ᠮᠠᠨ ᠤ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠰᠢᠩ ᠾᠧ ᠰᠢᠶᠠᠨ ᠤ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/14
     ᠮᠠᠨ ᠤ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠰᠢᠩ ᠾᠧ ᠰᠢᠶᠠᠨ ᠤ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠸᠧᠢ ᠪᠢᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠶᠤᠸᠠᠢ ᠯᠢᠶᠠᠩ ᠬᠤᠷᠠᠯ ᠳᠤ ᠣᠷᠣᠯᠴᠠᠪᠠ᠃      ᠸᠠᠩ ᠸᠧᠢ ᠪᠢᠩ ᠪᠠᠶᠢᠷᠢᠯᠠᠭᠤᠯᠤᠯᠲᠠ ᠶᠢᠨ ᠬᠤᠷᠠᠯ ᠳᠡᠭᠡᠷ᠎ᠡ ᠲᠠᠶᠢᠴᠢᠯᠠᠯᠳᠠ ᠶᠢᠨ ᠶᠠᠷᠢᠶ᠎ᠠ ᠲᠠᠯᠪᠢᠪᠠ᠂ ᠲᠡᠷᠡ ᠵᠢᠭᠠᠵᠤ ᠭᠠᠷᠭᠠᠭᠰᠠᠨ ᠨᠢ᠂ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠬᠤ ᠪᠣᠯ ᠮᠠᠨ ᠤ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠴᠢᠬᠤᠯᠠ ᠲᠦᠷᠢᠮ ᠤᠨ ᠴᠢᠨᠠᠷᠲᠠᠢ ᠲᠤᠬᠢᠷᠠᠭᠤᠯᠤᠯᠳᠠ ᠮᠥᠨ᠂ ᠴᠢᠬᠤᠯᠠ ᠤᠯᠤᠰ ᠲᠦᠷᠦ ᠶᠢᠨ ᠠᠵᠢᠯ ᠮᠥᠨ᠂ ︽ᠬᠤᠶᠠᠷ ᠢ ᠬᠠᠮᠠᠭᠠᠯᠠᠬᠤ︾ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠶᠤᠮ᠃ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠳᠤ ᠠᠪᠴᠤ ᠬᠡᠯᠡᠪᠡᠯ᠂ ᠴᠠᠭᠳᠠᠨ ᠪᠠᠶᠢᠴᠠᠭᠠᠬᠤ ᠪᠣᠯ ᠳᠠᠷᠤᠶ ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ ᠮᠥᠨ᠂ ᠡᠯ᠎ᠡ ᠨᠢᠭᠡᠴᠡ ᠶᠢ ᠬᠠᠪᠰᠤᠷᠤᠨ ᠠᠰᠠᠭᠤᠳᠠᠯ ᠢ ᠢᠯᠡᠷᠡᠭᠦᠯᠵᠦ᠂ ᠡᠪᠡᠳᠴᠢᠨ ᠤ ᠭᠤᠯᠣᠮᠲᠠ ᠶᠢ ᠣᠨᠣᠪᠴᠢᠲᠠᠶ ᠡᠷᠢᠵᠦ᠂ ᠬᠦᠷᠦᠯᠴᠡᠬᠦ ᠥᠬᠡᠶ ᠲᠠᠯ᠎ᠠ ᠶᠢ ᠴᠡᠭᠴᠡᠯᠡᠨ ᠰᠠᠶᠢᠵᠢᠷᠠᠭᠤᠯᠬᠤ ᠴᠢᠬᠤᠯᠠ ᠠᠵᠠ ᠲᠣᠬᠢᠶᠠᠯ ᠮᠥᠨ᠃ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠢᠯᠵᠢᠷᠡᠯ ᠤᠨ ᠠᠰᠠᠭᠤᠳᠠᠯ ᠪᠣᠯᠤᠨ ᠲᠥᠪ ᠪᠤᠰᠤ ᠰᠤᠷᠲᠠᠯ ᠵᠢᠴᠢ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠬᠢᠨᠠᠯᠲᠠ ᠲᠠᠯᠪᠢᠵᠤ᠂ ᠲᠣᠭᠤᠷᠢᠨ ᠪᠠᠶᠢᠴᠠᠭᠠᠬᠤ ᠶᠠᠰᠤ ᠴᠢᠨᠠᠷ ᠪᠣᠯᠤᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃      ᠸᠠᠩ ᠸᠧᠶ ᠪᠢᠩ ᠴᠢᠬᠤᠯᠠᠴᠢᠯᠠᠭᠰᠠᠨ ᠨᠢ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠶᠢᠨ ᠭᠤᠣᠯᠳᠠᠯᠭ᠎ᠠ᠂ ᠪᠠᠷᠢᠮᠵᠢᠶ᠎ᠠ ᠪᠠ ᠠᠷᠭ᠎ᠠ ᠵᠠᠮ ᠢ ᠣᠨᠣᠪᠴᠢᠲᠠᠶ ᠡᠵᠡᠮᠰᠢᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠰᠢ ᠶᠢᠨ ᠫᠢᠩ ᠤ ᠶᠡᠷᠦᠩᠬᠡᠢ ᠱᠦᠵᠢ ᠶᠢᠨ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠢᠭᠡᠴᠡ ᠠᠵᠢᠯ ᠲᠦᠷᠦᠯ ᠤᠨ ᠬᠦᠷᠢᠶᠡᠨ ᠤ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠵᠡᠷᠭᠡ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ ᠪᠠᠬᠢᠵᠢᠭᠦᠯᠵᠦ ᠪᠠᠶᠢᠭ᠎ᠠ ᠪᠠᠶᠢᠳᠠᠯ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠳᠤ ᠭᠤᠣᠯᠳᠠᠯᠭ᠎ᠠ ᠲᠠᠢ ᠬᠢᠨᠠᠯᠲᠠ ᠲᠠᠯᠪᠢᠵᠤ ᠪᠠᠶᠢᠴᠠᠭᠠᠨ ᠰᠤᠷᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠤᠯᠤᠰ ᠲᠦᠷᠦ ᠶᠢᠨ ᠬᠡᠯᠪᠡᠷᠢᠯ ᠢ ᠭᠦᠨᠵᠡᠭᠡᠢ ᠡᠷᠢᠵᠦ᠂ ᠤᠯᠤᠰ ᠲᠦᠷᠦ ᠶᠢᠨ ᠬᠡᠯᠪᠡᠷᠢᠯ ᠢ ᠵᠠᠯᠠᠷᠠᠭᠤᠯᠤᠨ᠎ᠠ︔ ᠠᠷᠠᠳ ᠣᠯᠠᠨ ᠤ ᠲᠤᠰᠬᠠᠯ ᠶᠡᠬᠡᠲᠡᠶ ᠪᠠᠶᠢᠭ᠎ᠠ ᠲᠣᠪᠤᠶᠢᠮ᠎ᠠ ᠠᠰᠠᠭᠤᠳᠠᠯ ᠢ ᠠᠩᠬᠠᠷᠴᠤ ᠂ ᠡᠳᠡᠭᠡᠷ ᠠᠰᠠᠭᠤᠳᠠᠯ ᠢ ᠪᠦᠲᠦᠮᠵᠢᠲᠡᠶ ᠭᠠᠷᠳᠠᠬᠤ ᠴᠡᠭ ᠪᠣᠯᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠭᠰᠡᠨ ᠬᠠᠷᠢᠭᠤᠴᠠᠯᠭ᠎ᠠ ᠶᠢᠨ ᠵᠦᠷᠢᠶ᠎ᠡ ᠶᠢ ᠡᠷᠢᠵᠦ᠂ ᠺᠠᠳ᠋ᠷ ᠤᠯᠠᠨ ᠲᠦᠮᠡᠨ ᠤ ᠠᠰᠠᠭᠤᠳᠠᠯ ᠢ ᠲᠤᠰᠬᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠨᠠᠮ ᠤᠨ ᠳᠣᠲᠣᠭᠠᠳᠤ ᠶᠢᠨ ᠬᠢᠨᠠᠯᠲᠠ ᠪᠣᠯᠤᠨ ᠤᠯᠠᠨ ᠲᠦᠮᠡᠨ ᠤ ᠬᠢᠨᠠᠯᠲᠠ ᠶᠢᠨ ᠪᠦᠬᠦᠯᠢ ᠴᠣᠭᠴᠠ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠠᠮᠵᠢᠯᠴᠠᠬᠤ ᠨᠢᠭᠡᠴᠢ ᠶᠢᠨ ᠬᠤᠯᠪᠣᠭᠳᠠᠯ ᠪᠦᠬᠦᠢ ᠲᠠᠯ᠎ᠠ ᠶᠢᠨ ᠪᠠᠶᠢᠳᠠᠯ ᠢ ᠮᠡᠳᠡᠭᠳᠡᠬᠦ ᠲᠠᠢ ᠤᠶᠠᠯᠳᠤᠭᠤᠯᠤᠨ᠂ ᠰᠢᠪᠲᠤᠯᠤᠯᠲᠠ ᠶᠢᠨ ᠴᠡᠭ ᠢ ᠣᠨᠣᠪᠴᠢᠲᠠᠢ ᠡᠷᠢᠵᠦ᠂ ᠤᠯᠠᠨ ᠲᠦᠮᠡᠨ ᠤ ︽ᠪᠠᠴᠢᠮᠳᠠᠬᠤ᠂ ᠬᠦᠴᠢᠷᠳᠡᠬᠦ᠂ ᠵᠣᠪᠠᠭ᠋ᠤ︾ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠬᠦ ᠶᠢ ᠬᠦᠴᠦᠯᠡᠨ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ︔ ᠨᠠᠮ ᠤᠨ ᠲᠥᠪ ᠬᠤᠷᠢᠶᠠᠨ ᠤ ︽︿ᠨᠢᠭᠡᠳᠦᠭᠡᠷ ᠭᠠᠷ﹀ ᠪᠣᠯᠤᠨ ᠤᠳᠤᠷᠢᠳᠬᠤ ᠪᠠᠭ ᠲᠤ ᠲᠠᠯᠪᠢᠬᠤ ᠬᠢᠨᠠᠯᠲᠠ ᠶᠢ ᠴᠢᠩᠭᠠᠳᠬᠠᠬᠤ ᠲᠤᠬᠠᠶ ᠰᠠᠨᠠᠯ︾ ᠪᠣᠯᠤᠨ ᠲᠥᠪ ᠤᠨ ᠲᠣᠭᠤᠷᠢᠨ ᠪᠠᠶᠢᠴᠠᠭᠠᠬᠤ ᠠᠯᠪᠠᠨ ᠭᠡᠷ ᠤᠨ ︽ᠣᠳᠣᠬᠠᠨ ᠤ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠠᠩᠬᠠᠷᠬᠤ ᠴᠢᠬᠤᠯᠠᠲᠠᠶ ᠵᠦᠢᠯᠡᠰ︾ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠨᠢᠭᠡᠳᠦᠭᠡᠷ ᠭᠠᠷ︾ ᠢ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠭᠤᠤᠯᠳᠠᠯᠭ᠎ᠠ ᠪᠣᠯᠭᠠᠵᠤ᠂ ᠤᠯᠤᠰ ᠲᠥᠷᠥ ᠶᠢᠨ ᠬᠢᠨᠠᠯᠲᠠ ᠲᠠᠯᠪᠢᠬᠤ ᠶᠢ ᠳᠣᠪᠤᠶᠢᠯᠭᠠᠨ᠂ ᠡᠷᠬᠡ ᠶᠢᠨ ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ︽ᠭᠤᠷᠪᠠᠨ ᠲᠥᠪᠯᠡᠷᠡᠯ︾ ᠢ ᠴᠢᠩᠭ᠎ᠠ ᠠᠳᠬᠤᠵᠤ᠂ ᠡᠷᠬᠡ ᠶᠢᠨ ᠠᠵᠢᠯᠯᠠᠭᠠᠨ ᠨᠢ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ ᠪᠠᠶᠢᠬᠤ ᠡᠰᠡᠬᠦ᠂ ᠬᠠᠷᠢᠭᠤᠴᠠᠯᠭ᠎ᠠ ᠶᠢ ᠪᠣᠳᠠᠲᠠᠶ ᠨᠠᠶᠢᠳᠠᠪᠤᠷᠢᠵᠢᠭᠤᠯᠤᠭᠰᠠᠨ ᠡᠰᠡᠬᠦ᠂ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ  ᠭᠦᠢᠴᠡᠳᠭᠡᠭᠰᠡᠨ ᠪᠠᠶᠢᠳᠠᠯ ᠨᠢ ᠬᠢᠷᠢ ᠵᠡᠷᠭᠡ ᠪᠠᠶᠢᠬᠤ ᠶᠢ ᠭᠤᠤᠯᠳᠠᠯᠭ᠎ᠠ ᠲᠠᠢ ᠦᠵᠡᠬᠦ ᠬᠡᠷᠡᠭᠲᠡᠶ︔ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠤᠯᠠᠭᠠᠨᠴᠠᠪ ᠬᠤᠳᠠ ᠶᠢᠨ ︽ᠦᠬᠡᠨᠴᠡ ᠲᠤᠷᠤᠢ ᠠᠯᠵᠠᠭᠤ ᠬᠤᠶᠢᠷᠭᠤ ᠰᠤᠯᠠ ᠵᠠᠳᠠᠭᠠᠢ᠂ ᠲᠦᠯᠬᠢᠵᠦ ᠰᠤᠨᠵᠢᠷᠠᠭᠤᠯᠬᠤ᠂ ᠬᠤᠶᠢᠷᠭᠤ ᠬᠤᠶᠢᠷᠭᠤᠰᠢᠬᠤ︾ ᠵᠠᠰᠠᠯᠲᠠ ᠶᠢ ᠭᠦᠨᠵᠡᠭᠡᠶᠢᠷᠡᠭᠦᠯᠬᠦ ᠠᠵᠢᠯ ᠤᠨ ᠲᠥᠰᠦᠯ︾ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠡᠨᠡᠬᠦ ᠵᠠᠰᠠᠯᠲᠠ ᠶᠢᠨ ᠠᠵᠢᠯ ᠢ ᠬᠢᠨᠠᠯᠲᠠ ᠲᠠᠯᠪᠢᠬᠤ ᠭᠤᠣᠯᠳᠠᠯᠭ᠎ᠠ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠦᠨ ᠭᠦᠨᠵᠡᠭᠡᠶᠢᠷᠡᠭᠦᠯᠵᠦ᠂ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠳᠡᠭᠡᠭᠰᠢᠯᠡᠭᠦᠯᠬᠦ ᠬᠡᠷᠡᠭᠲᠡᠢ᠃      ᠬᠤᠷᠠᠯ ᠳᠡᠭᠡᠷ᠎ᠡ᠂ ᠶᠤᠸᠠᠢ ᠯᠢᠶᠠᠩ ᠲᠤᠰ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ ᠵᠢᠴᠢ ᠡᠭᠦᠷᠭᠡ ᠶᠢᠨ ᠲᠤᠬᠠᠢ ᠲᠣᠭᠲᠠᠭᠠᠯ ᠢ ᠨᠡᠶᠢᠲᠡᠯᠡᠪᠡ︔ ᠲᠣᠭᠤᠷᠢᠨ ᠪᠠᠶᠢᠴᠠᠭᠠᠬᠤ ᠠᠯᠪᠠᠨ ᠬᠡᠷ ᠤᠨ ᠬᠠᠷᠢᠭᠤᠴᠠᠯᠭᠠᠲᠠᠨ ᠪᠥᠬᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠶᠢᠰᠦᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃      ᠡᠯ᠎ᠡ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠠᠮᠵᠢᠯᠴᠠᠬᠤ ᠪᠦᠷᠢᠯᠳᠦᠬᠦᠨ ᠨᠢᠭᠡᠴᠢ᠂ ᠴᠠᠭᠳᠠᠨ ᠪᠠᠶᠢᠴᠠᠭᠠᠭᠳᠠᠬᠤ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3