ᠰᠢᠩ ᠾᠧ ᠰᠢᠶᠠᠨ ᠤ ︽ᠬᠤᠷ᠎ᠠ ᠶᠢᠨ ᠰᠢᠭᠦᠳᠡᠷᠢ ᠶᠢᠨ ᠲᠥᠯᠥᠪᠯᠡᠭᠡ︾ ᠨᠢ ᠶᠠᠳᠠᠭᠤ ᠠᠶᠢᠯ ᠤᠨ ᠰᠤᠷᠤᠭᠴᠢᠳ ᠤᠨ ᠳᠣᠲᠣᠭᠠᠳᠤ ᠶᠢᠨ ᠬᠥᠳᠡᠯᠭᠡᠬᠦ ᠬᠦᠴᠦᠨ ᠢ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠰᠡᠯ ᠵᠡᠭᠦᠳᠦ ᠶᠢ ᠲᠡᠷᠭᠡᠯᠰᠢᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/4/12
     ᠰᠢᠩ ᠾᠧ ᠰᠢᠶᠠᠨ ᠤ ︽ᠬᠤᠷ᠎ᠠ ᠶᠢᠨ ᠰᠢᠭᠦᠳᠡᠷᠢ ᠶᠢᠨ ᠲᠥᠯᠥᠪᠯᠡᠭᠡ︾ ᠪᠣᠯ ᠲᠠᠩᠰᠠ ᠡᠪᠬᠡᠮᠡᠯ ᠪᠠᠶᠢᠭᠤᠯᠤᠨ ᠺᠠᠷᠲᠯᠠᠨ ᠶᠠᠳᠠᠭᠤ ᠠᠴᠠ ᠠᠩᠭᠢᠵᠢᠷᠠᠭᠰᠠᠨ ᠡᠷᠦᠬᠡ ︵ᠲᠥᠷᠥ ᠶᠢᠨ ᠪᠣᠳᠣᠯᠭ᠎ᠠ ᠭᠥᠷᠳᠡᠨ᠎ᠡ︶ ᠵᠢᠴᠢ ᠬᠢᠨᠠᠨ ᠰᠢᠯᠭᠠᠬᠤ ᠡᠷᠦᠬᠡ ᠶᠢᠨ ᠬᠡᠷ ᠪᠦᠯᠢ ︵ᠤᠤᠯ ᠤᠨ ᠲᠠᠩᠰᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯᠲᠡᠶ ᠬᠡᠷ ᠪᠦᠯᠢ᠂ ᠳᠣᠷᠣᠭᠰᠢ ᠠᠳᠠᠯᠢ︶ ᠶᠢᠨ ᠦᠷ᠎ᠡ ᠬᠡᠤᠬᠡᠳ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠭᠥᠷᠳᠡᠬᠦ ᠶᠢ ᠬᠥᠲᠥᠯᠦᠨ ᠵᠢᠯᠣᠭᠤᠳᠬᠤ ᠪᠠ ᠳᠡᠮᠵᠢᠵᠦ ︵ᠡᠩ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠨᠠᠰᠤᠨ ᠳᠤ ᠭᠦᠷᠦᠭᠰᠡᠳ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ᠃ ᠳᠣᠷᠣᠭᠰᠢ ᠠᠳᠠᠯᠢ︶᠂ ᠤᠷ᠎ᠠ ᠮᠡᠷᠭᠡᠵᠢᠯ ᠤᠨ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠬᠦ᠂ ᠲᠣᠭᠲᠠᠭᠤᠨ ᠠᠵᠢᠯ ᠣᠯᠭᠤᠯᠲᠠ ᠶᠢ ᠠᠬᠢᠭᠤᠯᠬᠤ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃      ︽ᠬᠤᠷ᠎ᠠ ᠶᠢᠨ ᠰᠢᠭᠦᠳᠡᠷᠢ ᠶᠢᠨ ᠲᠥᠯᠥᠪᠯᠡᠭᠡ︾ ᠶᠢ 2020 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠬᠡᠷᠡᠭᠵᠢᠭᠦᠯᠦᠭᠰᠡᠨ ᠠᠴᠠ ᠨᠠᠰᠢ᠂ ᠰᠢᠩ ᠾᠧ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠰᠤᠷᠭᠠᠭᠤᠯᠢ ᠳᠤ ᠪᠠᠶᠢᠭ᠎ᠠ ᠪᠠ ᠰᠢᠨ᠎ᠡ ᠪᠠᠷ ᠰᠤᠷᠭᠠᠭᠤᠯᠢ ᠳᠤ ᠣᠷᠣᠭᠰᠠᠨ ᠳᠡᠩᠰᠡᠯᠡᠨ ᠺᠠᠷᠲᠯᠠᠭᠰᠠᠨ ᠶᠠᠳᠠᠭᠤ ᠠᠴᠠ ᠠᠩᠭᠢᠵᠢᠷᠠᠭᠤᠯᠬᠤ ᠡᠷᠦᠬᠡ ︵ᠲᠥᠷᠥ ᠶᠢᠨ ᠪᠣᠳᠣᠯᠭ᠎ᠠ ᠭᠥᠷᠳᠡᠬᠦ︶ ᠵᠢᠴᠢ ᠬᠢᠨᠠᠨ ᠰᠢᠯᠭᠠᠬᠤ ᠡᠷᠦᠬᠡ ᠶᠢᠨ ᠬᠡᠷ ᠪᠦᠯᠢ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠭᠥᠷᠳᠡᠵᠦ ᠪᠠᠶᠢᠭ᠎ᠠ ᠦᠷ᠎ᠡ ᠬᠡᠤᠬᠡᠳ ᠲᠤ ᠰᠤᠷᠤᠯᠭ᠎ᠠ ᠶᠢᠨ ᠬᠤᠭᠤᠴᠠᠭ᠎ᠠ ᠪᠦᠷᠢ ᠳᠤ ᠰᠣᠷᠣᠭᠴᠢ ᠨᠢᠭᠡᠪᠦᠷᠢ ᠳᠤ 1500 ᠲᠥᠭᠦᠷᠢᠭ ᠤᠨ ᠨᠥᠬᠦᠪᠥᠷᠢ ᠣᠯᠭᠤᠨ᠎ᠠ᠃ 2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠡᠴᠦᠰ ᠪᠣᠯᠲᠠᠯ᠎ᠠ᠂ ᠡᠳ᠋ ᠤᠨ ᠵᠠᠰᠠᠭ ᠤᠨ ᠲᠤᠰᠬᠠᠶ ᠪᠠᠯᠠ ᠮᠥᠩᠭᠦ ᠶᠢ ᠨᠡᠶᠢᠲᠡ 48.3 ᠲᠦᠮᠡᠨ ᠲᠥᠭᠦᠷᠢᠭ ᠣᠷᠣᠭᠤᠯᠵᠤ᠂ ︽ᠬᠤᠷ᠎ᠠ ᠶᠢᠨ ᠰᠢᠭᠦᠳᠡᠷᠢ ᠶᠢᠨ ᠲᠥᠯᠥᠪᠯᠡᠭᠡ︾ ᠶᠢᠨ ᠨᠥᠬᠦᠪᠥᠷᠢ ᠶᠢᠨ ᠵᠤᠶᠢᠯᠡᠰ ᠲᠤ ᠬᠡᠷᠡᠭᠯᠡᠵᠦ᠂ ᠨᠡᠶᠢᠲᠡ 322 ᠬᠥᠮᠦᠨ ᠤᠳᠠᠭ᠎ᠠ ᠠᠰᠢᠭ ᠭᠥᠷᠳᠡᠭᠰᠡᠨ ᠪᠠᠶᠢᠨ᠎ᠠ᠃ ᠡᠭᠦᠨ ᠳᠤ᠄ 2020 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ 11.7 ᠲᠦᠮᠡᠨ ᠲᠥᠭᠦᠷᠢᠭ ᠣᠷᠣᠭᠤᠯᠵᠤ᠂ ᠰᠣᠷᠣᠭᠴᠢ ᠳᠤ 78 ᠬᠥᠮᠦᠨ ᠤᠳᠠᠭ᠎ᠠ ᠨᠥᠬᠦᠪᠥᠷᠢ ᠥᠭᠭᠦᠨ᠎ᠡ︔ 2021 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ 14.85 ᠲᠦᠮᠡᠨ ᠲᠥᠭᠦᠷᠢᠭ ᠣᠷᠣᠭᠤᠯᠵᠤ᠂ ᠰᠣᠷᠣᠭᠴᠢ ᠳᠤ 99 ᠬᠥᠮᠦᠨ ᠤᠳᠠᠭ᠎ᠠ ᠨᠥᠬᠦᠪᠥᠷᠢᠯᠡᠪᠡ︔ 2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ 16.95 ᠲᠦᠮᠡᠨ ᠲᠥᠭᠦᠷᠢᠭ ᠣᠷᠣᠭᠤᠯᠵᠤ᠂ ᠰᠣᠷᠣᠭᠴᠢ ᠳᠤ 113 ᠬᠥᠮᠦᠨ ᠤᠳᠠᠭ᠎ᠠ ᠨᠥᠬᠦᠪᠥᠷᠢᠯᠡᠪᠡ︔ ᠨᠡᠶᠢᠲᠡ 4.8 ᠲᠦᠮᠡᠨ ᠲᠥᠭᠦᠷᠢᠭ ᠤᠨ ᠳᠤᠲᠠᠭᠤ ᠮᠡᠳᠡᠭᠦᠯᠦᠭᠰᠡᠨ ᠨᠥᠬᠦᠪᠥᠷᠢ ᠮᠥᠩᠭᠦ ᠶᠢ ᠨᠥᠬᠦᠪᠥᠷᠢᠯᠡᠨ ᠲᠠᠷᠬᠠᠭᠠᠵᠤ᠂ 32 ᠬᠥᠮᠦᠨ ᠤᠳᠠᠭ᠎ᠠ ᠶᠢᠨ ᠰᠤᠷᠤᠭᠴᠢ ᠳᠤ ᠨᠥᠬᠦᠪᠥᠷᠢ ᠥᠭᠪᠡ᠃      ︽ᠬᠤᠷ᠎ᠠ ᠶᠢᠨ ᠰᠢᠭᠦᠳᠡᠷᠢ ᠶᠢᠨ ᠲᠥᠯᠥᠪᠯᠡᠭᠡ︾ ᠶᠢ ᠪᠦᠲᠦᠮᠵᠢᠲᠡᠶ ᠬᠡᠷᠡᠭᠵᠢᠭᠦᠯᠵᠦ᠂ ᠰᠤᠷᠤᠯᠴᠠᠬᠤ ᠬᠦᠰᠡᠯ ᠢᠶᠠᠷ ᠴᠢᠩᠭ᠎ᠠ ᠪᠠᠶᠢᠭ᠎ᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠠᠴᠠ ᠠᠩᠭᠢᠵᠢᠷᠠᠭᠤᠯᠬᠤ ᠡᠷᠦᠬᠡ ︵ᠲᠥᠷᠥ ᠶᠢᠨ ᠪᠣᠳᠣᠯᠭ᠎ᠠ ᠶᠢ ᠡᠳ᠋ᠯᠡᠬᠦ︶ ᠵᠢᠴᠢ ᠬᠢᠨᠠᠨ ᠰᠢᠯᠭᠠᠬᠤ ᠡᠷᠦᠬᠡ ᠶᠢᠨ ᠭᠡᠷ ᠪᠦᠯᠢ ᠶᠢᠨ ᠰᠤᠷᠤᠭᠴᠢᠳ ᠢ ᠶᠠᠳᠠᠭᠤ ᠬᠦᠴᠢᠷᠳᠡᠯᠲᠡᠶ ᠠᠴᠠ ᠪᠣᠯᠵᠤ ᠰᠤᠷᠤᠯᠭ᠎ᠠ ᠠᠯᠳᠠᠬᠤ᠂ ᠶᠠᠳᠠᠭᠤ ᠬᠦᠴᠢᠷᠳᠡᠯᠲᠡᠶ ᠠᠴᠠ ᠪᠣᠯᠵᠤ ᠰᠤᠷᠤᠯᠭ᠎ᠠ ᠪᠠᠨ ᠳᠣᠷᠭᠤᠨ ᠵᠣᠭᠰᠣᠬᠤ᠂ ᠰᠤᠷᠤᠯᠭ᠎ᠠ ᠠᠴᠠ ᠪᠠᠨ ᠪᠣᠯᠵᠤ ᠳᠠᠬᠢᠨ ᠶᠠᠳᠠᠭᠤᠷᠠᠬᠤ ᠦᠭᠡᠶ ᠪᠣᠯᠭᠠᠵᠤ᠂ ᠲᠠᠩᠰᠠ ᠡᠪᠬᠡᠮᠡᠯ ᠪᠠᠶᠢᠭᠤᠯᠵᠤ ᠺᠠᠷᠲᠯᠠᠨ ᠶᠠᠳᠠᠭᠤ ᠠᠴᠠ ᠠᠩᠭᠢᠵᠢᠷᠠᠭᠤᠯᠬᠤ ᠡᠷᠦᠬᠡ ︵ᠲᠥᠷᠥ ᠶᠢᠨ ᠪᠣᠳᠣᠯᠭ᠎ᠠ ᠶᠢ ᠡᠳ᠋ᠯᠡᠨ᠎ᠡ︶ ᠵᠢᠴᠢ ᠬᠢᠨᠠᠨ ᠰᠢᠯᠭᠠᠬᠤ ᠡᠷᠦᠬᠡ ᠶᠢᠨ ᠬᠡᠷ ᠪᠦᠯᠢ ᠶᠢᠨ ᠰᠤᠷᠤᠭᠴᠢᠳ ᠤᠨ ︽ᠮᠡᠳᠡᠯᠭᠡ ᠪᠠᠷ ᠬᠤᠪᠢ ᠵᠠᠶᠠᠭ᠎ᠠ ᠪᠠᠨ ᠬᠤᠪᠢᠷᠠᠭᠤᠯᠬᠤ︾ ᠪᠠᠶᠠᠵᠢᠬᠤ ᠬᠦᠰᠡᠯ ᠢ ᠪᠡᠶᠡᠯᠡᠭᠦᠯᠬᠦ ᠶᠢ ᠳᠡᠮᠵᠢᠵᠦ᠂ ᠲᠠᠩᠰᠠ ᠡᠪᠬᠡᠮᠡᠯ ᠪᠠᠶᠢᠭᠤᠯᠵᠤ ᠺᠠᠷᠲᠯᠠᠨ ᠶᠠᠳᠠᠭᠤ ᠠᠴᠠ ᠠᠩᠭᠢᠵᠢᠷᠠᠭᠤᠯᠬᠤ ᠡᠷᠦᠬᠡ ︵ᠲᠥᠷᠥ ᠶᠢᠨ ᠪᠣᠳᠣᠯᠭ᠎ᠠ ᠶᠢ ᠡᠳ᠋ᠯᠡᠨ᠎ᠡ︶ ᠵᠢᠴᠢ ᠬᠢᠨᠠᠨ ᠰᠢᠯᠭᠠᠬᠤ ᠡᠷᠦᠬᠡ ᠶᠢᠨ ᠬᠡᠷ ᠪᠦᠯᠢ ᠶᠢᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠳᠤ ᠠᠰᠢᠭᠲᠠᠶ ᠪᠠᠶᠢᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶ᠋ᠳᠪᠦᠷᠢᠯᠡᠭᠰᠡᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠳᠤ ᠢᠳᠡᠪᠬᠢᠲᠡᠶ  ᠤᠶᠢᠯᠡᠳᠤᠯ ᠦᠵᠡᠭᠦᠯᠪᠡ᠃                                        ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                                    ᠤᠷᠴᠢᠭᠤᠯᠤᠭᠴᠢ᠄ ᠨᠠᠷᠠᠰᠤ                                    ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3