ᠰᠢᠩ ᠾᠧ ᠰᠢᠶᠠᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠪᠠ
ᠨᠡᠶᠢᠲᠡᠯᠡᠭᠰᠡᠨ ᠴᠠᠭ᠄
2022/4/11
     ᠤᠷᠢᠬᠠᠨ ᠬᠠᠪᠤᠷ ᠡᠬᠡ ᠭᠠᠵᠠᠷ ᠲᠤ ᠢᠷᠡᠵᠦ᠂ ᠲᠦᠮᠡᠨ ᠪᠣᠳᠠᠰ ᠠᠮᠢᠯᠠᠨ ᠠᠮᠢᠯᠠᠨ᠎ᠠ᠃ ᠰᠢᠩ ᠡᡁᠧ ᠰᠢᠶᠠᠨ ᠤ ᠬᠢᠨ ᠠᠰᠢᠭᠲᠠᠢ ᠴᠠᠭ ᠲᠣᠬᠢᠶᠠᠯ ᠢ ᠠᠮᠵᠢᠵᠤ᠂ ᠶᠢᠩ ᠪᠢᠨ ᠴᠡᠴᠡᠷᠯᠢᠭ᠂ ᠠᠷᠠᠳ ᠤᠨ ᠴᠡᠴᠡᠷᠯᠢᠭ ᠲᠤ ᠴᠡᠴᠡᠷᠯᠢᠭ ᠤᠨ ᠠᠵᠢᠯᠴᠢᠳ ᠢ ᠴᠠᠭ ᠲᠤᠬᠠᠢ ᠳᠤᠨᠢ ᠵᠣᠬᠢᠶᠠᠨ ᠪᠠᠶᠢᠭᠤᠯᠵᠤ ᠬᠤᠳᠠ ᠶᠢᠨ ᠲᠣᠭᠤᠷᠢᠭ ᠤᠨ ᠤᠢ ᠮᠣᠳᠣᠨ ᠳᠤ ᠤᠰᠤᠯᠠᠯᠲᠠ ᠶᠢᠨ ᠠᠵᠢᠯ ᠥᠷᠨᠢᠭᠦᠯᠵᠡᠢ᠃ ᠮᠣᠳᠣᠨ ᠤ ᠨᠦᠭᠡᠨ ᠤ ᠡᠷᠬᠢᠨ ᠲᠣᠭᠤᠷᠢᠨ ᠤ ᠪᠤᠵᠠᠷ ᠡᠪᠡᠰᠦ᠂ ᠬᠤᠪᠠᠭ᠋ᠠᠶ ᠮᠥᠴᠢᠷ᠂ ᠡᠯᠳᠡᠪ ᠶᠠᠭᠤᠮ᠎ᠠ ᠶᠢ ᠴᠡᠪᠡᠷᠯᠡᠨ ᠠᠷᠢᠯᠭᠠᠬᠤ ᠶᠢᠨ ᠬᠠᠮᠲᠤ ᠬᠥᠷᠥᠰᠥ ᠰᠢᠷᠣᠶ ᠶᠢ ᠰᠤᠯᠠᠷᠠᠭᠤᠯᠵᠤ᠂ ᠰᠡᠭᠦᠯᠴᠢ ᠶᠢᠨ ᠬᠤᠭᠤᠴᠠᠭᠠᠨ ᠤ ᠤᠰᠤᠯᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃      ᠴᠡᠴᠡᠷᠯᠢᠭ ᠤᠨ ᠤᠶᠢᠯᠡᠴᠢᠯᠡᠭᠡᠨ ᠤ ᠲᠥᠪ ᠨᠢ ᠠᠭᠤᠷ ᠠᠮᠢᠰᠬᠤᠯ ᠤᠨ ᠣᠨᠴᠠᠯᠢᠭ ᠲᠠᠢ ᠪᠠᠨ ᠤᠶᠠᠯᠳᠤᠭᠤᠯᠤᠨ ᠂ ᠴᠢᠬᠢ ᠮᠣᠳᠣᠨ ᠤ ᠲᠥᠷᠥᠯ ᠵᠤᠶᠢᠯ ᠤᠨ ᠠᠳᠠᠯᠢ ᠪᠤᠰᠤ ᠣᠨᠴᠠᠯᠢᠭ ᠪᠠ ᠤᠷᠭᠤᠯᠲᠠ ᠶᠢᠨ ᠪᠠᠶᠢᠳᠠᠯ ᠢ ᠦᠨᠳᠦᠰᠦᠯᠡᠨ ᠂ ᠰᠢᠨᠵᠢᠯᠡᠬᠦ ᠤᠬᠠᠭᠠᠨᠴᠢ ᠪᠠᠷ ᠤᠰᠤᠯᠠᠵᠤ᠂ ᠤᠰᠤᠯᠠᠯᠲᠠ ᠶᠢᠨ ᠬᠡᠮᠵᠢᠶ᠎ᠡ ᠶᠢ ᠵᠦᠶ ᠵᠣᠬᠢᠰᠲᠠᠶ ᠳᠣᠭᠢᠷᠠᠭᠤᠯᠤᠨ᠂ ᠤᠰᠤᠯᠠᠯᠲᠠ ᠶᠢᠨ ᠶᠠᠰᠤ ᠴᠢᠨᠠᠷ ᠢ ᠪᠠᠲᠤᠯᠠᠵᠤ᠂ ᠤᠰᠤᠯᠠᠯᠲᠠ ᠶᠢ ᠪᠥᠬᠦ ᠲᠠᠯ᠎ᠠ ᠪᠠᠷ ᠪᠦᠷᠬᠦᠭᠦᠯᠵᠦ᠂ ᠥᠯᠥ ᠣᠨᠣᠭᠳᠠᠬᠤ ᠭᠠᠵᠠᠷ ᠦᠯᠡᠳᠡᠭᠡᠬᠦ ᠥᠬᠡᠶ ᠪᠠᠶᠢᠬᠤ ᠶᠢ ᠪᠡᠶᠡᠯᠡᠭᠦᠯᠵᠦ᠂ ᠬᠠᠪᠤᠷ ᠤᠨ ᠤᠯᠠᠷᠢᠯ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠤᠷᠭᠤᠮᠠᠯ ᠢ ᠤᠷᠤᠭᠰᠢᠲᠠᠶ ᠨᠣᠭᠤᠭᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠣᠰ ᠤᠳᠠᠭᠠᠨ ᠤ ᠠᠵᠢᠯ ᠳᠤ ᠨᠡᠶᠢᠲᠡ ᠲᠤᠯᠤᠭᠠᠨ ᠪᠠᠷᠢᠮᠵᠢᠶᠠᠲᠤ ᠬᠡᠰᠡᠭ ᠪᠠᠶᠢᠵᠤ᠂ ᠵᠠᠮ ᠪᠦᠷᠢ ᠳᠤ 8 — 10 ᠠᠵᠢᠯᠴᠢᠨ ᠮᠣᠳᠣᠨ ᠤ ᠨᠦᠬᠡ ᠵᠢᠴᠢ ᠪᠣᠳᠠ ᠰᠥᠭᠡᠭ ᠤᠨ ᠬᠠᠰᠢᠶᠠᠨ ᠤ ᠡᠷᠬᠢᠨ ᠲᠣᠭᠤᠷᠢᠨ ᠤ ᠬᠤᠭ ᠨᠣᠪᠰᠢ ᠶᠢ ᠴᠡᠪᠡᠷᠯᠡᠵᠦ᠂ ᠨᠡᠶᠢᠲᠡ 142769 ᠰᠠᠭᠤᠷᠢ ᠲᠤᠷᠤᠭ ᠮᠣᠳᠣ ᠶᠢ ᠤᠰᠤᠯᠠᠵᠠᠶ᠃ ᠲᠠᠷᠠᠭᠠᠴᠢ ᠶᠢᠨ ᠠᠯᠬᠤᠮ ᠳᠤ᠂ ᠬᠤᠲᠠ ᠶᠢᠨ ᠲᠣᠭᠤᠷᠢᠭ ᠤᠨ ᠪᠣᠶ ᠪᠥᠬᠦᠶ ᠲᠤᠷᠤᠭ ᠮᠣᠳᠣ᠂ ᠪᠣᠳᠠ ᠮᠣᠳᠣ᠂ ᠰᠢᠪᠡᠭᠡ᠂ ᠭᠠᠵᠠᠷ ᠤᠨ ᠬᠤᠴᠢᠯᠭ᠎ᠠ ᠳᠤ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠪᠣᠷᠲᠣᠭᠤᠷ ᠣᠷᠣᠭᠤᠯᠬᠤ᠂ ᠬᠠᠶᠢᠴᠢᠯᠠᠨ ᠵᠠᠰᠠᠬᠤ᠂ ᠴᠠᠶᠢᠷᠠᠭᠤᠯᠬᠤ ᠵᠡᠷᠭᠡ ᠨᠣᠭᠤᠭᠠᠷᠠᠭᠤᠯᠤᠯᠲᠠ ᠶᠢᠨ ᠠᠷᠠᠴᠢᠯᠠᠯᠲᠠ ᠬᠢᠨ᠎ᠠ᠃ ᠬᠤᠲᠠ ᠶᠢᠨ ᠠᠷᠠᠳ ᠲᠤ ᠨᠢᠭᠡᠨ ᠭᠤᠶᠣ ᠰᠠᠶᠢᠬᠠᠨ᠂ ᠴᠣ᠋ ᠰᠢᠨ᠎ᠡ᠂ ᠲᠠᠭᠠᠯᠠᠮᠵᠢᠲᠠᠶ ᠠᠮᠢ ᠠᠬᠤᠶ ᠶᠢᠨ ᠣᠷᠴᠢᠨ ᠲᠣᠭᠤᠷᠢᠨ ᠪᠠ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠵᠤ ᠥᠭᠭᠦᠨ᠎ᠡ᠃      2021 ᠣᠨ ᠤ ᠰᠡᠭᠦᠯᠴᠢ ᠪᠣᠯᠲᠠᠯ᠎ᠠ᠂ ᠰᠢᠩ ᠡᡁᠧ ᠰᠢᠶᠠᠨ ᠤ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠲᠠᠯᠠᠪᠠᠢ 704.4 ᠾᠧᠺᠲ᠋ᠠᠷ ᠲᠤ ᠬᠦᠷᠴᠦ᠂ ᠴᠡᠴᠡᠷᠯᠢᠭ ᠤᠨ ᠲᠠᠯᠠᠪᠠᠢ 146.09 ᠾᠧᠺᠲ᠋ᠠᠷ ᠲᠤ ᠬᠦᠷᠴᠦ᠂ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠤᠷᠮ᠎ᠠ 35.45% ᠲᠤ ᠬᠦᠷᠴᠡᠢ᠃ ᠬᠤᠲᠠ ᠶᠢᠨ ᠪᠦᠬᠦᠯᠢ ᠴᠣᠭᠴᠠ ᠶᠢᠨ ᠨᠣᠭᠤᠭᠠᠷᠠᠭᠤᠯᠤᠯᠲᠠ ᠶᠢᠨ ᠬᠢᠷᠢ ᠬᠡᠮᠵᠢᠶ᠎ᠡ ᠶᠢ ᠨᠠᠩ ᠲᠡᠩᠴᠡᠭᠦᠷᠢᠲᠡᠶ᠂ ᠨᠠᠩ ᠰᠢᠨᠵᠢᠯᠡᠬᠦ ᠤᠬᠠᠭᠠᠨᠴᠢ ᠴᠢᠭᠯᠡᠯ ᠢᠶᠠᠷ ᠬᠥᠭᠵᠢᠭᠦᠯᠦᠨ᠎ᠡ᠃           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3