ᠰᠢᠩ ᠡᡁᠧ ᠰᠢᠶᠠᠨ ᠤ ᠳ᠋ᠠ ᠲᠦᠩ ᠶᠣᠣ ᠰᠢᠶᠠᠩ ᠤᠨ ᠰᠢᠩ ᠱᠧᠩ ᠵᠤᠸᠠᠩ ᠲᠣᠰᠬᠤᠨ ᠤ ᠬᠢᠨ ᠠᠮᠢ ᠠᠬᠤᠢ ᠶᠢᠨ | ᠬᠤᠭᠤᠯᠠ ᠢᠳᠡᠵᠦ᠂ ᠦᠬᠡᠷ ᠤᠨ ᠠᠵᠢᠯ ᠬᠢᠵᠦ᠂ ᠠᠵᠤ ᠠᠬᠤᠢ ᠶᠢᠨ ᠨᠣᠮ ᠤᠩᠰᠢᠵᠤ᠂ ᠠᠯᠠᠰᠢᠨ ᠦᠬᠡᠷ ᠤᠨ ᠠᠵᠤ | ᠦᠢᠯᠡᠰ ᠢ ᠪᠦᠬᠦ ᠰᠢᠶᠠᠩ ᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠳᠠᠶᠢᠴᠢᠯᠠᠬᠤ | ᠲᠠᠭᠠᠭᠤᠯᠤᠬᠴᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠭᠠᠭᠤᠯᠤᠬᠴᠢ | ᠪᠣᠯᠭᠠᠵᠤ᠂ ᠠᠷᠠᠳ ᠤᠯᠠᠨ ᠤ ᠠᠮᠢᠳᠤᠷᠠᠯ ᠢ ᠤᠯᠠᠮ ᠠᠴᠠ ᠤᠯᠠᠮ ᠦᠬᠡᠷ ᠤᠨ ᠠᠮᠢᠳᠤᠷᠠᠯ ᠲᠠᠢ ᠪᠣᠯᠭᠠᠪᠠ᠃ | ᠤᠯᠠᠭᠠᠨᠴᠠᠪ ᠬᠤᠳᠠ ᠶᠢᠨ ᠰᠢᠩ ᠡᡁᠧ ᠰᠢᠶᠠᠨ ᠤ ᠳ᠋ᠠ ᠲᠦᠩ ᠶᠣᠣ ᠰᠢᠶᠠᠩ ᠤᠨ ᠰᠢᠩ ᠱᠧᠩ ᠵᠤᠸᠠᠩ | ᠲᠣᠰᠬᠤᠨ ᠤ ᠰᠢᠩ ᠱᠧᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠳᠤ ᠬᠦᠷᠬᠦ ᠳᠤ᠂ ᠠᠩᠭᠦᠰ ᠠᠯᠠᠰᠢᠨ ᠦᠬᠡᠷ ᠤᠳ | ᠰᠤᠯᠠ ᠰᠡᠯᠡᠭᠦᠦ ᠭᠠᠵᠠᠷ ᠲᠠᠭᠠᠨ ᠠᠯᠬᠤᠯᠠᠨ᠎ᠠ᠂ ︽ᠬᠤᠭᠤᠯᠠ ᠪᠤᠳᠠᠭ᠎ᠠ︾ ᠳᠤ ᠬᠦᠷᠴᠦ᠂ ᠳᠡᠳᠡ ᠨᠢᠭᠡ ᠮᠥᠷ ᠢᠶᠠᠷ | ᠮᠥᠷᠯᠡᠨ ᠵᠣᠭᠰᠣᠵᠤ ᠨᠠᠷᠢᠨ ᠨᠢᠮᠪᠠᠢ ᠲᠤᠬᠢᠷᠠᠯᠴᠠᠭᠰᠠᠨ ︽ᠠᠮᠲᠠᠲᠤ ᠢᠳᠡᠭᠡᠨ︾ ᠢ ᠡᠳ᠋ᠯᠡᠵᠡᠭᠡᠵᠡᠢ᠃ ᠲᠠᠩᠰᠤᠭ ᠰᠠᠶᠢᠬᠠᠨ | ᠦᠨᠦᠷ ᠠᠮᠲᠠ ᠶᠢ ᠡᠳ᠋ᠯᠡᠬᠦ ᠪᠠᠷ ᠴᠢᠷᠮᠠᠶᠢᠭᠰᠠᠨ ᠠᠴᠠ ᠤᠯᠠᠭᠠᠨᠴᠠᠪ ᠬᠤᠳᠠ ᠶᠢᠨ ᠰᠢᠩ ᠡᡁᠧ ᠰᠢᠶᠠᠨ ᠤ ᠰᠢᠩ ᠾᠧ | ᠰᠢᠶᠠᠨ ᠤ ᠰᠢᠩ ᠲᠦᠩ ᠶᠣᠣ ᠲᠣᠰᠬᠤᠨ ᠤ ᠰᠢᠩ ᠱᠧᠩ ᠵᠤᠸᠠᠩ ᠲᠣᠰᠬᠤᠨ ᠤ ᠰᠢᠩ ᠱᠧᠩ ᠵᠤᠸᠠᠩ ᠮᠠᠯᠵᠢᠯ ᠤᠨ | ᠲᠤᠰᠬᠠᠢ ᠬᠤᠷᠰᠢᠶ᠎ᠠ ᠳᠤ ᠬᠦᠷᠬᠦ ᠳᠤ᠂ ᠠᠩᠭᠦᠰ ᠠᠯᠠᠰᠢᠨ ᠦᠬᠡᠷ ᠨᠢ ᠦᠰᠦᠨ ᠤ ᠬᠠᠷ᠎ᠠ ᠥᠩᠭᠡ ᠪᠠ ᠡᠪᠡᠷ ᠥᠬᠡᠶ ᠪᠠᠷ | ᠴᠢᠬᠤᠯᠠ ᠣᠨᠴᠠᠯᠢᠭ ᠢᠶᠠᠨ ᠪᠣᠯᠭᠠᠳᠠᠭ ᠤᠴᠢᠷ ᠠᠴᠠ ᠲᠡᠭᠦᠨ ᠢ ᠪᠠᠰᠠ ᠡᠪᠡᠷ ᠥᠬᠡᠶ ᠬᠠᠷ᠎ᠠ ᠦᠬᠡᠷ ᠭᠡᠳᠡᠭ᠃ ᠲᠡᠭᠦᠨ ᠤ | ᠮᠢᠬᠠᠨ ᠤ ᠴᠢᠨᠠᠷ ᠨᠢ ᠰᠠᠶᠢᠨ᠂ ᠵᠥᠭᠡᠯᠡᠨ ᠤ ᠬᠡᠮᠵᠢᠶ᠎ᠡ ᠨᠢ ᠲᠣᠬᠢᠷᠠᠮᠵᠢᠲᠠᠶ᠂ ᠲᠡᠵᠢᠭᠡᠯ ᠪᠣᠷᠳᠤᠭ᠎ᠠ ᠶᠢᠨ ᠬᠤᠪᠢᠷᠠᠯᠲᠠ ᠶᠢᠨ | ᠨᠣᠷᠮ᠎ᠠ ᠨᠢ ᠥᠨᠳᠥᠷ ᠪᠠᠶᠢᠵᠤ᠂ ᠳᠡᠯᠡᠬᠡᠶ ᠳᠡᠭᠡᠷᠡᠬᠢ ᠡᠯ᠎ᠡ ᠵᠦᠢᠯ ᠤᠨ ᠲᠤᠰᠬᠠᠶᠢᠵᠢᠭᠰᠠᠨ ᠮᠢᠬᠠᠨ ᠤ ᠲᠥᠷᠥᠯ ᠵᠦᠢᠯ ᠤᠨ | ᠳᠣᠲᠣᠷᠠᠬᠢ ᠮᠢᠬᠠᠨ ᠤ ᠴᠢᠨᠠᠷ ᠢᠶᠠᠷ ᠬᠠᠮᠤᠭ ᠰᠢᠯᠢᠳᠡᠭ ᠲᠥᠷᠥᠯ ᠵᠦᠢᠯ ᠪᠣᠯᠤᠨ᠎ᠠ᠃ | ᠤᠢᠢᠷ᠎ᠠ ᠶᠢᠨ ᠵᠢᠯ ᠠᠴᠠ᠂ ᠪᠦᠬᠦ ᠤᠯᠤᠰ ᠤᠨ ᠨᠡᠶᠢᠭᠡᠮ ᠤᠨ ᠪᠠᠲᠤᠯᠠᠪᠤᠷᠢ ᠶᠢᠨ ᠰᠠᠭᠤᠷᠢ ᠮᠥᠩᠭᠦᠨ ᠤ ᠬᠡᠷᠡᠭ | ᠡᠷᠬᠢᠯᠡᠭᠴᠢᠳ ᠤᠨ ᠬᠤᠷᠠᠯ ᠤᠨ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠪᠠᠷ ᠳᠠᠮᠵᠢᠭᠤᠯᠵᠤ᠂ | ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠤᠨ ︽ᠵᠠᠩᠭᠢᠯᠠᠭ᠎ᠠ︾ ᠶᠢ ᠠᠳᠬᠤᠵᠤ᠂ ᠰᠢᠩ ᠱᠧᠩ ᠵᠤᠸᠠᠩ | ᠲᠣᠰᠬᠤᠨ 2021 ᠣᠨ ᠤ 7 ᠰᠠᠷ᠎ᠠ ᠳᠤ ᠰᠢᠩ ᠱᠧᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢ ᠪᠠᠶᠢᠭᠤᠯᠵᠠᠢ᠃ | ᠣᠶᠢᠷ᠎ᠠ ᠳᠤ᠂ ᠪᠥᠬᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ | ᠬᠤᠷᠠᠯ ᠤᠨ ᠬᠦᠴᠦᠲᠡᠶ ᠵᠣᠬᠢᠴᠠᠭᠤᠯᠭ᠎ᠠ ᠳᠣᠤᠷ᠎ᠠ᠂ ᠠᠩᠬ᠎ᠠ ᠡᠭᠦᠳᠦᠭᠰᠡᠨ ᠦᠨᠡᠲᠦ ᠲᠡᠮᠳᠡᠭᠲᠦ ᠪᠠᠷ ᠦᠨ᠎ᠡ ᠲᠥᠯᠥᠪᠦᠷᠢ | ᠥᠬᠡᠶ ᠪᠠᠷ 200 ᠲᠦᠮᠡᠨ ᠲᠥᠭᠦᠷᠢᠭ ᠤᠨ ᠪᠠᠯᠠ ᠮᠥᠩᠭᠦ ᠬᠠᠨᠳᠢᠪᠯᠠᠵᠤ ᠬᠤᠳᠠᠯᠳᠤᠨ ᠠᠪᠤᠭᠰᠠᠨ ᠠᠩᠭᠦᠰ ᠠᠯᠠᠰᠢᠨ ᠦᠬᠡᠷ | 112 ᠶᠢ ᠴᠥᠮ ᠰᠢᠩ ᠾᠧ ᠰᠢᠶᠠᠨ ᠤ ᠳ᠋ᠠ ᠲᠦᠩ ᠶᠣᠣ ᠰᠢᠶᠠᠩ ᠤᠨ ᠰᠢᠩ ᠱᠧᠩ ᠵᠤᠸᠠᠩ ᠲᠣᠰᠬᠤᠨ ᠤ ᠰᠢᠩ ᠱᠧᠩ | ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠳᠤ ᠣᠷᠣᠭᠤᠯᠤᠭᠰᠠᠨ ᠪᠠᠶᠢᠨ᠎ᠠ᠃ ᠬᠤᠷᠰᠢᠶ᠎ᠠ ᠨᠢ ᠬᠠᠮᠲᠤ ᠶᠢᠨ ᠠᠵᠤ | ᠠᠬᠤᠶ ᠪᠠᠷ ᠭᠤᠣᠯ ᠪᠣᠯᠭᠠᠵᠤ᠂ ᠬᠤᠯᠢᠮᠠᠭ ᠥᠮᠴᠢᠯᠡᠯ ᠤᠨ ᠠᠵᠤ ᠠᠬᠤᠶ ᠪᠠᠷ ᠰᠠᠭᠤᠷᠢ ᠪᠣᠯᠭᠠᠵᠤ᠂ ᠵᠠᠬ᠎ᠠ ᠳᠡᠯᠭᠡᠭᠦᠷ ᠢᠶᠠᠷ | ᠤᠳᠤᠷᠢᠳᠤᠮᠵᠢ ᠪᠣᠯᠭᠠᠵᠤ᠂ ᠰᠢᠩ ᠾᠧ ᠰᠢᠶᠠᠨ ᠤ ᠴᠢᠨᠠᠷ ᠰᠠᠶᠢᠲᠠᠶ ᠲᠠᠷᠢᠶᠠᠯᠠᠩ ᠤᠨ ᠡᠬᠢ ᠪᠠᠶᠠᠯᠢᠭ ᠲᠤ ᠲᠦᠰᠢᠭᠯᠡᠨ᠂ | ᠡᠷᠬᠢᠯᠳᠡᠳᠦ ᠬᠥᠭᠵᠢᠯᠲᠡ ᠪᠠ ᠠᠮᠢ ᠠᠬᠤᠶ ᠶᠢᠨ ᠠᠮᠤᠷ ᠲᠦᠪᠰᠢᠨ ᠢ ᠪᠠᠷᠢᠮᠲᠠᠯᠠᠵᠤ᠂ ︽ᠲᠡᠵᠢᠭᠡᠬᠦ ᠶᠢᠨ ᠲᠥᠯᠥᠭᠡ ᠳᠠᠷᠢᠵᠤ᠂ | ᠲᠡᠵᠢᠭᠡᠬᠦ ᠪᠠᠷ ᠲᠠᠷᠢᠬᠤ ᠶᠢ ᠲᠣᠭᠲᠠᠭᠠᠬᠤ︾ ᠪᠣᠬᠢᠷᠲᠤᠯ ᠥᠬᠡᠶ ᠳᠠᠷᠢᠵᠤ ᠲᠡᠵᠢᠭᠡᠬᠦ ᠡᠷᠬᠢᠯᠳᠡᠳᠦ ᠲᠠᠷᠢᠶᠠᠯᠠᠩ ᠤᠨ ᠵᠠᠭᠪᠤᠷ ᠢ | ᠪᠠᠷᠢᠮᠲᠠᠯᠠᠵᠤ᠂ ᠡᠭᠦᠨ ᠢᠶᠠᠷ ᠲᠠᠷᠢᠶᠠᠴᠢᠳ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠰᠢᠨ᠎ᠡ ᠪᠠᠷ ᠡᠭᠦᠳᠴᠦ᠂ | ᠤᠨᠴᠠᠯᠢᠬᠳᠤ ᠠᠵᠤ ᠦᠢᠯᠡᠰ ᠢᠶᠠᠷ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠳᠠᠶᠢᠴᠢᠯᠠᠵᠤ᠂ | ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠵᠢᠱᠢᠶ᠎ᠡ ᠦᠵᠡᠭᠦᠯᠬᠦ ᠵᠠᠭᠪᠤᠷ ᠢ | ᠬᠠᠩᠭᠠᠨ᠎ᠠ᠃ | ᠦᠬᠡᠷ ᠤᠨ ᠬᠠᠰᠢᠶᠠᠨ ᠳᠠᠬᠢ ᠠᠩᠭᠦᠰ ᠠᠯᠠᠰᠢᠨ ᠦᠬᠡᠷ ᠲᠤ ᠴᠥᠮ ᠣᠶᠤᠨᠴᠢ ᠮᠠᠯᠵᠢᠯ ᠤᠨ ᠲᠠᠯᠠᠪᠠᠶ ᠶᠢᠨ ᠰᠢᠰᠲ᠋ᠧᠮ | ᠤᠭᠰᠠᠷᠠᠵᠤ᠂ ᠦᠬᠡᠷ ᠨᠢᠭᠡᠪᠦᠷᠢ ᠶᠢᠨ ᠴᠢᠬᠢᠨ ᠳᠡᠭᠡᠷᠡᠬᠢ ᠡᠯᠧᠺᠲᠷᠣᠨ ᠱᠣᠰᠢᠭ᠎ᠠ ᠨᠢ ᠲᠤᠭ᠎ᠠ ᠪᠠᠷᠢᠮᠲᠠ ᠶᠢ ᠴᠠᠭ | ᠲᠤᠬᠠᠶ ᠳᠤᠨᠢ ᠡᠭᠦᠯᠡᠨ ᠲᠠᠪᠴᠠᠩ ᠳᠤ ᠳᠠᠮᠵᠢᠭᠤᠯᠵᠤ᠂ ᠰᠡᠭᠦᠳᠡᠷᠯᠡᠬᠦ ᠮᠠᠰᠢᠨ ᠤ ᠣᠷᠣᠨ ᠪᠠᠶᠢᠷᠢ ᠶᠢ ᠲᠣᠭᠲᠠᠭᠠᠵᠤ᠂ ᠪᠥᠬᠦ | ᠲᠠᠯᠠᠪᠠᠶ ᠶᠢᠨ ᠦᠬᠡᠷ ᠤᠨ ᠡᠷᠡᠭᠦᠯ ᠮᠡᠨᠳᠦ ᠶᠢᠨ ᠪᠠᠶᠢᠳᠠᠯ ᠢ ᠬᠢᠨᠠᠨ ᠬᠡᠮᠵᠢᠵᠦ ᠴᠢᠳᠠᠨ᠎ᠠ᠃ ᠲᠤᠰᠬᠠᠶ ᠮᠡᠷᠭᠡᠵᠢᠯᠲᠡᠨ ᠤ | ᠲᠣᠬᠢᠷᠠᠭᠤᠯᠤᠭᠰᠠᠨ ᠲᠡᠵᠢᠭᠡᠯ ᠪᠣᠷᠳᠤᠭ᠎ᠠ ᠪᠠᠷ ᠲᠡᠵᠢᠭᠡᠪᠡᠯ᠂ ᠦᠬᠡᠷ ᠤᠨ ᠦᠰᠦ ᠨᠢ ᠭᠥᠯᠢᠭᠡᠷ᠂ ᠴᠤᠭ ᠵᠢᠪᠬᠤᠭ᠎ᠠ ᠲᠠᠢ᠂ | ᠴᠥᠭᠡᠨ ᠪᠤᠰᠤ ᠦᠬᠡᠷ ᠤᠨ ᠭᠡᠳᠡᠰᠦᠨ ᠳᠤ ᠨᠢᠭᠡᠨᠲᠡ ᠪᠦᠪᠡᠶ ᠲᠠᠢ ᠪᠣᠯᠵᠠᠶ᠂ ᠲᠦᠷᠦᠭᠦᠤ ᠪᠦᠯᠦᠭ ᠠᠯᠠᠰᠢᠨ ᠦᠬᠡᠷ ᠢ ᠪᠠᠷᠤᠭ | 4 ᠰᠠᠷ᠎ᠠ ᠳᠤ ᠤᠶᠢᠯᠡᠳᠪᠤᠷᠢᠯᠡᠵᠤ᠂ ᠡᠬᠡ ᠲᠤᠭᠤᠯ ᠨᠢ ᠳᠠᠬᠢᠨ ᠰᠠᠭᠤᠷᠢ ᠡᠬᠡ ᠮᠠᠯ ᠤᠨ ᠬᠤᠪᠢ ᠪᠠᠷ ᠲᠡᠵᠢᠭᠡᠵᠦ᠂ | ᠥᠪᠡᠷ ᠢᠶᠠᠨ ᠦᠷᠡᠵᠢᠭᠦᠯᠵᠦ ᠥᠪᠡᠷ ᠢᠶᠠᠨ ᠪᠤᠶᠢᠵᠢᠭᠤᠯᠬᠤ ᠪᠠᠷ ᠳᠡᠮᠵᠢᠨ ᠳᠦᠷᠰᠦ ᠶᠢᠨ ᠰᠦᠷᠦᠭ ᠤᠨ ᠬᠡᠪᠴᠢᠶ᠎ᠡ ᠪᠠᠨ | ᠥᠷᠭᠡᠳᠬᠡᠨ᠎ᠡ᠃ ᠲᠤᠰᠬᠠᠶ ᠮᠡᠷᠭᠡᠵᠢᠯᠲᠡᠨ ᠤ ᠨᠠᠶᠢᠷᠠᠭᠤᠯᠤᠭᠰᠠᠨ ᠲᠡᠵᠢᠭᠡᠯ ᠪᠣᠷᠳᠤᠭ᠎ᠠ ᠪᠠᠷ ᠲᠡᠵᠢᠭᠡᠪᠡᠯ᠂ ᠦᠬᠡᠷ ᠤᠨ | ᠦᠰᠦ ᠨᠢ ᠭᠥᠯᠢᠭᠡᠷ᠂ ᠴᠤᠭ ᠵᠢᠪᠬᠤᠭ᠎ᠠ ᠲᠠᠢ᠂ ᠴᠥᠭᠡᠨ ᠪᠤᠰᠤ ᠦᠬᠡᠷ ᠤᠨ ᠭᠡᠳᠡᠰᠦᠨ ᠳᠤ ᠨᠢᠭᠡᠨᠲᠡ ᠪᠦᠪᠡᠶ ᠲᠠᠢ ᠪᠣᠯᠵᠠᠶ᠃ | ᠬᠤᠷᠰᠢᠶ᠎ᠠ ᠨᠢ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ᠂ ᠡᠰᠢ ᠰᠦᠷᠡᠯ — ᠦᠬᠡᠷ — ᠠᠮᠢᠳᠤ | ᠪᠣᠳᠠᠰ ᠤᠨ ᠪᠣᠷᠲᠣᠭᠤᠷ — ᠠᠮᠤ ᠪᠤᠳᠠᠭ᠎ᠠ︾ ᠶᠢᠨ ᠠᠮᠢ ᠠᠬᠤᠶ ᠶᠢᠨ ᠲᠡᠵᠢᠭᠡᠨ ᠦᠷᠡᠵᠢᠭᠦᠯᠬᠦ ᠵᠠᠭᠪᠤᠷ ᠢ ᠬᠡᠷᠡᠭᠯᠡᠨ᠂ | ᠦᠬᠡᠷ ᠤᠨ ᠠᠵᠤ ᠤᠶᠢᠯᠡᠰ ᠤᠨ ᠰᠠᠶᠢᠨ ᠣᠷᠴᠢᠯᠲᠤ ᠬᠥᠭᠵᠢᠯᠲᠡ ᠶᠢ ᠠᠬᠢᠭᠤᠯᠬᠤ ᠶᠢᠨ ᠬᠠᠮᠲᠤ ᠠᠵᠤ ᠤᠶᠢᠯᠡᠰ ᠤᠨ | ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ᠪᠥᠬᠦ ᠰᠢᠶᠠᠩ ᠤᠨ 5000 ᠭᠠᠷᠤᠶ ᠬᠥᠮᠦᠨ ᠢ ᠳᠠᠶᠢᠴᠢᠯᠠᠨ | ᠣᠷᠣᠯᠭ᠎ᠠ ᠶᠢ ᠨᠢ ᠨᠡᠮᠡᠭᠳᠡᠭᠦᠯᠵᠦ ᠪᠣᠯᠤᠨ᠎ᠠ᠃ ᠲᠠᠷᠢᠶᠠᠴᠢᠳ ᠲᠤ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠪᠠ ᠪᠣᠬᠢᠷᠲᠤᠯ | ᠦᠭᠡᠢ ᠣᠷᠴᠢᠯ ᠠᠵᠤ ᠠᠬᠤᠶ ᠶᠢᠨ ᠳᠤᠮᠳᠠ ᠠᠴᠠ ᠦᠨᠡᠨ ᠬᠦ ᠨᠡᠩ ᠤᠯᠠᠨ ᠠᠰᠢᠭ ᠣᠷᠣᠯᠭ᠎ᠠ ᠪᠠ ᠪᠣᠳᠠᠲᠤ ᠠᠰᠢᠭ | ᠬᠦᠷᠲᠡᠭᠡᠨ᠎ᠡ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |