᠶ ᠶᠢᠨ ᠳᠤᠮᠳᠠ ᠠᠴᠠ ᠦᠨᠡᠨ ᠬᠦ ᠨᠡᠩ ᠤᠯᠠᠨ ᠠᠰᠢᠭ ᠣᠷᠣᠯᠭ᠎ᠠ ᠪᠠ ᠪᠣᠳᠠᠲᠤ ᠠᠰᠢᠭ ᠬᠦᠷᠲᠡᠭᠡᠨ᠎ᠡ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3