ᠰᠢᠶᠠᠨ ᠤ ᠴᠧᠩ ᠭᠤᠸᠠᠨ ᠪᠠᠯᠭᠠᠰᠤᠨ ᠤ ᠰᠢᠩ ᠬᠤᠸᠠ ᠨᠡᠶᠢᠭᠡᠮ ᠲᠣᠭᠤᠷᠢᠭ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠵᠢᠴᠢ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/4/11
     ᠣᠶᠢᠷ᠎ᠠ ᠳᠤ᠂ ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠰᠢᠩ ᠬᠤᠸᠠ ᠨᠡᠶᠢᠭᠡᠮ ᠲᠣᠭᠤᠷᠢᠭ ᠤᠨ ᠬᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠵᠢᠴᠢ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠨᠠᠷᠢᠨ ᠲᠠᠶᠢᠯᠪᠤᠷᠢᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠭᠤᠷ ᠠᠮᠢᠰᠬᠤᠯ ᠢ ᠪᠣᠶ ᠪᠣᠯᠭᠠᠪᠠ᠃        ᠠᠵᠢᠯᠯᠠᠭ᠎ᠠ ᠶᠢᠨ ᠳᠤᠮᠳᠠ᠂ ᠰᠢᠨ᠎ᠡ ᠲᠣᠭᠤᠷᠢᠭ ᠤᠨ ᠲᠣᠮᠢᠯᠠᠭᠰᠠᠨ ᠰᠠᠯᠪᠤᠷᠢ ᠶᠢᠨ ᠨᠡᠶᠢᠭᠡᠮ ᠲᠣᠭᠤᠷᠢᠭ ᠲᠤ ᠰᠠᠭᠤᠭ᠎ᠠ ᠠᠷᠠᠳ ᠤᠨ ᠴᠠᠭᠳᠠᠭ᠎ᠠ ᠰᠢᠩ ᠬᠤᠸᠠ ᠨᠡᠶᠢᠭᠡᠮ ᠲᠣᠭᠤᠷᠢᠭ ᠤᠨ ︽ᠤᠯᠠᠭᠠᠨ ᠠᠨᠠᠷ︾ ᠤᠨ ᠦᠨᠳᠦᠰᠦᠲᠡᠨ ᠤ ᠪᠦᠯᠬᠦᠮᠳᠡᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠲᠠᠢ ᠬᠤᠯᠪᠣᠭᠠᠯᠠᠨ᠂ ᠰᠦᠯᠵᠢᠶᠡᠨ ᠤ ᠲᠠᠰᠤᠯᠪᠤᠷᠢ ᠶᠢᠨ ᠲᠣᠭᠤᠷᠢᠭ ᠲᠤ ᠭᠦᠨᠵᠡᠭᠡᠶᠢᠷᠡᠨ ︽ᠰᠢᠩ ᠾᠧ ᠰᠢᠶᠠᠨ ᠤ ᠰᠢᠨ᠎ᠡ ᠲᠣᠭᠤᠷᠢᠭ ᠤᠨ ᠰᠠᠭᠤᠭᠠᠯᠢ ᠠᠷᠠᠳ ᠲᠤ ᠥᠭᠭᠦᠭᠰᠡᠨ ᠵᠠᠬᠢᠳᠠᠯ︾ ᠢ 200 ᠭᠠᠷᠤᠶ ᠬᠤᠪᠢ ᠲᠠᠷᠬᠠᠭᠠᠵᠤ᠂ ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠭᠠᠯ ᠤᠨᠲᠠᠷᠠᠭᠠᠬᠤ ᠠᠮᠤᠷ ᠲᠦᠪᠰᠢᠨ ᠤ ᠠᠩᠬᠠᠷᠬᠤ ᠵᠦᠢᠯ ᠢ ᠨᠢᠭᠤᠷᠲᠠᠨ ᠲᠠᠶᠢᠯᠪᠤᠷᠢᠯᠠᠵᠤ᠂ ᠡᠭᠦᠨ ᠤ ᠬᠠᠮᠲᠤ ᠬᠡᠷᠬᠢᠨ ᠴᠠᠭ ᠲᠤᠬᠠᠶ ᠳᠤᠨᠢ ᠵᠥᠪ ᠣᠨᠣᠪᠴᠢᠲᠠᠶ ᠴᠠᠭᠳᠠᠭ᠎ᠠ ᠳᠤ ᠮᠡᠳᠡᠭᠦᠯᠬᠦ ᠵᠡᠷᠭᠡ ᠥᠪᠡᠷ ᠢ ᠪᠠᠨ ᠠᠪᠤᠷᠠᠵᠤ ᠪᠤᠰᠤᠳ ᠢ ᠠᠪᠤᠷᠠᠬᠤ ᠠᠭᠤᠯᠭ᠎ᠠ ᠶᠢᠨ ᠲᠤᠬᠠᠶ ᠨᠠᠷᠢᠨ ᠲᠣᠳᠣᠷᠬᠠᠶ ᠶᠠᠷᠢᠵᠤ᠂ ᠰᠠᠭᠤᠭᠠᠯᠢ ᠠᠷᠠᠳ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠨᠠᠷ ᠤᠨ ᠦᠷ᠎ᠡ ᠰᠢᠭ ᠨᠢᠭᠲᠠ ᠨᠢᠭᠲᠠᠷᠠᠨ ᠪᠦᠯᠬᠦᠮᠳᠡᠭᠦᠯᠵᠡᠶ᠃      ᠠᠵᠢᠯᠯᠠᠭ᠎ᠠ ᠨᠢ ᠪᠣᠳᠠᠲᠤ ᠪᠠᠶᠢᠳᠠᠯ ᠳᠤ ᠣᠶᠢᠷᠠᠳᠬᠤ᠂ ᠣᠯᠠᠨ ᠲᠦᠮᠡᠨ ᠳᠤ ᠣᠶᠢᠷᠠᠳᠬᠤ᠂ ᠠᠮᠢᠳᠤᠷᠠᠯ ᠳᠤ ᠣᠶᠢᠷᠠᠳᠬᠤ ᠤᠬᠠᠭᠤᠯᠭ᠎ᠠ ᠶᠢᠨ ᠬᠡᠯᠪᠡᠷᠢ ᠪᠠᠷ ᠭᠠᠯ ᠤᠨᠲᠠᠷᠠᠭᠠᠬᠤ ᠮᠡᠳᠡᠯᠭᠡ ᠶᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠭᠠᠷ ᠲᠤ ᠬᠦᠷᠭᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠦᠨᠡᠨᠬᠦ ᠲᠠᠷᠢᠬᠢ ᠲᠣᠯᠣᠭᠠᠶ ᠳᠤᠨᠢ ᠬᠠᠳᠠᠩᠰᠢᠭᠤᠯᠵᠤ᠂ ᠰᠡᠷᠡᠮᠵᠢᠯᠡᠭᠦᠯᠬᠦ ᠬᠥᠮᠦᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠵᠢᠯ ᠳᠤ ᠠᠩᠬᠠᠷᠤᠯ ᠲᠠᠯᠪᠢᠬᠤ᠂ ᠭᠠᠯ ᠤᠨᠲᠠᠷᠠᠭᠠᠬᠤ ᠠᠵᠢᠯ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠬᠥᠭᠵᠢᠭᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠦᠨᠡᠨᠬᠦ ᠴᠢᠩᠭᠠᠳᠬᠠᠵᠤ᠂ ᠰᠠᠭᠤᠭᠠᠯᠢ ᠡᠷᠦᠬᠡ ᠶᠢᠨ ᠲᠣᠰ ᠪᠡᠶ᠎ᠡ ᠶᠢᠨ ᠭᠠᠯ ᠰᠡᠷᠭᠡᠶᠢᠯᠡᠬᠦ ᠰᠣᠨᠣᠷ ᠰᠡᠷᠡᠮᠵᠢ ᠪᠠ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠂ ᠭᠠᠯ ᠤᠨᠲᠠᠷᠠᠭᠠᠬᠤ ᠠᠮᠤᠷ ᠲᠦᠪᠰᠢᠨ ᠤ ︽ᠰᠠᠬᠢᠨ ᠬᠠᠮᠠᠭᠠᠯᠠᠬᠤ ᠬᠥᠬᠡ︾᠂ ᠦᠨᠳᠦᠰᠦᠲᠡᠨ ᠤ ᠪᠦᠯᠬᠦᠮᠳᠡᠯ ᠤᠨ ᠴᠡᠴᠡᠭ ᠨᠠᠩ ᠪᠠᠳᠠᠷᠠᠭᠰᠠᠨ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠮᠤᠷ ᠠᠮᠤᠭᠤᠯᠠᠩ ᠨᠡᠶᠢᠭᠡᠮ ᠲᠣᠭᠤᠷᠢᠭ ᠢ ᠪᠠᠶᠢᠭᠤᠯᠬᠤ ᠳᠤ ᠪᠠᠲᠤ ᠪᠠᠬᠢ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠨ ᠪᠠᠶᠢᠭᠤᠯᠪᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠣᠬᠢᠶᠠᠭᠴᠢ᠄ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3