ᠰᠦᠢ ᠸᠧᠢ ᠵᠢᠶᠦ᠋ᠨ ᠵᠦᠸᠧᠽᠢ ᠰᠢᠶᠠᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠰᠢᠩ ᠡᡁᠧ ᠰᠢᠶᠠᠨ ᠤ ᠱᠠᠯᠠᠪᠳᠠᠭᠤᠯᠤᠨ ᠰᠢᠢᠳᠪᠦᠷᠢᠯᠡᠬᠦ ᠲᠥᠪ ᠤᠨ ᠭᠤᠷᠪᠠᠳᠤᠭᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠳᠤ ᠴᠢᠬᠤᠯᠠᠴᠢᠯᠠᠭᠰᠠᠨ ᠨᠢ ᠠᠷᠠᠳ ᠲᠦᠮᠡᠨ ᠤ ᠵᠣᠭᠰᠣᠯᠲᠠ ᠳᠤ ᠵᠣᠭᠰᠣᠵᠤ ᠠᠵᠢᠯ ᠤᠨ ᠰᠤᠷᠲᠠᠯ ᠢᠶᠠᠨ ᠬᠤᠪᠢᠷᠠᠭᠤᠯᠵᠤ ᠴᠡᠭᠴᠡᠯᠡᠨ ᠰᠠᠶᠢᠵᠢᠷᠠᠭᠤᠯᠬᠤ ᠣᠪᠣᠷ ᠢᠶᠠᠨ ᠲᠥᠪ ᠪᠣᠯᠭᠠᠵᠤ ᠬᠠᠤᠯᠢ ᠲᠣᠭᠲᠠᠭᠠᠯ ᠶᠣᠰᠣᠭᠠᠷ ᠦᠨᠡᠨ ᠢ ᠪᠠᠷᠢᠮᠲᠠᠯᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ
ᠨᠡᠶᠢᠲᠡᠯᠡᠭᠰᠡᠨ ᠴᠠᠭ᠄
2022/4/13
   
     4 ᠰᠠᠷ᠎ᠠ ᠶᠢᠨ 10 ᠤ ᠡᠳᠦᠷ᠂ ᠬᠤᠳᠠ ᠶᠢᠨ ᠨᠠᠮ ‍ᠤᠨ‌ᠬᠤᠷᠢᠶ᠎ᠠ ᠶᠢᠨ ᠱᠦᠵᠢ ᠰᠦᠢ ᠸᠧᠢ ᠵᠢᠶᠦ᠋ᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠧᠨ ᠵᠢᠶᠠ ᠳ᠋ᠢ ᠲᠣᠰᠬᠤᠨ ᠳᠤ ᠭᠦᠨᠵᠡᠭᠡᠶᠢᠷᠡᠵᠦ᠂ ᠲᠥᠪ ᠤᠨ ᠭᠤᠷᠪᠠᠳᠤᠭᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠰᠢᠢᠳᠪᠦᠷᠢᠯᠡᠪᠡ᠃ ᠸᠠᠩ ᠵᠢᠶᠦ᠋ᠨ ᠫᠢᠩ ᠰᠡᠭᠦᠳᠡᠷᠯᠡᠪᠡ      4 ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠵᠦᠸᠧᠽᠢ ᠰᠢᠶᠠᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠰᠢᠩ ᠡᡁᠧ ᠰᠢᠶᠠᠨ ᠳᠤ ᠭᠦᠨᠵᠡᠭᠡᠶᠢᠷᠡᠵᠦ᠂ ᠲᠥᠪ ᠤᠨ ᠭᠤᠷᠪᠠᠳᠤᠭᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠰᠢᠢᠳᠪᠦᠷᠢᠯᠡᠭᠰᠡᠨ ᠪᠥᠭᠡᠳ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠲᠠᠬᠢᠨ ᠪᠠᠶᠢᠷᠢᠯᠠᠭᠤᠯᠵᠤ᠂ ᠲᠠᠬᠢᠨ ᠠᠬᠢᠭᠤᠯᠪᠠ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠤᠯᠤᠰ ᠤᠨ ᠲᠤᠮᠤ ᠬᠥᠮᠦᠰ︾ ᠲᠤ ᠵᠣᠭᠰᠣᠵᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠬᠡᠷᠡᠭ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠯᠠᠨ ᠤ ᠬᠠᠨᠤᠮᠵᠢᠲᠠᠢ ᠪᠠᠶᠢᠬᠤ ᠪᠠᠷ ᠪᠠᠷᠢᠮᠵᠢᠶ᠎ᠠ ᠪᠣᠯᠭᠠᠵᠤ᠂ ᠬᠠᠤᠯᠢ ᠲᠣᠭᠲᠠᠭᠠᠯ ᠶᠣᠰᠣᠭᠠᠷ᠂ ᠦᠨᠡᠨ ᠢ ᠪᠠᠷᠢᠮᠲᠠᠯᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃      ᠵᠦᠸᠧᠽᠢ ᠰᠢᠶᠠᠨ ᠤ ᠳ᠋ᠠ ᠢᠦᠢ ᠱᠤ ᠰᠢᠶᠠᠩ ᠤᠨ ᠳ᠋ᠠ ᠰᠦ ᠵᠢᠢ ᠮᠤᠯᠢᠪᠳᠧᠨ ᠤ ᠠᠭᠤᠷᠬᠠᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠮᠧᠩ ᠵᠦᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠬᠢᠵᠠᠭᠠᠷᠲᠤ ᠺᠣᠮᠫᠠᠨᠢ᠂ ᠰᠢᠩ ᠡᡁᠧ ᠰᠢᠶᠠᠨ ᠤ ᠢ ᠯᠢ ᠬᠤᠳᠬᠤᠨ ᠵᠢᠭᠤᠷᠠᠬᠤ ᠦᠷᠲᠡᠭᠡ ᠵᠡᠷᠭᠡ ᠭᠠᠵᠠᠷ ᠲᠤ᠂ ᠰᠦᠢ ᠸᠧᠢ ᠵᠢᠶᠦ᠋ᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠤᠨ ᠲᠣᠭᠤᠷᠢᠨ ᠳᠤ᠂ ᠪᠣᠬᠢᠷᠲᠤᠯ ᠪᠣᠳᠠᠰ ᠢ ᠰᠢᠢᠳᠪᠦᠷᠢᠯᠡᠬᠦ᠂ ᠤᠷᠭᠤᠮᠠᠯ ᠤᠨ ᠪᠦᠷᠬᠦᠴᠡ ᠶᠢ ᠰᠡᠷᠭᠦᠭᠡᠬᠦ᠂ ᠠᠭᠤᠷᠬᠠᠢ ᠶᠢ ᠵᠠᠰᠠᠬᠤ ᠵᠡᠷᠭᠡ ᠠᠵᠢᠯ ᠢ ᠪᠣᠳᠠᠲᠠᠢ ᠭᠠᠵᠠᠷ ᠲᠤᠨᠢ ᠪᠠᠶᠢᠴᠠᠭᠠᠵᠠᠢ᠃ ᠲᠡᠷᠡ᠂ ᠲᠥᠪ ᠤᠨ ᠭᠤᠷᠪᠠᠳᠤᠭᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠴᠡᠭᠴᠡᠯᠡᠨ ᠵᠠᠰᠠᠬᠤ ᠠᠵᠢᠯ ᠪᠣᠯ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠤᠯᠤᠰ ᠲᠦᠷᠦᠴᠢ ᠴᠢᠨᠠᠷ᠂ ᠲᠥᠪ ᠴᠢᠩᠭ᠎ᠠ ᠴᠢᠨᠠᠷ᠂ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠬᠦ ᠶᠢ ᠪᠠᠷᠢᠮᠲᠠᠯᠠᠵᠤ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠵᠢᠯ ᠤᠨ ᠰᠤᠷᠲᠠᠯ ᠢᠶᠠᠨ ᠦᠨᠡᠨᠬᠦ ᠬᠤᠪᠢᠷᠠᠭᠤᠯᠵᠤ᠂ ︽ᠪᠣᠭᠤᠮᠲᠠ ᠥᠩᠭᠡᠷᠡᠬᠦ︾ ᠦᠵᠡᠯ ᠰᠠᠨᠠᠭ᠎ᠠ ᠶᠢ ᠲᠡᠪᠴᠢᠵᠦ᠂ ᠠᠷᠭᠠᠴᠠᠬᠤ ᠰᠡᠳᠬᠢᠴᠡ ᠶᠢᠨ ᠪᠠᠶᠢᠳᠠᠯ ᠢᠶᠠᠨ ᠲᠠᠶᠠᠭᠳᠠᠵᠤ᠂ ᠱᠠᠯᠠᠪᠳᠠᠭᠤᠯᠤᠨ ᠪᠠᠶᠢᠴᠠᠭᠠᠯᠲᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠨ ᠬᠠᠷᠭᠤᠭᠤᠯᠵᠤ᠂ ᠲᠤᠰᠢᠶᠠᠨ ᠰᠢᠢᠳᠪᠦᠷᠢᠯᠡᠭᠦᠯᠦᠭᠰᠡᠨ ᠬᠡᠷᠡᠭ ᠢ ᠴᠡᠭᠴᠡᠯᠡᠨ ᠰᠠᠶᠢᠵᠢᠷᠠᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ᠃ ᠪᠣᠬᠢᠷᠲᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠰᠢᠭᠯᠠᠬᠤ ᠪᠠ ᠬᠠᠮᠠᠭᠠᠯᠠᠬᠤ ᠪᠦᠬᠦ ᠶᠠᠪᠤᠴᠠ ᠳᠤ ᠲᠤᠤᠱᠯᠠᠭᠤᠯᠬᠤ ᠬᠡᠷᠡᠭᠲᠡᠢ᠃ ︽ᠴᠡᠭᠴᠡᠯᠡᠨ ᠰᠠᠶᠢᠵᠢᠷᠠᠭᠤᠯᠬᠤ ᠪᠣᠯ ᠮᠥᠨ ᠴᠦ ᠬᠥᠭᠵᠢᠭᠦᠯᠦᠯᠲᠡ ᠮᠥᠨ︾ ᠭᠡᠬᠦ ᠣᠶᠢᠯᠠᠭᠠᠭᠳᠠᠬᠤᠨ ᠢ ᠪᠣᠶ ᠪᠣᠯᠭᠠᠵᠤ᠂ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠡᠭᠦᠳᠡᠨ ᠠᠴᠠ᠂ ᠠᠷᠠᠳ ᠣᠯᠠᠨ ᠤ ᠬᠠᠤᠯᠢ ᠶᠣᠰᠣᠨ ᠤ ᠠᠰᠢᠭ ᠲᠤᠰᠠ ᠶᠢ ᠬᠠᠮᠠᠭᠠᠯᠠᠬᠤ ᠡᠭᠦᠳᠡᠨ ᠠᠴᠠ᠂ ᠦᠨᠡᠨ ᠰᠡᠳᠬᠢᠯ ᠤᠨ ᠣᠪᠣᠷ ᠢᠶᠠᠷ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠢ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠵᠦ᠂ ᠡᠷᠡᠰ ᠢᠶᠠᠷ ᠴᠡᠭᠴᠡᠯᠡᠨ ᠰᠠᠶᠢᠵᠢᠷᠠᠭᠤᠯᠵᠤ᠂ ᠮᠠᠨ ᠤ ᠬᠤᠲᠠ ᠶᠢᠨ ᠠᠮᠢ ᠠᠬᠤᠶ ᠶᠢᠨ ᠣᠷᠴᠢᠨ ᠨᠥᠬᠦᠴᠡᠯ ᠤᠨ ᠦᠷᠭᠦᠯᠵᠢᠯᠡᠨ ᠰᠠᠶᠢᠵᠢᠷᠠᠬᠤ ᠶᠢ ᠳᠥᠯᠭᠢᠨ ᠠᠬᠢᠭᠤᠯᠵᠤ᠂ ᠠᠵᠤ ᠠᠬᠤᠶ ᠶᠢᠨ ᠪᠣᠬᠢᠷᠲᠤᠯ ᠥᠬᠡᠶ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠬᠦ ᠬᠡᠷᠡᠭᠲᠡᠶ᠃      ᠰᠦᠢ ᠸᠧᠢ ᠵᠢᠶᠦ᠋ᠨ ᠴᠢᠬᠤᠯᠠᠴᠢᠯᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠲᠤᠰᠬᠠᠢ ᠠᠩᠬᠢ ᠪᠠᠶᠢᠭᠤᠯᠵᠤ᠂ ᠦᠨᠡᠨ ᠠᠴᠠ ᠵᠥᠪ ᠢ ᠡᠷᠢᠵᠦ᠂ ᠬᠠᠤᠯᠢ ᠲᠣᠭᠲᠠᠭᠠᠯ ᠶᠣᠰᠣᠭᠠᠷ ᠠᠰᠠᠭᠤᠳᠠᠯ ᠢ ᠬᠢᠨᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠶᠢᠳᠠᠯ ᠢ ᠲᠣᠳᠣᠷᠬᠠᠢ ᠪᠣᠯᠭᠠᠵᠤ᠂ ᠠᠰᠠᠭᠤᠳᠠᠯ ᠢ ᠲᠣᠳᠣᠷᠬᠠᠢ ᠪᠣᠯᠭᠠᠵᠤ᠂ ᠠᠰᠠᠭᠤᠳᠠᠯ ᠢ ᠨᠢᠭᠤᠵᠤ ᠳᠠᠯᠳᠠᠯᠠᠬᠤ ᠦᠭᠡᠢ᠂ ᠵᠥᠷᠢᠴᠡᠯ ᠠᠴᠠ ᠵᠠᠶᠢᠯᠠᠬᠤ ᠦᠭᠡᠢ ᠪᠠᠶᠢᠬᠤ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠪᠦᠬᠦ ᠬᠤᠳᠠ ᠶᠢᠨ ᠡᠯ᠎ᠡ ᠲᠠᠯ᠎ᠠ ᠡᠯ᠎ᠡ ᠬᠦᠷᠢᠶᠡᠨ ᠳᠤ ᠣᠷᠣᠰᠢᠵᠤ ᠪᠠᠶᠢᠭ᠎ᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠤᠪᠤᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠭᠦᠨᠵᠡᠭᠡᠢ ᠨᠠᠷᠢᠨ ᠨᠢᠮᠪᠠᠢ ᠪᠠᠶᠢᠴᠠᠭᠠᠵᠤ᠂ ᠭᠦᠨᠵᠡᠭᠡᠢ ᠵᠠᠳᠠᠯᠤᠨ ᠰᠤᠳᠤᠯᠵᠤ ᠮᠠᠭᠠᠳᠯᠠᠨ᠂ ᠴᠢᠭᠯᠡᠭᠦᠯᠬᠦ ᠴᠢᠨᠠᠷᠲᠠᠢ ᠴᠡᠭᠴᠡᠯᠡᠨ ᠰᠠᠶᠢᠵᠢᠷᠠᠭᠤᠯᠬᠤ ᠠᠷᠭ᠎ᠠ  ᠬᠡᠮᠵᠢᠶ᠎ᠡ ᠠᠪᠴᠤ᠂ ᠨᠢᠭᠡ ᠶᠢ ᠢᠯᠡᠷᠡᠭᠦᠯᠪᠡᠯ ᠨᠢᠭᠡ ᠶᠢ ᠴᠡᠭᠴᠡᠯᠡᠨ ᠰᠠᠶᠢᠵᠢᠷᠠᠭᠤᠯᠵᠤ᠂ ᠲᠡᠷᠡ ᠴᠢᠭ ᠢᠶᠠᠷ ᠨᠢ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠬᠦ ᠬᠡᠷᠡᠭᠲᠡᠢ᠃      ᠰᠦᠢ ᠸᠧᠢ ᠵᠢᠶᠦ᠋ᠨ ᠱᠠᠭᠠᠷᠳᠠᠭᠰᠠᠨ ᠨᠢ᠂ ᠬᠤᠰᠢᠭᠤ ᠰᠢᠶᠠᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠪᠦᠬᠦ ᠶᠠᠪᠤᠴᠠ ᠶᠢᠨ ᠬᠢᠨᠠᠨ ᠬᠠᠮᠢᠶᠠᠷᠤᠯᠲᠠ᠂ ᠪᠦᠬᠦ ᠶᠠᠪᠤᠴᠠ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠭᠦᠨᠵᠡᠭᠡᠢ ᠬᠢᠨᠠᠨ ᠪᠠᠶᠢᠴᠠᠭᠠᠵᠤ᠂ ᠬᠡᠷᠡᠭ ᠢ ᠬᠡᠳᠡᠷᠬᠦ ᠪᠠᠶᠢᠴᠠᠭᠠᠵᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠤᠨᠢᠨ ᠳᠡᠭᠡᠷ᠎ᠡ ᠨᠢ ᠬᠠᠷᠢᠭᠤᠴᠠᠯᠭ᠎ᠠ ᠨᠡᠬᠡᠮᠵᠢᠯᠡᠬᠦ ᠶᠢ ᠪᠡᠶᠡᠯᠡᠭᠦᠯᠬᠦ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠬᠠᠷᠢᠭᠤ ᠲᠤᠰᠬᠠᠭᠰᠠᠨ ᠬᠡᠷᠡᠭ ᠢ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠤᠯᠠᠨ ᠲᠦᠮᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠵᠥᠷᠢᠴᠡᠯ ᠢ ᠪᠦᠬᠦ ᠬᠦᠴᠦᠨ ᠢᠶᠠᠷ ᠢᠶᠠᠨ ᠠᠷᠢᠯᠭᠠᠵᠤ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠵᠣᠬᠢᠰᠲᠠᠢ ᠰᠢᠢᠳᠪᠦᠷᠢᠯᠡᠵᠦ᠂ ᠠᠰᠠᠭᠤᠳᠠᠯ ᠢ ᠪᠠᠶᠢᠴᠠᠭᠠᠨ ᠲᠤᠳᠤᠯᠠᠬᠤ ᠦᠭᠡᠢ ᠪᠣᠯ ᠵᠦᠭᠡᠷ ᠲᠠᠯᠪᠢᠬᠤ ᠦᠭᠡᠢ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ ᠪᠣᠯ ᠵᠦᠭᠡᠷ ᠲᠠᠯᠪᠢᠬᠤ ᠦᠭᠡᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ ᠪᠣᠯ ᠵᠦᠭᠡᠷ ᠲᠠᠯᠪᠢᠬᠤ ᠦᠭᠡᠢ᠂ ᠤᠯᠠᠨ ᠲᠦᠮᠡᠨ ᠰᠡᠳᠬᠢᠯ ᠬᠠᠨᠤᠮᠵᠢ ᠦᠭᠡᠢ ᠪᠣᠯ ᠵᠦᠭᠡᠷ ᠲᠠᠯᠪᠢᠬᠤ ᠦᠭᠡᠢ ᠪᠠᠶᠢᠬᠤ ᠶᠢ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠨᠡᠨ ᠪᠣᠳᠠᠲᠠᠢ ᠦᠷ᠎ᠡ ᠪᠦᠲᠦᠮᠵᠢ ᠪᠠᠷ ᠠᠷᠠᠳ ᠤᠨ ᠢᠲᠡᠭᠡᠯ ᠢ ᠤᠯᠬᠤ ᠬᠡᠷᠡᠭᠲᠡᠢ᠃      ᠬᠤᠳᠠ ᠶᠢᠨ ᠤᠳᠤᠷᠢᠳᠤᠯᠭ᠎ᠠ ᠯᠢᠦ ᠭᠦᠸᠧ ᠭᠠᠩ᠂  ᠭᠦᠩ ᠵᠢᠶᠠᠨ᠂ ᠶᠤᠸᠠᠨ ᠰᠢᠶᠤᠤ ᠳ᠋ᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                         ᠵᠣᠬᠢᠶᠠᠭᠴᠢ᠄ ᠳ᠋ᠠᠶ ᠰᠢᠤᠸᠠᠢ᠂ ᠯᠢᠦ ᠶᠠᠩ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3