ᠰᠢᠩ ᠾᠧ ᠰᠢᠶᠠᠨ ᠤ ᠬᠢᠨ ︽ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ + ᠤᠰᠤ ᠴᠠᠬᠢᠯᠭᠠᠨ ᠬᠡᠢ ᠳᠤᠯᠠᠭᠠᠯᠠᠭ᠎ᠠ︾ ᠶᠢ ᠡᠷᠦᠬᠡ ᠰᠢᠯᠵᠢᠭᠦᠯᠬᠦ ᠶᠢ ᠨᠢᠭᠡ ᠬᠡᠯᠬᠢᠶ᠎ᠡ ᠪᠠᠷ ᠰᠢᠢᠳᠪᠦᠷᠢᠯᠡᠵᠦ ᠳᠠᠭᠤᠰᠬᠠᠪᠠ
ᠨᠡᠶᠢᠲᠡᠯᠡᠭᠰᠡᠨ ᠴᠠᠭ᠄
2022/4/13
     ᠣᠶᠢᠷ᠎ᠠ ᠳᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ + ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠡᠷᠦᠬᠡ ᠰᠢᠯᠵᠢᠭᠦᠯᠬᠦ ︽ᠨᠢᠭᠡ ᠬᠡᠯᠬᠢᠶ᠎ᠡ ᠪᠠᠷ ᠭᠦᠢᠴᠡᠳᠭᠡᠬᠦ︾ ᠲᠤᠬᠠᠶᠢᠯᠠᠭᠰᠠᠨ ᠠᠵᠢᠯ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠴᠣᠩᠬᠤᠨ ᠳᠤ ᠵᠢᠩᠬᠢᠨᠢ ᠪᠠᠷ ᠨᠡᠭᠡᠭᠡᠭᠳᠡᠵᠦ᠂ ᠠᠵᠤ ᠠᠬᠤᠶᠢᠯᠠᠯ ᠪᠠ ᠣᠯᠠᠨ ᠲᠦᠮᠡᠨ ᠭᠠᠷ ᠳᠠᠮᠵᠢᠭᠰᠠᠨ ᠣᠷᠣᠨ ᠰᠠᠭᠤᠴᠠ ᠶᠢᠨ ᠠᠷᠠᠯᠵᠢᠶ᠎ᠠ ᠶᠢᠨ ᠡᠷᠦᠬᠡ ᠰᠢᠯᠵᠢᠭᠦᠯᠬᠦ ᠶᠢᠨ ᠬᠠᠮᠲᠤ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠬᠤᠯᠪᠣᠭᠠᠯᠠᠨ ᠡᠷᠦᠬᠡ ᠰᠢᠯᠵᠢᠭᠦᠯᠬᠦ ᠶᠢ ᠪᠡᠶᠡᠯᠡᠭᠦᠯᠵᠦ ᠪᠣᠯᠤᠨ᠎ᠠ᠂ ᠡᠨᠡ ᠬᠦ ᠠᠷᠭ᠎ᠠ ᠬᠡᠮᠵᠢᠶ᠎ᠡ ᠨᠢ ᠣᠯᠠᠨ ᠲᠦᠮᠡᠨ ᠳᠤ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠶᠢᠨ ᠲᠥᠬᠦᠮ ᠨᠥᠬᠦᠴᠡᠯ ᠢ ᠦᠨᠡᠨ ᠬᠦ ᠣᠶᠢᠯᠠᠭᠠᠭᠤᠯᠪᠠ᠃      ᠰᠢᠩ ᠾᠧ ᠰᠢᠶᠠᠨ ᠤ ᠬᠢᠨ ︽ᠨᠢᠭᠡ ᠬᠡᠯᠬᠢᠶ᠎ᠡ ᠪᠠᠷ ᠰᠢᠢᠳᠪᠦᠷᠢᠯᠡᠵᠦ ᠳᠠᠭᠤᠰᠬᠠᠬᠤ︾ ᠴᠣᠩᠬᠤ ᠶᠢ ᠡᠷᠲᠡᠬᠡᠨ ᠨᠡᠭᠡᠭᠡᠬᠦ ᠶᠢ ᠲᠦᠷᠭᠡᠨ ᠠᠬᠢᠭᠤᠯᠬᠤ ᠶᠢᠨ ᠲᠥᠯᠥᠭᠡ᠂ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠢ ᠵᠣᠬᠢᠶᠠᠨ ᠪᠠᠶᠢᠭᠤᠯᠵᠤ᠂ ᠰᠢᠶᠠᠨ ᠤ ᠤᠰᠤ ᠬᠠᠩᠭᠠᠬᠤ᠂ ᠴᠠᠬᠢᠯᠭᠠᠨ ᠬᠦᠴᠦ᠂ ᠰᠢᠲᠠᠮᠠᠬᠠᠶ ᠬᠡᠢ᠂ ᠳᠤᠯᠠᠭᠠᠯᠠᠭ᠎ᠠ ᠬᠠᠩᠭᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠥᠯᠥ ᠬᠥᠳᠡᠯᠬᠦ ᠬᠥᠷᠥᠩᠭᠡ ᠶᠢᠨ ᠠᠷᠠᠯᠵᠢᠶᠠᠨ ᠤ ︽ᠤᠰᠤ ᠴᠠᠬᠢᠯᠭᠠᠨ ᠬᠡᠢ ᠳᠤᠯᠠᠭᠠᠯᠠᠭ᠎ᠠ︾ ᠶᠢ ᠨᠢᠭᠡ ᠬᠡᠯᠬᠢᠶ᠎ᠡ ᠪᠠᠷ  ᠰᠢᠢᠳᠪᠦᠷᠢᠯᠡᠵᠦ ᠳᠠᠭᠤᠰᠬᠠᠬᠤ ᠠᠵᠢᠯ ᠢ ᠳᠥᠯᠭᠢᠨ ᠠᠬᠢᠭᠤᠯᠬᠤ ᠬᠤᠷᠠᠯ ᠢ ᠬᠤᠷᠠᠯᠳᠤᠭᠤᠯᠪᠠ᠃ 5 ᠰᠠᠯᠠᠭ᠎ᠠ ᠮᠥᠴᠢᠷ᠂ 5 ᠴᠣᠩᠬᠤᠪᠴᠢ ᠶᠢᠨ ᠣᠯᠠᠨ ᠦᠢᠯᠡᠴᠢᠯᠡᠭᠡᠨ ᠤ ᠵᠦᠢᠯᠡᠰ ᠢ ᠨᠢᠭᠡᠳᠬᠡᠨ ᠨᠢᠭᠡᠳᠬᠡᠵᠦ᠂ ︽ᠨᠢᠭᠡ ᠴᠣᠩᠬᠤᠪᠴᠢ ᠪᠠᠷ ᠨᠡᠪᠲᠡᠷᠡᠭᠦᠯᠬᠦ᠂ ᠨᠢᠭᠡ ᠬᠦᠰᠦᠨᠦᠭᠲᠦ ᠪᠠᠷ ᠬᠠᠮᠲᠤᠷᠠᠨ ᠬᠥᠳᠡᠯᠦᠯᠴᠡᠬᠦ︾ ᠭᠦᠢᠴᠡᠳᠭᠡᠬᠦ ᠵᠠᠭᠪᠤᠷ ᠢᠶᠠᠷ ᠳᠡᠮᠵᠢᠨ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠬᠢᠭᠡᠳ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠬᠤᠭᠤᠷᠣᠨᠳᠣᠬᠢ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠨᠢᠭᠡ ᠴᠥᠷᠬᠦᠯᠡᠭᠡ ᠮᠠᠶ᠋ᠢᠭ︾ ᠤᠨ  ᠭᠦᠢᠴᠡᠳᠭᠡᠵᠦ ᠳᠠᠭᠤᠰᠬᠠᠬᠤ ᠶᠢ ᠪᠡᠶᠡᠯᠡᠭᠦᠯᠦᠨ᠎ᠡ᠃      ᠥᠩᠭᠡᠷᠡᠭᠰᠡᠨ ᠳᠤ᠂ ᠣᠯᠠᠨ ᠲᠦᠮᠡᠨ ᠪᠠ ᠠᠵᠤ ᠠᠬᠤᠶᠢᠯᠠᠯ ᠭᠠᠷ ᠳᠠᠮᠵᠢᠭᠰᠠᠨ ᠣᠷᠣᠨ ᠰᠠᠭᠤᠴᠠ ᠶᠢᠨ ᠠᠷᠠᠯᠵᠢᠶᠠᠨ ᠤ ᠡᠷᠦᠬᠡ ᠰᠢᠯᠵᠢᠭᠦᠯᠬᠦ ᠶᠢ ᠭᠦᠢᠴᠡᠳᠭᠡᠭᠰᠡᠨ ᠤ ᠳᠠᠷᠠᠭ᠎ᠠ᠂ ᠤᠰᠤ ᠴᠠᠬᠢᠯᠭᠠᠨ ᠬᠡᠶ ᠳᠤᠯᠠᠭᠠᠯᠠᠭ᠎ᠠ ᠶᠢᠨ ᠴᠣᠩᠬᠤᠨ ᠳᠤ ᠬᠦᠷᠴᠦ ᠲᠣᠰ ᠲᠣᠰ ᠮᠠᠲ᠋ᠧᠷᠢᠶᠠᠯ ᠢᠶᠠᠨ ᠲᠤᠰᠢᠶᠠᠪᠠᠯ ᠰᠠᠶ᠋ᠢ ᠤᠰᠤ᠂ ᠴᠠᠬᠢᠯᠭᠠᠨ᠂ ᠬᠡᠶ᠂ ᠳᠤᠯᠠᠭᠠᠯᠠᠭ᠎ᠠ ᠶᠢᠨ ᠡᠷᠦᠬᠡ ᠰᠢᠯᠵᠢᠭᠦᠯᠬᠦ ᠶᠢ ᠪᠡᠶᠡᠯᠡᠭᠦᠯᠵᠦ ᠴᠢᠳᠠᠨ᠎ᠠ᠂ ᠲᠤᠰᠢᠶᠠᠭᠰᠠᠨ ᠮᠠᠲ᠋ᠧᠷᠢᠶᠠᠯ ᠨᠢ ᠮᠠᠰᠢ ᠶᠡᠭᠡ ᠳᠠᠪᠬᠤᠴᠠᠬᠤ ᠴᠢᠨᠠᠷᠲᠠᠶ ᠪᠠᠶᠢᠵᠤ᠂ ᠴᠠᠭ ᠪᠠ ᠬᠦᠴᠦ ᠪᠠᠷᠠᠵᠤ ᠪᠠᠶᠢᠨ᠎ᠠ᠃ ᠣᠳᠣᠬᠠᠨ ᠳᠤ᠂ ᠲᠣᠰ ᠴᠣᠩᠬᠤ ᠪᠠᠷ ᠳᠡᠮᠵᠢᠨ᠂ ᠣᠯᠠᠨ ᠲᠦᠮᠡᠨ ᠥᠯᠥ ᠬᠥᠳᠡᠯᠬᠦ ᠬᠥᠷᠥᠩᠭᠡ ᠶᠢ ᠰᠢᠯᠵᠢᠭᠦᠯᠬᠦ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ᠭᠦᠢᠴᠡᠳᠭᠡᠭᠰᠡᠨ ᠤ ᠳᠠᠷᠠᠭ᠎ᠠ ᠳᠠᠷᠤᠶ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠡᠷᠦᠬᠡ ᠰᠢᠯᠵᠢᠭᠦᠯᠬᠦ ᠭᠠᠷ ᠭᠦᠢᠴᠡᠳᠭᠡᠯ ᠬᠢᠵᠦ᠂ ︽ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠢ ᠪᠠᠭᠠᠰᠬᠠᠬᠤ᠂ ᠭᠦᠶᠦᠯᠲᠡ ᠶᠢ ᠪᠠᠭᠠᠰᠬᠠᠬᠤ︾ ᠵᠣᠷᠢᠯᠭ᠎ᠠ ᠶᠢ ᠦᠨᠡᠨ ᠬᠦ ᠪᠡᠶᠡᠯᠡᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠰᠢᠩ ᠡᡁᠧ ᠰᠢᠶᠠᠨ ᠤ ᠬᠢᠨ ᠦᠷᠭᠦᠯᠵᠢᠯᠡᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠨ ᠢᠳᠡᠪᠬᠢᠲᠡᠢ ᠰᠦᠪᠡᠭᠴᠢᠯᠡᠵᠦ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠵᠦ᠂ ᠥᠷᠭᠡᠨ ᠤᠯᠠᠨ ᠠᠵᠢᠯ ᠶᠠᠪᠤᠳᠠᠯ ᠡᠷᠬᠢᠯᠡᠭᠦ ᠤᠯᠠᠨ ᠲᠦᠮᠡᠨ ᠳᠤ ︽ᠠᠷᠠᠳ ᠲᠦᠮᠡᠨ ᠳᠤ ᠦᠢᠯᠡᠴᠢᠯᠡᠬᠦ︾ ᠰᠢᠨ᠎ᠡ ᠠᠷᠭ᠎ᠠ  ᠬᠡᠮᠵᠢᠶ᠎ᠡ ᠶᠢᠨ ᠠᠪᠴᠢᠷᠠᠭᠰᠠᠨ ᠥᠨᠳᠥᠷ ᠪᠦᠲᠦᠮᠵᠢᠲᠡᠢ ᠪᠠ ᠳᠥᠭᠦᠮ ᠳᠥᠲᠡ ᠪᠠᠶᠢᠳᠠᠯ ᠢ ᠦᠨᠡᠨᠬᠦ ᠮᠡᠳᠡᠷᠡᠭᠦᠯᠦᠨ᠎ᠡ᠃                                                                 ᠵᠣᠬᠢᠶᠠᠭᠴᠢ᠄ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3