ᠰᠢᠩ ᠾᠧ ᠰᠢᠶᠠᠨ ᠤ ︽ᠭᠤᠷᠪᠠ ᠭᠤᠷᠪᠠ ᠶᠢᠨ ᠠᠵᠢᠯ ᠤᠨ ᠬᠠᠤᠯᠢ︾ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠡᠭᠦᠳᠪᠡ
ᠨᠡᠶᠢᠲᠡᠯᠡᠭᠰᠡᠨ ᠴᠠᠭ᠄
2022/4/13
     ᠣᠶᠢᠷ᠎ᠠ ᠶᠢᠨ ᠵᠢᠯ ᠳᠤ᠂ ᠰᠢᠩ ᠾᠧ ᠰᠢᠶᠠᠨ ᠤ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ  ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠲᠤᠬᠠᠶ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠶᠡᠷᠦᠩᠬᠡᠶ ᠬᠠᠷᠠᠯᠲᠠ ᠲᠠᠢ ᠨᠢᠭᠲᠠ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠭᠤᠷᠪᠠ ᠶᠢ ᠲᠥᠪᠯᠡᠷᠡᠭᠦᠯᠬᠦ︾ ᠶᠢ ᠴᠢᠩᠭ᠎ᠠ ᠠᠩᠬᠠᠷᠴᠤ᠂ ︽ᠭᠤᠷᠪᠠ ᠶᠢ ᠤᠶᠠᠯᠳᠤᠭᠤᠯᠬᠤ︾ ᠶᠢ ᠠᠬᠢᠭᠤᠯᠵᠤ᠂ ︽ᠭᠤᠷᠪᠠ ᠶᠢ ᠠᠭᠤᠰᠤᠯᠴᠠᠭᠤᠯᠬᠤ︾ ᠶᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠴᠡᠴᠡᠭᠯᠡᠯ ᠬᠥᠭᠵᠢᠯ ᠢ ᠭᠦᠨᠵᠡᠭᠡᠢ ᠠᠬᠢᠭᠤᠯᠵᠤ᠂ ᠦᠨᠳᠦᠰᠦᠲᠡᠨ ᠨᠦᠭᠦᠳ ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠩᠭᠤᠢ ᠪᠠᠷ ᠬᠥᠭᠵᠢᠬᠦ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠵᠦ᠂ ᠮᠠᠨ ᠤ ᠰᠢᠶᠠᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃      ︽ᠭᠤᠷᠪᠠᠨ ᠠᠩᠬᠠᠷᠤᠯ ᠤᠨ ᠲᠥᠪ︾ ᠨᠢ ᠦᠨᠳᠦᠰᠦᠲᠡᠨ ᠤ ᠠᠵᠢᠯ ᠢ ᠭᠦᠨᠵᠡᠭᠡᠶ ᠨᠠᠶᠢᠳᠠᠪᠤᠷᠢᠵᠢᠭᠤᠯᠵᠤ ᠨᠠᠷᠢᠯᠢᠭ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠤᠨ᠎ᠠ      ᠨᠢᠭᠡ ᠳᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠰᠢᠶᠠᠨ ᠤ ᠨᠠᠮ ᠤᠨ ᠬᠤᠷᠢᠶ᠎ᠠ ᠦᠨᠳᠦᠰᠦᠲᠡᠨ ᠤ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠦᠨᠳᠦᠰᠦᠲᠡᠨ ᠤ ᠠᠵᠢᠯ ᠢ ᠣᠨ ᠤ ᠱᠠᠯᠠᠪᠳᠠᠭᠤᠯᠤᠨ ᠪᠠᠶᠢᠴᠠᠭᠠᠬᠤ ᠲᠥᠯᠥᠪᠯᠡᠭᠡ ᠳᠤ ᠣᠷᠣᠭᠤᠯᠵᠤ᠂ ᠤᠯᠤᠰ ᠲᠦᠷᠦ ᠶᠢᠨ ᠬᠢᠨᠠᠯᠲᠠ ᠲᠠᠯᠪᠢᠬᠤ ᠡᠬᠡ ᠳᠠᠩᠰᠠ᠂ ᠲᠣᠭᠤᠷᠢᠨ ᠪᠠᠶᠢᠴᠠᠭᠠᠬᠤ ᠲᠤᠰᠬᠠᠢ ᠵᠦᠢᠯ ᠤᠨ ᠠᠭᠤᠯᠭ᠎ᠠ ᠳᠤ ᠣᠷᠣᠭᠤᠯᠵᠤ᠂ ᠣᠨ ᠤ ᠬᠢᠨᠠᠨ ᠰᠢᠯᠭᠠᠯᠲᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠭᠦᠢᠴᠡᠳᠬᠡᠯ ᠲᠤᠭ᠎ᠠ ᠶᠢ ᠲᠤᠬᠢᠷᠠᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ᠂ ᠰᠢᠶᠠᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯᠳᠤᠭᠠᠨ᠂ ᠦᠨᠳᠦᠰᠦᠲᠡᠨ ᠤ ᠬᠡᠷᠡᠭ ᠡᠷᠬᠢᠯᠡᠬᠦ ᠬᠤᠷᠢᠶᠠᠨ ᠤ ᠪᠦᠬᠦ ᠭᠡᠰᠢᠭᠦᠳ ᠤᠨ ᠬᠤᠷᠠᠯ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠵᠣᠬᠢᠴᠠᠭᠤᠯᠤᠨ ᠠᠬᠢᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯᠳᠤᠭᠤᠯᠵᠤ ᠦᠨᠳᠦᠰᠦᠲᠡᠨ ᠤ ᠠᠵᠢᠯ ᠢ ᠰᠤᠳᠤᠯᠵᠤ᠂ ᠨᠠᠮ ᠤᠨ ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠪᠠ᠃      ᠬᠤᠶᠠᠷ ᠲᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ︽ᠰᠢᠩ ᠡᡁᠧ ᠰᠢᠶᠠᠨ ᠤ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ ᠪᠣᠯᠤᠨ 2035 ᠣᠨ ᠤ ᠠᠯᠤᠰ ᠤᠨ ᠬᠠᠷᠠᠯᠲᠠ ᠶᠢᠨ ᠪᠠᠷᠠᠯᠠᠯ︾᠂ ︽ᠰᠢᠩ ᠡᡁᠧ ᠰᠢᠶᠠᠨ ᠤ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠵᠣᠬᠢᠴᠠᠭᠤᠯᠤᠨ ᠠᠬᠢᠭᠤᠯᠬᠤ ᠤᠳᠤᠷᠢᠳᠬᠤ ᠳᠤᠭᠤᠶᠢᠯᠠᠩ ᠤᠨ ᠠᠵᠢᠯ ᠤᠨ ᠲᠣᠭᠲᠠᠴᠠ︾᠂ ︽ᠰᠢᠩ ᠡᡁᠧ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠤ ᠲᠦᠷᠢᠮ ᠤᠨ ᠠᠵᠢᠯ ᠤᠨ ᠲᠦᠷᠢᠮ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯᠳᠠᠯᠭ᠎ᠠ ᠲᠠᠢ ᠠᠷᠭ᠎ᠠ ᠬᠡᠮᠵᠢᠶ᠎ᠡ︾ ᠵᠡᠷᠭᠡ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ ᠦᠨᠳᠦᠰᠦᠲᠡᠨ ᠤ ᠠᠵᠢᠯ ᠢ ᠲᠤᠰᠬᠠᠢ ᠪᠠᠶᠢᠷᠢᠯᠠᠭᠤᠯᠵᠤ᠂ ᠦᠨᠳᠦᠰᠦᠲᠡᠨ ᠤ ᠠᠵᠢᠯ ᠤᠨ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠪᠡ᠃ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠲᠣᠣᠷ ᠢ ᠪᠦᠷᠢᠨᠰᠢᠬᠦᠯᠵᠤ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠢ ᠶᠢᠨ ᠲᠦᠷᠢᠮ ᠢ ᠪᠠᠶᠢᠭᠤᠯᠵᠤ᠂ ᠰᠢᠶᠠᠨ ᠤ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠵᠠᠰᠠᠭ ᠤᠨ ᠣᠷᠳᠣᠨ ᠬᠠᠤᠯᠢ ᠶᠣᠰᠣᠭᠠᠷ ᠬᠠᠮᠢᠶᠠᠷᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠡᠯ᠎ᠡ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠲᠤᠷᠠᠯᠴᠠᠬᠤ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃      ᠭᠤᠷᠪᠠ ᠳᠤ᠂ ᠠᠵᠢᠯ ᠤᠨ ᠰᠡᠳᠬᠢᠴᠡ ᠶᠢᠨ ᠰᠢᠨ᠎ᠡ ᠶᠢ ᠡᠭᠦᠳᠬᠦ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠨᠠᠢᠮᠠ ᠳᠤ ᠳᠠᠪᠰᠢᠬᠤ +︾ ᠶᠢᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠡᠭᠦᠳᠦᠨ ᠪᠠᠶᠢᠭᠤᠯᠬᠤ ᠠᠵᠢᠯ ᠤᠨ ᠨᠡᠶᠢᠭᠡᠮ ᠤᠨ ᠮᠡᠳᠡᠯᠭᠡ ᠶᠢᠨ ᠨᠣᠷᠮ᠎ᠠ ᠪᠠ ᠣᠯᠠᠨ ᠲᠦᠮᠡᠨ ᠤ ᠣᠷᠣᠯᠴᠠᠬᠤ ᠨᠣᠷᠮ᠎ᠠ ᠶᠢ ᠨᠡᠮᠡᠭᠳᠡᠭᠦᠯᠦᠨ᠂ ᠣᠷᠣᠨ ᠤ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ 3᠂ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠨᠢᠭᠡᠴᠡ 12 ᠶᠢ ᠡᠭᠦᠳᠦᠨ ᠪᠠᠶᠢᠭᠤᠯᠤᠨ᠎ᠠ᠃ ᠣᠷᠣᠨ ᠤ ᠲᠠᠰ ᠤᠨ ᠵᠢᠱᠢᠶ᠎ᠡ ᠦᠵᠡᠭᠦᠯᠬᠦ ᠨᠢᠭᠡᠴᠡ ᠰᠢᠩ ᠬᠤᠸᠠ ᠨᠡᠶᠢᠭᠡᠮ ᠲᠣᠭᠤᠷᠢᠭ ᠲᠤ ᠤᠯᠠᠭᠠᠨ ᠠᠨᠠᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠵᠤ᠂ ᠡᠭᠦᠳᠦᠨ ᠪᠠᠶᠢᠭᠤᠯᠬᠤ ᠠᠵᠢᠯ ᠢ ᠨᠡᠶᠢᠭᠡᠮ ᠲᠣᠭᠤᠷᠢᠭ ᠤᠨ ᠠᠵᠢᠯ ᠲᠠᠢ ᠤᠶᠠᠯᠳᠤᠭᠤᠯᠤᠨ᠂ ᠦᠨᠳᠦᠰᠦᠲᠡᠨ ᠤ ᠪᠦᠯᠬᠦᠮᠳᠡᠯ ᠤᠨ ︽ᠤᠯᠠᠭᠠᠨ ᠠᠨᠠᠷ︾ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠨ᠎ᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠰᠠᠭᠤᠵᠤ ᠬᠠᠮᠲᠤ ᠪᠠᠷ ᠰᠤᠷᠤᠯᠴᠠᠵᠤ ᠬᠠᠮᠲᠤ ᠪᠠᠷ ᠠᠵᠢᠯᠯᠠᠵᠤ ᠬᠠᠮᠲᠤ ᠪᠠᠷ ᠪᠠᠶᠠᠰᠬᠤ ᠬᠠᠷᠢᠯᠴᠠᠨ ᠰᠢᠭᠢᠳᠬᠦ ᠮᠠᠶ᠋ᠢᠭ ᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠣᠶ ᠪᠣᠯᠭᠠᠪᠠ︔ ᠣᠷᠣᠨ ᠤ ᠱᠠᠲᠤᠨ ᠤ ᠵᠢᠱᠢᠶ᠎ᠡ ᠦᠵᠡᠭᠦᠯᠬᠦ ᠨᠢᠭᠡᠴᠡ ᠶᠢᠨ ᠦᠨᠳᠦᠰᠦᠲᠡᠨ ᠤ ᠪᠦᠯᠬᠦᠮᠳᠡᠯ ᠰᠢᠶᠠᠩ ᠤᠨ ᠠᠷᠪᠠᠨ ᠳᠥᠷᠪᠡᠳᠦᠭᠡᠷ ᠰᠤᠮᠤ ᠡᠭᠦᠳᠦᠨ ᠪᠠᠶᠢᠭᠤᠯᠬᠤ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠲᠠᠢ ᠤᠶᠠᠯᠳᠤᠭᠤᠯᠵᠤ᠂ ᠰᠣᠶᠣᠯ᠂ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠰᠠᠭᠤᠷᠢ ᠦᠢᠯᠡᠴᠢᠯᠡᠭᠡᠨ ᠤ ᠲᠥᠬᠦᠭᠡᠷᠦᠮᠵᠢ ᠪᠠ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠪᠥᠬᠦ ᠰᠢᠶᠠᠨ ᠤ ᠡᠭᠦᠳᠦᠨ ᠪᠠᠶᠢᠭᠤᠯᠬᠤ ᠠᠵᠢᠯ ᠳᠤ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠪᠠ ᠤᠬᠠᠭᠤᠯᠤᠨ ᠳᠠᠶᠢᠴᠢᠯᠠᠬᠤ ᠦᠢᠯᠡᠳᠦᠯ ᠦᠵᠡᠭᠦᠯᠬᠦ ᠪᠣᠯᠤᠨ᠎ᠠ᠃      ︽ᠭᠤᠷᠪᠠ ᠶᠢ ᠤᠶᠠᠯᠳᠤᠭᠤᠯᠬᠤ︾ ᠨᠢ ᠤᠬᠠᠭᠤᠯᠭ᠎ᠠ ᠬᠥᠮᠦᠵᠢᠯ ᠢ ᠪᠣᠳᠠᠲᠠᠢ ᠳᠦᠷᠦᠭᠳᠡᠯ ᠲᠠᠢ ᠪᠦᠲᠦᠮᠵᠢᠲᠡᠢ ᠪᠣᠯᠭᠠᠬᠤ ᠶᠢ ᠠᠬᠢᠭᠤᠯᠤᠨ᠎ᠠ      ᠨᠢᠭᠡ ᠳᠤ ᠠᠷᠭ᠎ᠠ ᠵᠠᠮ ᠢ ᠥᠷᠭᠡᠳᠬᠡᠬᠦ ᠪᠠ ᠠᠴᠢᠶᠠᠯᠠᠪᠤᠷᠢ ᠶᠢ ᠥᠷᠭᠡᠳᠬᠡᠬᠦ ᠶᠢ ᠤᠶᠠᠯᠳᠤᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠥᠮᠦᠵᠢᠯ ᠢ ᠨᠠᠮ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠢᠴᠢᠶᠡᠯ ᠳᠤ ᠣᠷᠣᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠳᠤ ᠣᠷᠣᠭᠤᠯᠵᠤ᠂ ᠰᠤᠷᠭᠠᠭᠤᠯᠢ ᠶᠢᠨ ᠬᠢᠴᠢᠶᠡᠯ ᠤᠨ ᠲᠠᠩᠬᠢᠮ ᠳᠤ ᠣᠷᠣᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ︾ ᠲᠤᠰᠬᠠᠶ ᠰᠡᠳᠦᠪᠲᠦ ᠪᠣᠯᠪᠠᠰᠤᠷᠠᠯ ᠤᠨ ᠠᠩᠬᠢ ᠶᠢ ᠡᠷᠬᠢᠯᠡᠵᠦ᠂ ᠺᠠᠳ᠋ᠷ᠂ ᠨᠠᠮ ᠤᠨ ᠭᠡᠰᠢᠭᠦᠨ᠂ ᠪᠠᠭᠰᠢ ᠰᠤᠷᠤᠭᠴᠢ᠂ ᠤᠯᠠᠨ ᠲᠦᠮᠡᠨ ᠳᠤ ᠪᠦᠬᠦ ᠲᠠᠯ᠎ᠠ ᠶᠢᠨ᠂ ᠥᠷᠭᠡᠨ ᠪᠦᠷᠬᠦᠴᠡ ᠲᠠᠢ ᠬᠥᠮᠦᠵᠢᠯ ᠬᠢᠨ᠎ᠡ᠃ ᠪᠡᠭᠡᠵᠢᠩ ᠥᠪᠥᠷ ᠮᠣᠩᠭᠤᠯ ᠤᠨ ᠪᠠᠭ᠎ᠠ ᠰᠤᠷᠭᠠᠭᠤᠯᠢ᠂ ᠦᠨᠳᠦᠰᠦᠲᠡᠨ ᠤ ᠪᠠᠭ᠎ᠠ ᠰᠤᠷᠭᠠᠭᠤᠯᠢ᠂ ᠳ᠋ᠠ ᠨᠠᠨ ᠱᠠᠨ ᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠳᠤᠷᠠᠰᠬᠠᠯ ᠤᠨ ᠣᠷᠳᠣᠨ ᠢ ᠬᠤᠲᠠ ᠶᠢᠨ ᠳᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠪᠣᠯᠭᠠᠨ ᠪᠤᠶᠢᠵᠢᠭᠤᠯᠤᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ︽ᠨᠠᠢᠮᠠ ᠳᠤ ᠳᠠᠪᠰᠢᠬᠤ +︾ ᠠᠵᠢᠯᠯᠠᠭ᠎ᠠ ᠪᠠᠷ ᠭᠠᠷᠳᠠᠴᠠ ᠪᠣᠯᠭᠠᠵᠤ ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾ ︽ᠠᠷᠠᠳᠴᠢᠯᠠᠯ ᠬᠠᠤᠯᠢ ᠲᠦᠷᠢᠮ ᠤᠨ ᠤᠬᠠᠭᠤᠯᠭ᠎ᠠ ᠶᠢᠨ ᠭᠠᠷᠠᠭ︾ ︽ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠵᠤ ᠨᠡᠶᠢᠭᠡᠮ ᠵᠢᠷᠤᠮ ᠢᠶᠠᠨ ᠬᠠᠶᠢᠷᠠᠯᠠᠬᠤ︾ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠶ᠎ᠡ︾ ᠵᠡᠷᠭᠡ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ᠂ ︽ᠶᠡᠭᠡ ᠪᠠᠷ ᠰᠤᠷᠪᠤᠯᠵᠢᠯᠠᠬᠤ᠂ ᠶᠡᠭᠡ ᠪᠠᠷ ᠪᠠᠶᠢᠴᠠᠭᠠᠨ ᠰᠤᠳᠤᠯᠤᠯᠲᠠ ᠬᠢᠬᠦ᠂ ᠲᠥᠷᠥ ᠶᠢᠨ ᠪᠣᠳᠣᠯᠭ᠎ᠠ ᠬᠦᠷᠭᠡᠬᠦ᠂ ᠬᠠᠶᠢᠷ᠎ᠠ ᠬᠠᠯᠠᠮᠵᠢ ᠬᠦᠷᠭᠡᠬᠦ᠂ ᠬᠥᠭᠵᠢᠯᠲᠡ ᠶᠢ ᠠᠬᠢᠭᠤᠯᠬᠤ᠂ ᠪᠦᠯᠬᠦᠮᠳᠡᠯ ᠢ ᠠᠬᠢᠭᠤᠯᠬᠤ︾ ᠵᠠᠭᠤᠨ ᠡᠳᠦᠷ ᠤᠨ ᠠᠵᠢᠯᠯᠠᠭ᠎ᠠ᠂ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠵᠡᠷᠭᠡ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠭᠤᠷᠪᠠ ᠠᠴᠠ ᠰᠠᠯᠵᠤ ᠴᠢᠳᠠᠬᠤ ᠦᠭᠡᠢ︾᠂ ︽ᠲᠦᠷᠪᠡ ᠶᠢ ᠬᠠᠮᠲᠤᠳᠬᠠᠬᠤ︾᠂ ︽ᠲᠠᠪᠤ ᠶᠢ ᠮᠡᠳᠡᠷᠡᠨ ᠵᠥᠪᠰᠢᠶᠡᠷᠡᠬᠦ︾ ᠤᠢᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃ ᠦᠨᠳᠦᠰᠦᠲᠡᠨ ᠨᠦᠭᠦᠳ ᠤᠨ ᠤᠯᠠᠨ ᠲᠦᠮᠡᠨ ᠢ ᠲᠠᠶᠢᠴᠢᠯᠠᠨ ᠡᠭᠦᠳᠦᠨ ᠪᠠᠶᠢᠭᠤᠯᠬᠤ ᠳᠤ ᠥᠷᠭᠡᠨ ᠢᠶᠠᠷ ᠣᠷᠣᠯᠴᠠᠭᠤᠯᠵᠤ᠂ ︽ᠦᠨᠳᠦᠰᠦᠲᠡᠨ ᠨᠦᠭᠦᠳ ᠪᠦᠯᠬᠦᠮᠳᠡᠯ ᠲᠠᠢ ᠨᠢᠭᠡ ᠭᠡᠷ ᠤᠨ ᠬᠥᠮᠦᠨ ᠮᠡᠲᠦ ᠳᠣᠲᠣᠨᠣ᠂ ᠬᠠᠶᠢᠷ᠎ᠠ ᠬᠠᠯᠠᠮᠵᠢ ᠲᠠᠢ ᠭᠤᠯᠢᠷ ᠢᠳᠡᠭᠦᠯᠵᠦ ᠬᠠᠬᠢᠷ ᠡᠪᠦᠯ ᠢ ᠳᠤᠯᠠᠭᠠᠴᠠᠭᠤᠯᠬᠤ ︾ ᠠᠵᠢᠯᠯᠠᠭ᠎ᠠ ᠶᠢ ᠥᠷᠨᠢᠭᠦᠯᠵᠦ᠂ ᠬᠤᠲᠣᠩ ᠦᠨᠳᠦᠰᠦᠲᠡᠨ ᠤ ᠬᠠᠶᠢᠷ᠎ᠠ ᠬᠠᠯᠠᠮᠵᠢ ᠲᠠᠢ ᠭᠤᠯᠢᠷ ᠤᠨ ᠳᠡᠯᠭᠡᠭᠦᠷ ᠤᠨ ᠵᠠᠩᠭᠤᠶᠢᠳᠠ ᠠᠴᠠ ᠪᠦᠬᠦ ᠰᠢᠶᠠᠨ ᠤ 1300 ᠭᠠᠷᠤᠢ ᠠᠷᠠᠳ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠰᠦᠢᠳᠬᠡᠯ ᠬᠤᠷᠢᠶᠠᠬᠤ ᠦᠭᠡᠢ ᠪᠠᠷ ᠲᠠᠲᠠᠮᠠᠯ ᠭᠤᠯᠢᠷ ᠬᠦᠷᠭᠡᠵᠡᠢ︔ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠤᠨ ᠬᠥᠮᠦᠨ ᠮᠡᠲᠦ ᠳᠣᠲᠣᠨᠣ ᠪᠠᠶᠢᠵᠤ᠂ ᠬᠡᠤᠬᠡᠳ ᠢ ᠬᠠᠯᠠᠮᠵᠢᠯᠠᠨ ᠬᠠᠶᠢᠷᠠᠯᠠᠵᠤ ᠦᠨᠡᠨ ᠰᠡᠳᠬᠢᠯᠭᠡ ᠪᠠᠨ ᠢᠯᠡᠷᠡᠭᠦᠯᠬᠦ︾ ᠠᠵᠢᠯᠯᠠᠭ᠎ᠠ ᠶᠢ ᠥᠷᠨᠢᠭᠦᠯᠵᠦ᠂ ᠬᠤᠲᠣᠩ ᠦᠨᠳᠦᠰᠦᠲᠡᠨ ᠤ ᠣᠯᠠᠨ ᠲᠦᠮᠡᠨ ᠬᠡᠷ ᠲᠡᠭᠡᠨ ᠬᠤᠴᠣᠷᠤᠭᠰᠠᠨ ᠬᠦᠴᠢᠷᠳᠡᠯ ᠲᠠᠢ ᠬᠡᠤᠬᠡᠳ ᠲᠤ ᠠᠮᠢᠳᠤᠷᠠᠯ ᠰᠤᠷᠤᠯᠭ᠎ᠠ ᠶᠢᠨ ᠬᠡᠷᠡᠭᠰᠡᠯ ᠬᠦᠷᠭᠡᠵᠦ᠂ ᠠᠪᠤᠷᠠᠨ ᠲᠤᠰᠠᠯᠠᠬᠤ ᠮᠥᠩᠭᠦ ᠬᠠᠨᠳᠢᠪᠯᠠᠪᠠ︔ ᠣᠯᠠᠨ ᠲᠦᠮᠡᠨ ᠤ ᠳᠡᠷᠭᠡᠳᠡ ᠡᠭᠦᠰᠦᠭᠰᠡᠨ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠠᠭᠤᠳᠠᠯᠤᠨ ᠴᠤᠭᠯᠠᠭᠤᠯᠵᠤ᠂ ᠨᠢᠭᠡ ᠪᠦᠯᠦᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠳᠠᠭᠤᠷᠢᠶᠠᠯ ᠢ ᠰᠣᠩᠭᠤᠨ ᠪᠣᠶ ᠪᠣᠯᠭᠠᠵᠤ᠂ ︽ᠮᠢᠨᠦ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ︾ ᠢ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠵᠦ᠂ ᠳᠡᠷᠭᠡᠳᠡᠬᠢ ᠬᠥᠮᠦᠰ ᠤᠨ ᠢᠶᠠᠨ ᠳᠡᠷᠭᠡᠳᠡᠬᠢ ᠶᠠᠪᠤᠳᠠᠯ ᠢᠶᠠᠷ ᠳᠡᠷᠭᠡᠳᠡᠬᠢ ᠬᠥᠮᠦᠰ ᠢᠶᠠᠨ ᠬᠥᠮᠦᠵᠢᠭᠦᠯᠦᠨ ᠨᠥᠯᠥᠭᠡᠯᠡᠵᠦ᠂ ︽ᠬᠥᠮᠦᠨ ᠪᠣᠯᠭᠠᠨ ᠦᠨᠳᠦᠰᠦᠲᠡᠨ ᠤ ᠪᠦᠯᠬᠦᠮᠳᠡᠯ ᠤᠨ ᠥᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠵᠤ᠂ ᠬᠥᠮᠦᠨ ᠪᠣᠯᠭᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃      ᠬᠤᠶᠠᠷ ᠲᠤ ᠤᠯᠠᠮᠵᠢᠯᠠᠯᠲᠤ ᠵᠠᠭᠤᠴᠢᠯᠠᠭᠤᠷ ᠪᠣᠯᠤᠨ ᠰᠢᠨ᠎ᠡ ᠪᠠᠷ ᠬᠥᠭᠵᠢᠭᠰᠡᠨ ᠵᠠᠭᠤᠴᠢᠯᠠᠭᠤᠷ ᠢ ᠤᠶᠠᠯᠳᠤᠭᠤᠯᠤᠨ᠎ᠠ᠃ ᠤᠯᠠᠮᠵᠢᠯᠠᠯᠲᠤ ᠵᠠᠭᠤᠴᠢᠯᠠᠭᠤᠷ ᠪᠠ ︽ᠪᠢᠴᠢᠯ ᠪᠦᠷᠭᠡ ᠨᠢᠭᠡ ᠦᠵᠦᠭᠦᠷ︾ ᠤᠨ ᠰᠢᠨ᠎ᠡ ᠵᠠᠭᠤᠴᠢᠯᠠᠭᠤᠷ ᠢ ᠵᠣᠬᠢᠴᠠᠭᠤᠯᠤᠨ ᠥᠷᠭᠡᠨ ᠳᠡᠯᠭᠡᠷ ᠤᠬᠠᠭᠤᠯᠭ᠎ᠠ ᠬᠥᠮᠦᠵᠢᠯ ᠬᠢᠵᠦ᠂ ᠤᠬᠠᠭᠤᠯᠭ᠎ᠠ ᠶᠢᠨ ᠰᠠᠮᠪᠠᠷ᠎ᠠ᠂ ᠦᠵᠡᠭᠦᠯᠦᠯᠭᠡ ᠶᠢᠨ ᠰᠠᠮᠪᠠᠷ᠎ᠠ᠂ ᠬᠥᠨᠳᠡᠯᠡᠨ ᠪᠢᠴᠢᠭᠡᠰᠦ᠂ ᠤᠬᠠᠭᠤᠯᠭ᠎ᠠ ᠶᠢᠨ ᠵᠢᠷᠤᠭᠲᠤ ᠰᠡᠳᠬᠦᠯ᠂ ᠤᠬᠠᠭᠤᠯᠭ᠎ᠠ ᠶᠢᠨ ᠳᠡᠪᠲᠡᠷ᠂ ᠨᠡᠶᠢᠲᠡ ᠶᠢᠨ ᠮᠠᠰᠢᠨ ᠲᠡᠷᠭᠡᠨ ᠤ ᠡᠯᠧᠺᠲᠷᠣᠨ ᠥᠩᠬᠦᠷᠢᠯᠲᠡ ᠶᠢᠨ ᠳᠡᠯᠭᠡᠴᠡ᠂ ᠲᠥᠷᠥ ᠶᠢᠨ ᠪᠣᠳᠣᠯᠭ᠎ᠠ ᠶᠢᠨ ᠯᠠᠪᠯᠠᠯᠲᠠ ᠶᠢᠨ ᠲᠠᠪᠴᠠᠩ ᠵᠡᠷᠭᠡ ᠤᠯᠠᠮᠵᠢᠯᠠᠯᠲᠤ ᠵᠠᠭᠤᠴᠢᠯᠠᠭᠤᠷ ᠢ ᠠᠰᠢᠭᠯᠠᠬᠤ ᠠᠴᠠ ᠭᠠᠳᠠᠨ᠎ᠠ᠂ ᠪᠠᠰᠠ ︽ᠠᠮᠢᠵᠢᠷᠠᠯ ᠤᠨ ᠬᠦᠴᠦᠨ ᠢ ᠮᠠᠨᠳᠤᠭᠤᠯᠬᠤ︾ ᠸᠢᠴᠠᠲ ᠤᠨ ᠨᠡᠶᠢᠲᠡ ᠶᠢᠨ ᠳ᠋ᠤᠭᠠᠷ ᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠲᠤᠰᠬᠠᠶ ᠪᠤᠯᠤᠩ ᠭᠠᠷᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠬᠤᠷ ᠸᠢᠳᠢᠣ᠋ ᠶᠢ ᠵᠣᠬᠢᠶᠠᠨ ᠪᠦᠲᠦᠭᠡᠵᠦ᠂ ︽ᠭᠤᠷᠪᠠᠨ ᠪᠢᠴᠢᠯ ᠨᠢᠭᠡ ᠦᠵᠦᠭᠦᠷ︾ ᠢ ᠠᠰᠢᠭᠯᠠᠨ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠠᠵᠢᠯ ᠤᠨ ᠠᠬᠢᠴᠠ ᠶᠢᠨ ᠪᠠᠶᠢᠳᠠᠯ᠂ ᠲᠡᠷᠢᠭᠦᠨ ᠤ ᠬᠥᠮᠦᠰ ᠤᠨ ᠲᠡᠷᠢᠭᠦᠨ ᠤ ᠦᠢᠯᠡ ᠠᠵᠢᠯᠯᠠᠭ᠎ᠠ ᠵᠡᠷᠭᠡ ᠶᠢ ᠡᠭᠦᠳᠦᠨ ᠪᠠᠶᠢᠭᠤᠯᠪᠠ᠃      ᠭᠤᠷᠪᠠ ᠳᠤ ᠭᠤᠣᠯ ᠰᠡᠳᠦᠪᠲᠦ ᠬᠥᠮᠦᠵᠢᠯ ᠢ ᠪᠠᠶᠠᠷ ᠳᠤᠷᠠᠰᠬᠠᠯ ᠤᠨ ᠠᠵᠢᠯᠯᠠᠭ᠎ᠠ ᠲᠠᠢ ᠤᠶᠠᠯᠳᠤᠭᠤᠯᠤᠨ᠎ᠠ᠃ ᠡᠭᠦᠳᠦᠨ ᠪᠠᠶᠢᠭᠤᠯᠬᠤ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠰᠠᠶᠢᠨ ᠳᠤᠷ᠎ᠠ ᠶᠢᠨ ᠦᠢᠯᠡᠴᠢᠯᠡᠭᠡ ᠲᠠᠢ ᠤᠶᠠᠯᠳᠤᠭᠤᠯᠵᠤ᠂ ︽ᠦᠨᠳᠦᠰᠦᠲᠡᠨ ᠨᠦᠭᠦᠳ ᠪᠦᠯᠬᠦᠮᠳᠡᠪᠡᠯ ᠨᠢᠭᠡ ᠬᠡᠷ ᠤᠨ ᠬᠥᠮᠦᠨ ᠮᠡᠲᠦ ᠳᠣᠲᠣᠨᠣ᠂ ᠪᠢ ᠪᠣᠯ ᠨᠠᠮ ᠤᠨ ᠭᠡᠰᠢᠭᠦᠨ ᠮᠥᠨ᠂ ᠪᠢ ᠴᠢᠮᠠᠶᠢ ᠬᠠᠪᠰᠤᠷᠤᠨ᠎ᠠ︾ ︽ᠦᠨᠳᠦᠰᠦᠲᠡᠨ ᠨᠦᠭᠦᠳ ᠪᠦᠯᠬᠦᠮᠳᠡᠪᠡᠯ ᠨᠢᠭᠡ ᠬᠡᠷ ᠤᠨ ᠬᠥᠮᠦᠨ ᠮᠡᠲᠦ ᠳᠣᠲᠣᠨᠣ᠂ ᠬᠠᠶᠢᠷ᠎ᠠ ᠬᠠᠯᠠᠮᠵᠢ ᠬᠦᠷᠭᠡᠪᠡᠯ ᠬᠠᠬᠢᠷ ᠡᠪᠦᠯ ᠢ ᠳᠤᠯᠠᠭᠠᠴᠠᠭᠤᠯᠤᠨ᠎ᠠ︾ ︽ᠴᠠᠭᠠᠨ ᠰᠠᠷ᠎ᠠ ᠶᠢ ᠤᠭᠲᠤᠵᠤ᠂ ᠬᠠᠶᠢᠷ᠎ᠠ ᠬᠠᠯᠠᠮᠵᠢ ᠶᠢ ᠬᠦᠷᠭᠡᠵᠦ᠂ ᠦᠨᠳᠦᠰᠦᠲᠡᠨ ᠪᠦᠯᠬᠦᠮᠳᠡᠪᠡᠯ ᠨᠢᠭᠡ ᠬᠡᠷ ᠤᠨ ᠬᠥᠮᠦᠨ ᠮᠡᠲᠦ ᠳᠣᠲᠣᠨᠣ︾ ︽ᠦᠨᠳᠦᠰᠦᠲᠡᠨ ᠨᠦᠭᠦᠳ ᠪᠦᠯᠬᠦᠮᠳᠡᠪᠡᠯ ᠨᠢᠭᠡ ᠬᠡᠷ ᠤᠨ ᠬᠥᠮᠦᠨ ᠮᠡᠲᠦ ᠳᠣᠲᠣᠨᠣ ᠪᠠᠶᠢᠵᠤ᠂ ᠬᠡᠤᠬᠡᠳ ᠢ ᠬᠠᠯᠠᠮᠵᠢᠯᠠᠨ ᠬᠠᠶᠢᠷᠠᠯᠠᠵᠤ ᠦᠨᠡᠨ ᠰᠡᠳᠬᠢᠯᠭᠡ ᠪᠠᠨ ᠢᠯᠡᠷᠡᠭᠦᠯᠬᠦ︾ ᠵᠡᠷᠭᠡ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ 2021 ᠣᠨ ᠳᠤ ᠰᠢᠶᠠᠨ ᠤ ᠰᠢᠭᠤᠳ ᠬᠠᠷᠢᠶ᠎ᠠ ᠨᠢᠭᠡᠴᠡ ᠪᠣᠯᠤᠨ ᠡᠯ᠎ᠡ ᠰᠢᠶᠠᠩ ᠪᠠᠯᠭᠠᠰᠤ ᠨᠡᠶᠢᠳᠡ 1200 ᠭᠠᠷᠤᠢ ᠬᠥᠮᠦᠨ ᠲᠠᠢ ᠤᠷᠤᠭ ᠪᠠᠷᠢᠯᠳᠤᠵᠤ᠂ ᠲᠦᠷᠦ ᠶᠢᠨ ᠪᠤᠳᠤᠯᠭ᠎ᠠ ᠶᠢ 240 ᠭᠠᠷᠤᠢ ᠤᠳᠠᠭ᠎ᠠ ᠤᠬᠠᠭᠤᠯᠤᠨ ᠲᠠᠶᠢᠯᠪᠤᠷᠢᠯᠠᠵᠤ᠂ 96 ᠵᠥᠷᠢᠴᠡᠯ ᠢ ᠨᠠᠮᠳᠠᠭᠤᠯᠵᠤ᠂  ᠰᠠᠨᠠᠭ᠎ᠠ ᠵᠤᠪᠠᠭ᠋ᠤ ᠬᠡᠷᠡᠭ᠂ ᠵᠣᠪᠠᠨᠢᠯ ᠲᠠᠢ ᠬᠡᠷᠡᠭ ᠂  ᠪᠤᠬᠢᠨᠢᠳᠤᠬᠤ ᠬᠡᠷᠡᠭ ᠢ 175 ᠰᠢᠢᠳᠪᠦᠷᠢᠯᠡᠵᠦ᠂ ᠠᠮᠢᠳᠤᠷᠠᠯ ᠤᠨ ᠦᠢᠯᠡᠳᠪᠦᠷᠢᠯᠡᠯ ᠤᠨ ᠬᠦᠴᠢᠷᠳᠡᠯ ᠢ 101 ᠰᠢᠢᠳᠪᠦᠷᠢᠯᠡᠵᠦ ᠥᠭᠴᠡᠢ᠃ ᠬᠤᠲᠠ ᠶᠢᠨ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠨᠢᠭᠡᠴᠡ ᠶᠢᠨ ᠤᠯᠠᠭᠠᠨᠮᠥ᠋ᠴᠢᠷ ᠤᠨ ᠤᠬᠠᠭᠤᠯᠭ᠎ᠠ ᠬᠥᠮᠦᠵᠢᠯ ᠤᠨ ᠦᠢᠯᠡᠳᠦᠯ ᠲᠠᠰᠤᠷᠠᠯᠲᠠ ᠥᠬᠡᠶ ᠲᠣᠪᠤᠶᠢᠮ᠎ᠠ ᠪᠣᠯᠵᠣ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ︾ ᠶᠢ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠳᠤ ᠠᠭᠤᠰᠬᠠᠨ ᠣᠷᠣᠭᠤᠯᠵᠤ᠂ 2021 ᠣᠨ ᠳᠤ 100 ᠭᠠᠷᠤᠶ ᠤᠳᠠᠭ᠎ᠠ ᠲᠤᠰᠬᠠᠶ ᠲᠣᠬᠤᠨᠢᠭᠤᠯᠬᠤ ᠲᠣᠭᠯᠠᠯᠲᠠ ᠭᠠᠷᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠤᠨ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠤᠨ ᠬᠥᠮᠦᠨ ᠮᠡᠲᠦ ᠳᠣᠲᠣᠨᠣ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃      ︽ᠭᠤᠷᠪᠠ ᠶᠢ ᠠᠭᠤᠰᠤᠯᠴᠠᠭᠤᠯᠬᠤ︾ ᠨᠢ ᠦᠨᠳᠦᠰᠦᠲᠡᠨ ᠨᠦᠭᠦᠳ ᠤᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠣᠳᠣᠬᠢᠴᠢᠯᠠᠯᠲᠠ ᠶᠢ ᠠᠬᠢᠭᠤᠯᠤᠨ᠎ᠠ      ᠨᠢᠭᠡ ᠳᠤ ᠡᠭᠦᠳᠦᠨ ᠪᠠᠶᠢᠭᠤᠯᠬᠤ ᠠᠵᠢᠯ ᠬᠢᠭᠡᠳ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠭᠦᠨᠵᠡᠭᠡᠶ ᠠᠭᠤᠰᠤᠯᠴᠠᠭᠤᠯᠪᠠ᠃ ᠠᠷᠠᠳ ᠤᠨ ᠠᠮᠢᠳᠤᠷᠠᠯ ᠤᠨ ᠪᠡᠯᠡ ᠣᠷᠣᠭᠤᠯᠤᠯᠲᠠ ᠶᠢ ᠦᠷᠭᠦᠯᠵᠢᠯᠡᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠤᠷᠭᠠᠭᠤᠯᠢ ᠳᠤ ᠣᠷᠣᠬᠤ᠂ ᠡᠪᠡᠳᠴᠢᠨ ᠦᠵᠡᠭᠦᠯᠬᠦ᠂ ᠠᠵᠢᠯ ᠤᠯᠬᠤ᠂ ᠶᠠᠪᠤᠵᠤ ᠰᠠᠭᠤᠬᠤ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠰᠠᠭᠤᠳᠠᠯ ᠢ ᠰᠢᠢᠳᠪᠦᠷᠢᠯᠡᠨ ᠥᠭᠴᠦ᠂ ᠬᠥᠳᠡᠭᠡ ᠲᠣᠰᠬᠤᠨ ᠤ 1.72 ᠲᠦᠮᠡᠨ ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ ᠰᠢᠨ᠎ᠡ ᠪᠠᠷ ᠪᠠᠶᠢᠭᠤᠯᠤᠭᠰᠠᠨ ᠬᠥᠳᠡᠭᠡ ᠲᠣᠰᠬᠤᠨ ᠤ ᠤᠰᠤ ᠤᠮᠳᠠ ᠶᠢᠨ ᠠᠮᠤᠷ ᠲᠦᠪᠰᠢᠨ ᠤ ᠢᠨᠵᠧᠨᠧᠷᠢᠩ 141 ᠪᠠᠶᠢᠵᠤ᠂ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ ᠵᠡᠷᠭᠡ ᠡᠯ᠎ᠡ ᠵᠦᠢᠯ ᠤᠨ ᠪᠠᠲᠤᠯᠠᠭ᠎ᠠ ᠶᠢᠨ ᠪᠠᠲᠤᠯᠠᠬᠤ ᠶᠣᠰᠣᠲᠠᠶ ᠪᠦᠬᠦᠨ ᠢ ᠪᠠᠲᠤᠯᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 221 ᠲᠦᠮᠡ ᠳᠤ ᠬᠦᠷᠴᠦ᠂ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠪᠠᠲᠤᠯᠠᠬᠤ ︽ᠬᠤᠷ᠎ᠠ ᠪᠣᠷᠣᠭᠠᠨ ᠤ ᠲᠥᠯᠥᠪᠯᠡᠭᠡ︾ ᠶᠢᠨ ᠵᠦᠢᠯᠡᠰ ᠢ ᠭᠦᠨᠵᠡᠭᠡᠶ ᠲᠦᠯᠬᠢᠨ ᠠᠬᠢᠭᠤᠯᠵᠤ᠂ 9 ᠰᠢᠶᠠᠩ ᠪᠠᠯᠭᠠᠰᠤᠨ ᠳᠤ ᠪᠦᠬᠦᠨ ᠢᠶᠠᠷ ᠢᠶᠠᠨ ᠭᠤᠷᠪᠠᠳᠤᠭᠠᠷ ᠳᠡᠰ ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠭᠦᠯᠵᠦ᠂ 161 ᠵᠠᠰᠠᠭ ᠵᠠᠬᠢᠷᠭᠠᠨ ᠤ ᠭᠠᠴᠠᠭᠠᠨ ᠳᠤ ᠪᠦᠬᠦᠨ ᠢᠶᠠᠷ ᠢᠶᠠᠨ ᠪᠠᠷᠤᠭᠰᠢᠨ ᠪᠠ ᠱᠦᠢᠨᠢ ᠵᠠᠮ ᠨᠡᠪᠲᠡᠷᠡᠭᠦᠯᠵᠦ᠂ ᠬᠤᠳᠠ ᠪᠠᠯᠭᠠᠰᠤᠨ ᠳᠤ ᠨᠡᠶᠢᠳᠡ 5673 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠵᠢᠯ ᠪᠦᠷᠢ ᠳᠤᠮᠳᠠᠴᠢ ᠪᠠᠷ 32 ᠲᠦᠮᠡᠨ ᠬᠥᠮᠦᠨ ᠤᠳᠠᠭ᠎ᠠ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠵᠣᠯ ᠵᠢᠷᠭᠠᠯ ᠤᠨ ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ᠂ ᠬᠥᠳᠡᠭᠡ ᠲᠣᠰᠬᠤᠨ ᠤ ᠵᠤᠭᠠᠴᠠᠯ ᠵᠡᠷᠭᠡ ᠲᠥᠷᠥᠯ ᠵᠦᠢᠯ ᠢ ᠬᠥᠭᠵᠢᠭᠦᠯᠬᠦ ᠲᠣᠭᠤᠷᠢᠨ ᠳᠤ ᠲᠣᠰᠬᠤᠨ ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠦᠭᠡᠶ ᠪᠦᠬᠦ ᠤᠯᠤᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠯᠦ ᠵᠢᠶᠠ ᠶᠢᠩ ᠠᠮᠢ ᠠᠬᠤᠶ ᠶᠢᠨ ᠵᠢᠵᠢᠭ ᠪᠠᠯᠭᠠᠰᠤ ᠵᠢᠯ ᠳᠤ 20 ᠭᠠᠷᠤᠶ ᠲᠦᠮᠡᠨ ᠬᠥᠮᠦᠨ ᠤᠳᠠᠭ᠎ᠠ ᠵᠤᠭᠠᠴᠠᠭᠰᠠᠳ ᠢ ᠬᠦᠯᠢᠶᠡᠨ ᠠᠪᠴᠤ᠂ ᠵᠢᠯ ᠪᠦᠷᠢ ᠡᠷᠭᠢᠨ ᠲᠣᠭᠤᠷᠢᠨ ᠤ ᠲᠣᠰᠬᠤᠨ ᠤ ᠠᠷᠠᠳ ᠢ ᠳᠠᠶᠢᠴᠢᠯᠠᠨ ᠣᠷᠣᠯᠭ᠎ᠠ ᠶᠢ ᠨᠢ 2 ᠲᠦᠮᠡᠨ ᠲᠥᠭᠦᠷᠢᠭ ᠨᠡᠮᠡᠭᠳᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠣᠷᠭᠠᠨᠢᠭ ᠢᠶᠠᠷ ᠵᠣᠯᠭᠠᠭᠤᠯᠵᠤ᠂ 2021 ᠣᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠥᠬᠦᠪᠥᠷᠢ ᠪᠡᠯᠡ ᠮᠥᠩᠭᠦ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ 327 ᠲᠦᠮᠡᠨ ᠲᠥᠭᠦᠷᠢᠭ ᠴᠤᠭᠯᠠᠭᠤᠯᠵᠤ᠂ ᠭᠡᠷᠡᠯ ᠢᠶᠠᠷ ᠶᠠᠳᠠᠭᠤ ᠶᠢ ᠲᠡᠳᠬᠦᠬᠦ᠂ ᠲᠣᠰᠬᠤᠨ ᠳᠤ ᠨᠡᠪᠲᠡᠷᠡᠬᠦ ᠵᠠᠮ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠪᠠ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠤᠨ ᠰᠠᠶᠢᠵᠢᠷᠠᠯᠲᠠ ᠶᠢ ᠪᠦᠲᠦᠮᠵᠢᠲᠡᠢ ᠠᠬᠢᠭᠤᠯᠪᠠ᠃      ᠬᠤᠶᠠᠷ ᠲᠤ ᠡᠭᠦᠳᠦᠨ ᠪᠠᠶᠢᠭᠤᠯᠬᠤ ᠠᠵᠢᠯ ᠬᠢᠭᠡᠳ ᠤᠨᠴᠠᠯᠢᠬᠳᠤ ᠰᠣᠶᠣᠯ ᠢ ᠪᠠᠳᠠᠷᠠᠭᠤᠯᠤᠨ ᠳᠡᠯᠭᠡᠷᠡᠭᠦᠯᠬᠦ ᠶᠢ ᠭᠦᠨᠵᠡᠭᠡᠶ ᠠᠭᠤᠰᠤᠯᠴᠠᠭᠤᠯᠤᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯ ᠤᠨ ᠰᠣᠶᠣᠯ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ᠂ ᠭᠠᠵᠠᠷ ᠣᠷᠣᠨ ᠤ ᠰᠣᠶᠣᠯ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠣᠷᠭᠠᠨᠢᠭ ᠢᠶᠠᠷ ᠤᠶᠠᠯᠳᠤᠭᠤᠯᠵᠤ᠂ ᠰᠢᠶᠠᠩ ᠪᠠᠯᠭᠠᠰᠤ᠂ ᠨᠡᠶᠢᠭᠡᠮ ᠲᠣᠭᠤᠷᠢᠭ᠂ ᠪᠠᠶᠢᠭᠤᠯᠤᠯᠭ᠎ᠠ᠂ ᠰᠤᠷᠭᠠᠭᠤᠯᠢ ᠳᠤ ᠭᠦᠨᠵᠡᠭᠡᠶᠢᠷᠡᠵᠦ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠦᠨᠳᠦᠰᠦᠨ ᠱᠠᠲᠤᠨ ᠳᠤ ᠤᠬᠠᠭᠤᠯᠤᠨ ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠵᠦ᠂ ᠲᠠᠯ᠎ᠠ ᠨᠤᠲᠤᠭ ᠤᠨ ᠡᠬᠡ ᠳᠦᠭᠦᠶᠢᠮᠠ᠂ ᠲᠠᠯ᠎ᠠ ᠨᠤᠲᠤᠭ ᠤᠨ ᠲᠡᠮᠦᠷ ᠥᠬᠢᠨ ᠰᠢᠤᠢ ᠷᠧᠨ ᠬᠤᠸᠠ᠂ ᠠᠷᠤ ᠭᠠᠵᠠᠷ ᠤᠨ ᠲᠡᠨᠡᠭ ᠡᠪᠦᠭᠡᠨ ᠳ᠋ᠦᠩ ᠬᠤᠩ ᠷᠦ᠋ ᠵᠡᠷᠭᠡ ᠤᠯᠠᠭᠠᠨᠴᠠᠪ ᠤᠨ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠶᠡᠬᠡᠪᠡᠷ ᠤᠯᠠᠮᠵᠢᠯᠠᠨ ᠮᠠᠭᠲᠠᠵᠠᠢ︔ ᠪᠣᠳᠠᠰ ᠤᠨ ᠪᠤᠰᠤ ᠰᠣᠶᠣᠯ ᠤᠨ ᠥᠪ ᠤᠨ ᠦᠨᠳᠦᠰᠦᠲᠡᠨ ᠤ ᠡᠷᠲᠡᠨ ᠤ ᠨᠣᠮ ᠪᠢᠴᠢᠭ ᠢ ᠪᠠᠶᠢᠴᠠᠭᠠᠵᠤ ᠪᠠᠶᠢᠳᠠᠯ ᠢ ᠣᠶᠢᠯᠠᠭᠠᠬᠤ ᠠᠵᠢᠯ ᠢ ᠥᠷᠨᠢᠭᠦᠯᠦᠨ᠎ᠡ︔ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 72 ᠵᠢᠯ ᠤᠨ ᠤᠢ ᠶᠢ ᠪᠡᠯᠭᠡᠯᠡᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠦᠳᠦᠭᠡᠨ ᠪᠠᠶᠢᠭᠤᠯᠬᠤ ᠶᠢᠨ ᠲᠣᠭᠤᠷᠢᠨ ᠳᠤ᠂ ︽ᠤᠯᠤᠰ ᠤᠨ ᠪᠠᠶᠠᠷ ᠢ ᠤᠭᠲᠤᠵᠤ ᠨᠠᠮ ᠤᠨ ᠠᠴᠢ ᠶᠢ ᠪᠡᠯᠭᠡᠯᠡᠬᠦ︾ ᠤᠷᠠᠨ ᠪᠢᠴᠢᠯᠭᠡ ᠤᠷᠠᠨ ᠵᠢᠷᠤᠭ᠂ ᠭᠡᠷᠡᠯ ᠵᠢᠷᠤᠭ ᠤᠨ ᠪᠦᠲᠦᠭᠡᠯ ᠤᠨ ᠦᠵᠡᠰᠬᠦᠯᠡᠩ ᠢ ᠡᠷᠬᠢᠯᠡᠪᠡ︔ ᠰᠤᠮᠤᠨ‌ᠠᠭᠤᠯᠠ ᠶᠢᠨ ᠵᠤᠭᠠᠴᠠᠯ ᠤᠨ ᠬᠢᠵᠠᠭᠠᠷᠲᠤ ᠺᠣᠮᠫᠠᠨᠢ ᠶᠢ ᠪᠤᠶᠢᠵᠢᠭᠤᠯᠤᠨ ᠪᠠᠶᠢᠭᠤᠯᠵᠤ᠂ ᠳ᠋ᠠ ᠨᠠᠨ ᠱᠠᠨ ᠤ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠳᠤᠷᠠᠰᠬᠠᠯ ᠤᠨ ᠣᠷᠳᠣᠨ ᠢ ᠬᠤᠳᠠ ᠶᠢᠨ ᠲᠡᠰ ᠤᠨ ᠵᠢᠱᠢᠶ᠎ᠡ ᠦᠵᠡᠭᠦᠯᠬᠦ ᠨᠢᠭᠡᠴᠡ᠂ ᠰᠤᠷᠭᠠᠨ ᠬᠥᠮᠦᠵᠢᠯ ᠤᠨ ᠰᠠᠭᠤᠷᠢᠨ ᠪᠣᠯᠭᠠᠵᠤ᠂ ᠳ᠋ᠠ ᠨᠠᠨ ᠱᠠᠨ ᠤ ᠬᠤᠪᠢᠰᠬᠠᠯ ᠤᠨ ᠲᠡᠦᠬᠡ᠂  ᠰᠤᠮᠤᠨ ᠠᠭᠤᠯᠠ ᠵᠡᠷᠭᠡ ᠬᠤᠪᠢᠰᠬᠠᠯ ᠤᠨ ᠰᠣᠶᠣᠯ ᠳᠠᠬᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠠᠭᠤᠳᠠᠯᠤᠨ ᠳᠡᠯᠭᠡᠷᠡᠭᠦᠯᠵᠦ᠂ ᠡᠯ᠎ᠡ ᠲᠦᠷᠦᠯ ᠤᠨ ᠭᠤᠣᠯ ᠰᠡᠳᠦᠪᠲᠦ ᠬᠥᠮᠦᠵᠢᠯ᠂ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ 2021 ᠣᠨ ᠪᠣᠯᠲᠠᠯ᠎ᠠ ᠦᠨᠳᠦᠰᠦᠲᠡᠨ ᠨᠦᠭᠦᠳ ᠤᠨ ᠤᠯᠠᠨ ᠲᠦᠮᠡᠨ ᠢ ᠨᠡᠶᠢᠳᠡ 15.3 ᠲᠦᠮᠡᠨ ᠬᠥᠮᠦᠨ ᠤᠳᠠᠭ᠎ᠠ ᠬᠦᠯᠢᠶᠡᠨ ᠠᠪᠤᠪᠠ᠃        ᠭᠤᠷᠪᠠ ᠳᠤ ᠡᠭᠦᠳᠦᠨ ᠪᠠᠶᠢᠭᠤᠯᠬᠤ ᠠᠵᠢᠯ ᠬᠢᠭᠡᠳ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠰᠢᠶᠠᠨ ᠤ ᠨᠠᠮ ᠤᠨ ᠬᠤᠷᠢᠶᠠᠨ ᠤ ᠦᠵᠡᠯ ᠤᠬᠠᠮᠰᠠᠷ ᠤᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠲᠣᠣᠷ ᠰᠦᠯᠵᠢᠶ᠎ᠡ ᠶᠢ ᠪᠠᠶᠢᠭᠤᠯᠵᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠳᠣᠲᠣᠭᠠᠳᠤ ᠶᠢ ᠬᠠᠮᠠᠭᠠᠯᠠᠬᠤ ᠵᠡᠷᠭᠡ ᠣᠯᠠᠨ ᠨᠢᠭᠡᠴᠡ ᠶᠢ ᠪᠠᠭᠲᠠᠭᠠᠭᠰᠠᠨ ᠦᠨᠳᠦᠰᠦᠲᠡᠨ ᠱᠠᠰᠢᠨ ᠰᠤᠷᠲᠠᠬᠤᠨ ᠤ ᠵᠥᠷᠢᠴᠡᠯ ᠢ ᠠᠷᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ︽ᠰᠢᠩ ᠾᠧ ᠰᠢᠶᠠᠨ ᠤ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠬᠠᠮᠢᠶ᠎ᠠ ᠪᠦᠬᠦᠢ ᠣᠯᠠᠨ ᠲᠦᠮᠡᠨ ᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠰᠢᠶᠠᠨ ᠤ ᠱᠠᠲᠤᠨ ᠤ ᠤᠳᠤᠷᠢᠳᠤᠯᠭ᠎ᠠ ᠶᠢᠨ ᠰᠢᠶᠠᠩ ᠪᠠᠯᠭᠠᠰᠤ᠂ ᠰᠤᠷᠭᠠᠭᠤᠯᠢ ᠵᠡᠷᠭᠡ ᠶᠢ ᠳᠠᠭᠠᠭᠠᠴᠢᠯᠠᠨ ᠬᠤᠯᠪᠣᠭᠠᠯᠠᠬᠤ ᠶᠢ ᠬᠡᠷᠡᠭᠵᠢᠭᠦᠯᠬᠦ ᠲᠥᠰᠦᠯ ᠪᠠ ︽ᠨᠢᠭᠡ ᠳᠤ ᠨᠢᠭᠡ︾ ᠶᠢ ᠳᠠᠭᠠᠭᠠᠴᠢᠯᠠᠨ ᠬᠤᠯᠪᠣᠭᠠᠯᠠᠭᠤᠯᠬᠤ ᠲᠣᠭᠲᠠᠴᠠ ᠶᠢ ᠲᠣᠭᠲᠠᠭᠠᠵᠤ᠂ ᠤᠳᠤᠷᠢᠳᠬᠤ ᠺᠠᠳ᠋ᠷ ᠬᠢᠭᠡᠳ ᠨᠢᠭᠡᠳᠦᠮᠡᠯ ᠹᠷᠣᠨᠲ ᠤᠨ   ᠡᠲᠡᠭᠡᠳ᠂ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ ᠬᠥᠮᠦᠰ ᠤᠨ ᠨᠢᠭᠡ ᠳᠤ ᠨᠢᠭᠡ ᠶᠢ ᠳᠠᠭᠠᠭᠠᠴᠢᠯᠠᠨ ᠬᠤᠯᠪᠣᠭᠠᠯᠠᠭᠤᠯᠬᠤ ᠨᠡᠷᠡᠰ ᠢ ᠪᠠᠶᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ ᠬᠥᠮᠦᠰ ᠢ ᠲᠣᠬᠤᠨᠢᠭᠤᠯᠬᠤ᠂ ᠨᠥᠬᠦᠷᠯᠡᠬᠦ᠂ ᠨᠣᠮ ᠤᠩᠰᠢᠬᠤ ᠬᠤᠷᠠᠯ ᠬᠢᠬᠦ ᠵᠡᠷᠭᠡ ᠠᠵᠢᠯᠯᠠᠭ᠎ᠠ ᠶᠢ ᠪᠠᠶᠢᠩᠭᠤ ᠶᠢᠨ ᠴᠢᠨᠠᠷᠲᠠᠶ ᠪᠠᠷ ᠥᠷᠨᠢᠭᠦᠯᠵᠦ᠂ ᠵᠥᠷᠢᠴᠡᠯ ᠢ ᠦᠨᠳᠦᠰᠦᠨ ᠱᠠᠲᠤᠨ ᠳᠤ ᠨᠠᠮᠳᠠᠭᠤᠯᠵᠤ᠂ ᠰᠣᠶᠣᠭᠠᠯᠠᠯ ᠳᠤᠨᠢ ᠨᠠᠮᠳᠠᠭᠤᠯᠬᠤ ᠶᠢ ᠦᠨᠡᠨ ᠬᠦ ᠪᠠᠲᠤᠯᠠᠪᠠ᠃      ᠥᠩᠭᠡᠷᠡᠭᠰᠡᠨ ᠢᠶᠠᠨ ᠡᠷᠭᠢᠴᠡᠭᠦᠯᠵᠦ᠂ ᠳᠠᠭᠤᠤ ᠳᠠᠭᠤᠯᠠᠨ ᠤᠷᠤᠭᠰᠢᠯᠠᠨ᠎ᠠ᠃ ᠰᠢᠨ᠎ᠡ ᠴᠠᠭ ᠦᠶ᠎ᠡ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠰᠢᠩ ᠾᠧ ᠰᠢᠶᠠᠨ ᠦᠷᠭᠦᠯᠵᠢᠯᠡᠨ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠡᠯ᠎ᠡ ᠵᠦᠢᠯ ᠤᠨ ᠠᠵᠢᠯ ᠢ ᠪᠣᠳᠠᠲᠠᠢ ᠠᠴᠠ ᠠᠳᠬᠤᠵᠤ᠂ ᠨᠠᠷᠢᠨ ᠨᠢᠮᠪᠠᠢ ᠬᠢᠬᠦ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠲᠠᠶᠢᠴᠢᠯᠠᠵᠥ ︽ᠠᠭᠤᠤ ᠶᠡᠭᠡ ᠡᠬᠡ ᠤᠯᠤᠰ ᠢᠶᠠᠨ ᠬᠠᠮᠲᠤᠪᠠᠷ ᠪᠦᠳᠦᠭᠡᠨ ᠪᠠᠶᠢᠭᠤᠯᠵᠤ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤᠪᠠᠷ ᠴᠣᠭᠴᠠᠯᠠᠶ᠎ᠠ︾ ᠭᠡᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃                               ᠵᠣᠬᠢᠶᠠᠭᠴᠢ᠄ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ                           ᠤᠷᠴᠢᠭᠤᠯᠤᠭᠴᠢ᠄ ᠨᠠᠷᠠᠰᠤ                           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3