ᠪᠥᠬᠦ ᠰᠢᠶᠠᠨ ᠤ ᠬᠡᠪᠴᠢᠶᠡᠨ ᠳᠤ ᠡᠮ ᠤᠨ ᠵᠤᠶᠢᠯ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ ᠬᠠᠤᠯᠢ ᠲᠣᠭᠲᠠᠭᠠᠯ ᠠᠴᠠ ᠵᠥᠷᠢᠴᠡᠭᠰᠡᠨ‌ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2022/4/14
     ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭᠯᠡᠯ ᠤᠨ ᠡᠳ᠋ ︵ᠳᠣᠷᠣᠭᠰᠢ ︽ᠬᠤᠶᠠᠷ ᠵᠦᠢᠯ ᠨᠢᠭᠡ ᠪᠠᠭᠠᠵᠢ ᠵᠡᠪᠰᠡᠭ︾ ᠭᠡᠵᠦ ᠲᠣᠪᠴᠢᠯᠠᠨ᠎ᠠ︶ ᠤᠨ ᠶᠠᠰᠤ ᠴᠢᠨᠠᠷ ᠤᠨ ᠠᠮᠤᠷ ᠲᠦᠪᠰᠢᠨ ᠤ ᠬᠦᠷᠢᠶᠡᠨ ᠳᠠᠬᠢ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠣᠪᠤᠶᠢᠮ᠎ᠠ ᠠᠰᠠᠭᠤᠳᠠᠯ ᠢ ᠦᠨᠡᠨᠬᠦ ᠰᠢᠢᠳᠪᠤᠷᠢᠯᠡᠬᠦ ᠶᠢᠨ ᠲᠥᠯᠥᠭᠡ᠂ ᠪᠦᠬᠦ ᠰᠢᠶᠠᠨ ᠢᠶᠠᠷ ᠢᠶᠠᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠣᠷᠣᠨ ᠪᠠᠶᠢᠭᠤᠯᠬᠤ ᠶᠢ ᠴᠢᠨᠠᠷ ᠰᠠᠶᠢᠲᠠᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠰᠢᠩ ᠾᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ︽ᠪᠥᠬᠦ ᠰᠢᠶᠠᠨ ᠢᠶᠠᠷ ᠢᠶᠠᠨ ᠡᠮ ᠤᠨ ᠵᠦᠢᠯ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠲᠣᠰ ᠡᠳᠦᠷ ᠠᠴᠠ ᠡᠬᠢᠯᠡᠨ ᠪᠥᠬᠦ ᠰᠢᠶᠠᠨ ᠤ ᠬᠡᠪᠴᠢᠶᠡᠨ ᠳᠤ ᠡᠮ ᠤᠨ ᠵᠦᠢᠯ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠨᠢᠭᠡ ᠵᠢᠯ ᠤᠨ ᠬᠤᠭᠤᠴᠠᠭ᠎ᠠ ᠲᠠᠢ ᠥᠷᠨᠢᠭᠦᠯᠵᠦ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠮ ᠤᠨ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠵᠦ᠂ ᠠᠷᠠᠳ ᠣᠯᠠᠨ ᠳᠤ ᠠᠮᠤᠷ ᠲᠦᠪᠰᠢᠨ ᠤ ᠰᠠᠨᠠᠭ᠎ᠠ ᠠᠮᠤᠷ ᠡᠮ ᠬᠡᠷᠡᠭᠯᠡᠭᠦᠯᠬᠦ ᠪᠠᠷ ᠲᠣᠭᠲᠠᠪᠠ᠃ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠰᠢᠩ ᠾᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠳᠣᠤᠷ᠎ᠠ ᠵᠢᠭᠰᠠᠭᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠤᠷᠢᠯᠡᠨ᠎ᠡ᠄      ︵ᠨᠢᠭᠡ︶ ᠡᠮ ᠤᠨ ᠵᠦᠢᠯ ᠢ ᠡᠵᠡᠩᠨᠡᠨ ᠬᠡᠷᠡᠭᠯᠡᠬᠦ ᠵᠠᠩᠭᠢᠯᠠᠭ᠎ᠠ᠄ ᠬᠠᠭᠤᠷᠮᠠᠭ ᠮᠠᠭᠤ ᠡᠮ ᠢ ᠪᠣᠷᠣᠯᠠᠭᠤᠯᠤᠨ ᠬᠡᠷᠡᠭᠯᠡᠵᠦ᠂ ᠦᠨᠡᠮᠯᠡᠯ ᠦᠭᠡᠶ ᠪᠠᠷ ᠡᠮ ᠤᠨ ᠵᠦᠢᠯ ᠢ ᠡᠵᠡᠩᠨᠡᠬᠦ ᠪᠤᠶᠤ ᠬᠠᠤᠯᠢ ᠪᠤᠰᠤ ᠠᠷᠭ᠎ᠠ ᠵᠠᠮ ᠢᠶᠠᠷ ᠡᠮ ᠤᠨ ᠵᠦᠢᠯ ᠢ ᠬᠤᠳᠠᠯᠳᠤᠨ ᠠᠪᠴᠤ ᠬᠡᠷᠡᠭᠯᠡᠬᠦ ᠬᠠᠤᠯᠢ ᠶᠢ ᠵᠥᠷᠢᠴᠡᠨ ᠡᠮ ᠤᠨ ᠵᠦᠢᠯ ᠢ ᠬᠤᠷᠢᠶᠠᠨ ᠠᠪᠤᠭᠰᠠᠨ ᠪᠤᠶᠤ ᠡᠮ ᠤᠨ ᠵᠦᠢᠯ ᠢ ᠦᠢᠯᠡᠳᠪᠦᠷᠢᠯᠡᠵᠦ ᠡᠵᠡᠩᠨᠡᠬᠦ ᠠᠵᠤ ᠠᠬᠤᠶᠢᠯᠠᠯ ᠠᠴᠠ ᠤᠯᠤᠰ ᠠᠴᠠ ᠵᠠᠬᠢᠷᠤᠨ ᠬᠠᠮᠢᠶᠠᠷᠴᠤ ᠪᠠᠶᠢᠭ᠎ᠠ ᠡᠮ ᠤᠨ ᠵᠦᠢᠯ ᠢ ᠮᠡᠬᠡᠯᠡᠨ ᠬᠤᠳᠠᠯᠳᠤᠨ ᠠᠪᠴᠤ ᠮᠡᠬᠡᠯᠡᠨ ᠬᠤᠳᠠᠯᠳᠤᠨ ᠠᠪᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠨ ᠡᠮ ᠤᠨ ᠵᠦᠢᠯ ᠢ ᠬᠠᠳᠠᠭᠠᠯᠠᠵᠤ ᠬᠡᠷᠡᠭᠯᠡᠭᠰᠡᠨ᠂ ᠲᠣᠤᠷ ᠰᠦᠯᠵᠢᠶ᠎ᠡ ᠪᠠᠷ ᠬᠠᠤᠯᠢ ᠲᠣᠭᠲᠠᠭᠠᠯ ᠠᠴᠠ ᠵᠥᠷᠢᠴᠡᠨ ᠡᠮ ᠤᠨ ᠵᠦᠢᠯ ᠢ ᠪᠣᠷᠣᠯᠠᠭᠤᠯᠤᠭᠰᠠᠨ᠂ ᠡᠮ ᠤᠨ ᠵᠣᠷ ᠢᠶᠠᠷ ᠪᠠᠷᠢᠮᠲᠠ ᠪᠣᠯᠭᠠᠭᠰᠠᠨ ᠥᠬᠡᠶ ᠪᠠᠷ ᠵᠣᠷ ᠤᠨ ᠡᠮ ᠤᠨ ᠵᠦᠢᠯ ᠢ ᠪᠣᠷᠣᠯᠠᠭᠤᠯᠤᠭᠰᠠᠨ᠂ ᠠᠵᠢᠯ ᠡᠷᠭᠢᠯᠡᠬᠦ ᠡᠮ ᠨᠠᠶᠢᠷᠠᠭᠴᠢ ᠠᠵᠢᠯ ᠤᠨ ᠪᠠᠶᠢᠷᠢ ᠳᠤ ᠪᠠᠶᠢᠬᠤ ᠥᠬᠡᠶ ᠪᠠᠷ ᠵᠣᠷ ᠤᠨ ᠡᠮ ᠢ ᠪᠣᠷᠣᠯᠠᠭᠤᠯᠤᠭᠰᠠᠨ᠂ ᠠᠵᠢᠯ ᠡᠷᠭᠢᠯᠡᠬᠦ ᠡᠮ ᠨᠠᠶᠢᠷᠠᠭᠴᠢ ᠦᠨᠡᠮᠯᠡᠯ ᠢᠶᠠᠨ ᠡᠯᠭᠦᠭᠰᠡᠨ᠂ ᠠᠵᠤ ᠠᠬᠤᠶᠢᠯᠠᠯ ᠨᠢ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠲᠦᠷᠢᠮ ᠢ ᠬᠡᠷᠡᠭᠵᠢᠭᠦᠯᠦᠭᠰᠡᠨ ᠥᠬᠡᠶ᠂ ᠪᠢᠯᠧᠲ᠂ ᠪᠠᠷᠠᠭ᠎ᠠ᠂ ᠲᠠᠩᠰᠠ ᠬᠠᠷᠢᠯᠴᠠᠨ ᠨᠡᠶᠢᠴᠡᠬᠦ ᠥᠬᠡᠶ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠤᠶᠢᠯᠡ ᠠᠵᠢᠯᠯᠠᠭ᠎ᠠ ᠶᠢ ᠶᠠᠪᠤᠭᠳᠠᠭᠤᠯᠤᠨ᠎ᠠ᠃      ︵ᠬᠤᠶᠠᠷ︶ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠨ ᠬᠡᠷᠡᠭᠯᠡᠬᠦ ᠭᠤᠭᠴᠤᠭ᠎ᠠ᠄ ᠦᠨᠡᠮᠯᠡᠯ ᠥᠬᠡᠶ ᠪᠠᠷ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠬᠦ᠂ ᠳᠠᠩᠰᠠᠯᠠᠭᠤᠯᠤᠭᠰᠠᠨ ᠥᠬᠡᠶ ᠪᠤᠶᠤ ᠳᠠᠩᠰᠠᠯᠠᠭᠤᠯᠤᠭᠰᠠᠨ ᠥᠬᠡᠶ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠨ ᠬᠡᠷᠡᠭᠯᠡᠬᠦ᠂ ᠬᠢᠷᠢ ᠬᠡᠮ ᠢ ᠭᠡᠷᠡᠴᠢᠯᠡᠬᠦ ᠪᠢᠴᠢᠭ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠬᠤ᠂ ᠭᠡᠷᠡᠴᠢ ᠦᠨᠡᠮᠯᠡᠯ ᠢᠶᠠᠨ ᠲᠦᠷᠢᠶᠡᠰᠦᠯᠡᠭᠦᠯᠵᠦ ᠵᠢᠭᠡᠯᠡᠭᠦᠯᠬᠦ ᠵᠡᠷᠭᠡ ᠪᠠᠷ ᠳᠠᠮᠵᠢᠭᠤᠯᠤᠨ ᠬᠠᠤᠯᠢ ᠪᠤᠰᠤ ᠪᠠᠷ ᠡᠮᠴᠢᠯᠡᠭᠡᠨ ᠤ ᠪᠠᠭᠠᠵᠢ ᠬᠡᠷᠡᠭᠰᠡᠯ ᠢ ᠬᠤᠳᠠᠯᠳᠤᠨ ᠣᠷᠣᠭᠤᠯᠵᠤ ᠪᠣᠷᠣᠯᠠᠭᠤᠯᠬᠤ᠂ ᠰᠦᠯᠵᠢᠶ᠎ᠡ ᠪᠠᠷ ᠬᠠᠤᠯᠢ ᠲᠣᠭᠲᠠᠭᠠᠯ ᠠᠴᠠ ᠵᠥᠷᠢᠴᠡᠨ ᠡᠮᠴᠢᠯᠡᠭᠡᠨ ᠤ ᠪᠠᠭᠠᠵᠢ ᠬᠡᠷᠡᠭᠰᠡᠯ ᠢ ᠪᠣᠷᠣᠯᠠᠭᠤᠯᠬᠤ᠂ ᠬᠤᠭᠤᠴᠠᠭ᠎ᠠ ᠥᠩᠭᠡᠷᠡᠭᠰᠡᠨ᠂ ᠬᠦᠴᠦᠨ ᠥᠬᠡᠶ ᠪᠣᠯᠤᠭᠰᠠᠨ᠂ ᠰᠢᠭᠰᠢᠭᠳᠡᠭᠰᠡᠨ᠂ ᠬᠢᠷᠢ ᠲᠡᠩᠴᠡᠭᠰᠡᠨ ᠢ ᠭᠡᠷᠡᠴᠢᠯᠡᠬᠦ ᠪᠢᠴᠢᠭ ᠮᠠᠲ᠋ᠧᠷᠢᠶᠠᠯ ᠥᠬᠡᠶ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠵᠦ ᠬᠡᠷᠡᠭᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠤᠶᠢᠯᠡ ᠠᠵᠢᠯᠯᠠᠭ᠎ᠠ ᠶᠢ ᠭᠦᠢᠴᠡᠳᠭᠡᠨ᠎ᠡ᠃      ︵ᠭᠤᠷᠪᠠ︶ ᠭᠤᠶᠣᠯᠠᠯ ᠤᠨ ᠡᠳ᠋ ᠢ ᠡᠵᠡᠩᠨᠡᠨ ᠬᠡᠷᠡᠭᠯᠡᠬᠦ ᠭᠤᠭᠴᠤᠭ᠎ᠠ᠄ ᠳᠠᠩᠰᠠᠯᠠᠭᠤᠯᠤᠭᠰᠠᠨ ᠦᠭᠡᠶ ᠪᠤᠶᠤ ᠳᠠᠩᠰᠠᠯᠠᠭᠤᠯᠤᠭᠰᠠᠨ ᠦᠭᠡᠶ ᠭᠤᠶᠣᠯᠠᠯ ᠤᠨ ᠡᠳ᠋ ᠢ ᠡᠵᠡᠩᠨᠡᠨ ᠬᠡᠷᠡᠭᠯᠡᠵᠦ᠂ ᠵᠠᠰᠠᠯ ᠴᠢᠮᠡᠭ ᠤᠨ ᠡᠳ᠋ ᠤᠨ ᠡᠵᠡᠩᠨᠡᠭᠴᠢ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠭᠰᠠᠨ ᠲᠡᠮᠳᠡᠭᠯᠡᠯ᠂ ᠦᠢᠯᠡᠳᠬᠦᠨ ᠤ ᠪᠣᠷᠣᠯᠠᠭᠤᠯᠭ᠎ᠠ ᠶᠢᠨ ᠲᠡᠮᠳᠡᠭᠯᠡᠯ ᠵᠡᠷᠭᠡ ᠲᠦᠷᠢᠮ ᠢ ᠬᠠᠤᠯᠢ ᠶᠣᠰᠣᠭᠠᠷ ᠪᠠᠶᠢᠭᠤᠯᠤᠭᠰᠠᠨ ᠦᠭᠡᠢ᠂ ᠵᠠᠰᠠᠯ ᠴᠢᠮᠡᠭ ᠤᠨ ᠡᠳ᠋ ᠤᠨ ᠱᠣᠰᠢᠭ᠎ᠠ ᠳᠡᠭᠡᠷ᠎ᠡ ᠡᠮᠴᠢᠯᠡᠭᠡᠨ ᠤ ᠦᠢᠯᠡᠳᠦᠯ ᠢ ᠳᠠᠯᠳᠠ ᠪᠠᠷ ᠢᠯᠡᠳᠬᠡᠵᠦ᠂ ᠵᠠᠰᠠᠯ ᠴᠢᠮᠡᠭ ᠤᠨ ᠡᠳ᠋ ᠤᠨ ᠡᠵᠡᠩᠨᠡᠭᠴᠢ ᠳᠤᠷ᠎ᠠ ᠪᠠᠷ ᠢᠶᠠᠨ ᠵᠠᠰᠠᠯ ᠴᠢᠮᠡᠭ ᠤᠨ ᠡᠳ᠋ ᠢ ᠨᠠᠶᠢᠷᠠᠭᠤᠯᠵᠤ᠂ ᠬᠤᠭᠤᠴᠠᠭ᠎ᠠ ᠥᠩᠭᠡᠷᠡᠭᠰᠡᠨ᠂ ᠴᠢᠨᠠᠷ ᠬᠤᠪᠢᠷᠬᠠᠰᠠᠨ᠂ ᠬᠠᠭᠤᠷᠮᠠᠭ ᠵᠠᠰᠠᠯ ᠴᠢᠮᠡᠭ ᠤᠨ ᠡᠳ᠋ ᠢ ᠡᠵᠡᠩᠨᠡᠭᠰᠡᠨ᠂ ᠬᠢᠲᠠᠳ ᠦᠰᠦᠭ ᠤᠨ ᠲᠡᠮᠳᠡᠭ ᠦᠭᠡᠢ ᠭᠠᠳᠠᠭᠠᠳᠤ ᠠᠴᠠ ᠣᠷᠣᠭᠤᠯᠤᠭᠰᠠᠨ ᠵᠠᠰᠠᠯ ᠴᠢᠮᠡᠭ ᠤᠨ ᠡᠳ᠋ ᠢ ᠡᠵᠡᠩᠨᠡᠨ ᠬᠡᠷᠡᠭᠯᠡᠭᠰᠡᠨ᠂ ᠰᠦᠯᠵᠢᠶᠡᠨ ᠤ ᠬᠠᠤᠯᠢ ᠲᠣᠭᠲᠠᠭᠠᠯ ᠠᠴᠠ ᠵᠥᠷᠢᠴᠡᠨ ᠵᠠᠰᠠᠯ ᠴᠢᠮᠡᠭ ᠤᠨ ᠡᠳ᠋ ᠢ ᠪᠣᠷᠣᠯᠠᠭᠤᠯᠤᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠭᠲᠠᠭᠠᠨ᠎ᠠ᠃      ᠬᠤᠶᠠᠷ᠂ ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠨᠢ ᠡᠮ ᠤᠨ ᠵᠦᠢᠯ ᠤᠨ ᠠᠮᠤᠷ ᠲᠦᠪᠰᠢᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠪᠠᠷ ᠤᠳᠤᠷᠢᠳᠤᠮᠵᠢ ᠪᠣᠯᠭᠠᠵᠤ᠂ ᠸᠠᠺᠼᠢᠨ᠂ ᠴᠢᠰᠤᠨ ᠤ ᠪᠦᠲᠦᠭᠡᠭᠳᠡᠬᠦᠨ᠂ ᠣᠨᠴᠠᠭᠠᠶ ᠡᠮ ᠤᠨ ᠵᠦᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠶᠢᠯᠡᠳᠭᠦᠨ᠂ ᠲᠥᠪᠯᠡᠷᠡᠭᠦᠯᠦᠨ ᠲᠡᠭᠦᠵᠦ ᠴᠤᠭᠯᠠᠭᠤᠯᠬᠤ ᠳᠤᠮᠳᠠ ᠠᠴᠠ ᠰᠣᠩᠭᠤᠭᠰᠠᠨ ᠤᠶᠢᠯᠡᠳᠭᠦᠨ᠂ ᠪᠠᠺᠲ᠋ᠧᠷᠢ ᠥᠬᠡᠶ ᠪᠠ ᠳᠠᠷᠢᠵᠤ ᠣᠷᠣᠭᠤᠯᠬᠤ ᠴᠢᠨᠠᠷᠲᠠᠶ ᠡᠮᠴᠢᠯᠡᠭᠡᠨ ᠤ ᠪᠠᠭᠠᠵᠢ ᠬᠡᠷᠡᠭᠰᠡᠯ᠂ ᠬᠡᠤᠬᠡᠳ ᠵᠢᠴᠢ ᠣᠨᠴᠠᠭᠠᠶ ᠭᠤᠶᠣᠯᠠᠯ ᠤᠨ ᠡᠳ᠋᠂ ᠬᠢᠲᠠᠳ ᠬᠡᠷᠴᠢᠮ ᠡᠮ᠂ ᠬᠠᠮᠠᠷ ᠤᠨ ᠦᠷᠪᠢᠰᠦᠯ ᠤᠨ ᠵᠦᠢᠯ᠂ ᠮᠠᠷᠢᠶ᠎ᠠ ᠰᠢᠭᠤᠷᠠᠭᠤᠯᠬᠤ ᠵᠦᠶ᠋ᠯ᠂ ᠢᠳᠡᠷᠬᠡᠭ ᠠᠷᠭ᠎ᠠ ᠶᠢᠨ ᠵᠦᠢᠯ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠎ᠠ︔ ᠭᠤᠤᠯᠳᠠᠯᠭ᠎ᠠ ᠲᠠᠢ ᠡᠲᠡᠭᠡᠳ᠂ ᠵᠢᠱᠢᠶᠡᠯᠡᠪᠡᠯ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠠᠰ ᠨᠢ ᠳᠣᠤᠷ᠎ᠠ᠂ ᠠᠰᠠᠭᠤᠳᠠᠯ ᠣᠯᠠᠨ ᠣᠷᠣᠰᠢᠵᠤ ᠪᠠᠶᠢᠭ᠎ᠠ ᠠᠵᠤ ᠠᠬᠤᠶᠢᠯᠠᠯ ᠪᠠ ᠰᠢᠨ᠎ᠡ ᠪᠠᠷ ᠡᠷᠭᠢᠯᠡᠭᠰᠡᠨ ᠵᠢᠵᠢᠭᠯᠡᠨ ᠬᠤᠳᠠᠯᠳᠤᠬᠤ ᠡᠮ ᠤᠨ ᠵᠦᠢᠯ ᠤᠨ ᠡᠵᠡᠩᠨᠡᠯᠲᠡ ᠶᠢᠨ ᠠᠵᠤ ᠠᠬᠤᠶᠢᠯᠠᠯ ᠵᠢᠴᠢ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠬᠤᠪᠢ ᠶᠢᠨ ᠡᠮᠴᠢᠯᠡᠭᠡᠨ ᠤ ᠭᠠᠵᠠᠷ ᠵᠡᠷᠭᠡ ᠳᠤ ᠭᠤᠤᠯᠳᠠᠯᠭ᠎ᠠ ᠲᠠᠢ ᠪᠠᠶᠢᠴᠠᠭᠠᠯᠲᠠ ᠥᠷᠨᠢᠭᠦᠯᠬᠦ ᠶᠢ ᠴᠢᠩᠭᠠᠷᠠᠭᠤᠯᠤᠨ᠎ᠠ︔ ᠢᠯᠠᠩᠭᠤᠶ᠎ᠠ ᠬᠥᠳᠡᠭᠡ ᠲᠣᠰᠬᠤᠨ᠂ ᠬᠤᠲᠠ ᠬᠥᠳᠡᠭᠡ ᠶᠢᠨ ᠠᠭᠤᠯᠵᠠᠷ ᠭᠠᠵᠠᠷ ᠲᠤ᠂ ᠲᠡᠳᠡᠨ ᠤ ᠪᠠᠭᠤᠷᠠᠶᠢᠴᠤᠤᠯ ᠲᠥᠪᠯᠡᠷᠡᠨ ᠰᠠᠭᠤᠬᠤ᠂ ᠡᠷᠬᠡ ᠪᠠᠨ ᠬᠠᠮᠠᠭᠠᠯᠠᠬᠤ ᠤᠬᠠᠮᠰᠠᠷ ᠥᠨᠳᠥᠷ ᠪᠢᠰᠢ᠂ ᠬᠠᠤᠯᠢ ᠲᠣᠭᠲᠠᠭᠠᠯ ᠠᠴᠠ ᠵᠥᠷᠢᠴᠡᠭᠰᠡᠨ ᠤᠶᠢᠯᠡ ᠠᠵᠢᠯᠯᠠᠭ᠎ᠠ ᠠᠮᠠᠷᠬᠠᠨ ᠡᠭᠦᠰᠳᠡᠭ ᠣᠨᠴᠠᠯᠢᠭ ᠲᠤ ᠴᠢᠭᠯᠡᠭᠦᠯᠦᠨ ᠬᠢᠨᠠᠯᠲᠠ ᠪᠠᠶᠢᠴᠠᠭᠠᠯᠲᠠ ᠥᠷᠨᠢᠭᠦᠯᠦᠨ᠎ᠡ᠃      ᠭᠤᠷᠪᠠ᠂ ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ 2022 ᠣᠨ ᠤ 12 ᠰᠠᠷ᠎ᠠ ᠶᠢᠨ 31 ᠤ ᠡᠳᠦᠷ ᠳᠠᠭᠤᠰᠬᠠᠨ᠎ᠠ᠃ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ᠂ ᠰᠣᠨᠢᠨ ᠮᠡᠳᠡᠭᠡᠨ ᠤ ᠵᠠᠭᠤᠴᠢᠯᠠᠭᠤᠷ ᠵᠢᠴᠢ ︽ᠬᠤᠶᠠᠷ ᠵᠦᠢᠯ ᠤᠨ ᠨᠢᠭᠡ ᠵᠦᠢᠯ ᠤᠨ ᠪᠠᠭᠠᠵᠢ ᠵᠡᠪᠰᠡᠭ︾ ᠤᠨ ᠠᠵᠢᠯ ᠡᠷᠭᠢᠯᠡᠭᠰᠡᠳ ᠤᠨ ᠢᠳᠡᠪᠬᠢᠲᠡᠶ ᠪᠠᠷ ᠬᠢᠨᠠᠯᠲᠠ ᠲᠠᠯᠪᠢᠬᠤ ᠳᠤ ᠣᠷᠣᠯᠴᠠᠵᠤ᠂ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠢᠳᠡᠪᠬᠢᠲᠡᠶ ᠪᠠᠷ ᠬᠠᠩᠭᠠᠬᠤ ᠶᠢ ᠪᠠᠶᠠᠷᠯᠠᠨ ᠤᠭᠲᠤᠨ᠎ᠠ᠃ ᠪᠢᠳᠡ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠬᠤ ᠶᠢᠨ ᠬᠠᠮᠲᠤ ᠴᠠᠭ ᠲᠤᠬᠠᠶ ᠳᠤᠨᠢ ᠵᠣᠬᠢᠶᠠᠨ ᠪᠠᠶᠢᠭᠤᠯᠵᠤ ᠬᠢᠨᠠᠨ ᠪᠠᠶᠢᠴᠠᠭᠠᠨ᠎ᠠ᠃      ᠢᠯᠡᠴᠢᠯᠡᠨ ᠮᠡᠳᠡᠭᠦᠯᠬᠦ ᠳᠤ ᠬᠢᠨᠠᠯᠲᠠ ᠲᠠᠯᠪᠢᠬᠤ ᠤᠲᠠᠰᠤ᠄ 12315      ᠡᠭᠦᠨ ᠤ ᠲᠤᠯᠠ ᠣᠨᠴᠠᠭᠠᠶᠢᠯᠠᠨ ᠵᠠᠷᠯᠠᠪᠠ        ᠰᠢᠩ ᠾᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ         ᠵᠣᠬᠢᠶᠠᠭᠴᠢ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ         ᠤᠷᠴᠢᠭᠤᠯᠤᠭᠴᠢ᠄ ᠨᠠᠷᠠᠰᠤ         ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3