ᠮᠠᠨ ᠤ ᠰᠢᠶᠠᠨ ᠰᠤᠮᠤᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ᠂ ᠨᠡᠭᠦᠯᠭᠡᠬᠦ ᠠᠵᠢᠯ ᠤᠨ ᠵᠣᠬᠢᠴᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/14
     ᠰᠤᠮᠤᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠴᠢᠮ ᠢ ᠦᠨᠡᠨᠬᠦ 4 ᠰᠠᠷ᠎ᠠ ᠶᠢᠨ 13 ᠤ ᠡᠳᠦᠷ᠂  ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠤᠤ ᠷᠦᠢ  ᠰᠤᠮᠤᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠵᠢᠯ ᠢ ᠵᠣᠬᠢᠴᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠪᠠ ᠪᠠᠭᠠᠲᠤᠷ ᠳᠦᠷᠢ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠬᠥᠩ ᠰᠢᠤ ᠯᠦᠩ ᠬᠤᠷᠠᠯ ᠳᠤ ᠣᠷᠣᠯᠴᠠᠪᠠ᠃
     ᠵᠣᠣ ᠷᠦᠢ ᠴᠢᠬᠤᠯᠠᠴᠢᠯᠠᠬᠤ ᠳᠠᠭᠠᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠦᠨᠡᠨ ᠬᠦ ᠤᠶᠢᠯᠡᠳᠤᠯᠭᠡᠵᠢᠭᠦᠯᠵᠦ᠂ ᠬᠠᠮᠠᠭᠠᠯᠠᠯᠲᠠ ᠶᠢᠨ ᠣᠷᠣᠨ ᠳᠠᠬᠢ ᠠᠮᠢ ᠠᠬᠤᠶ ᠶᠢᠨ ᠰᠢᠰᠲ᠋ᠧᠮ ᠢ ᠤᠯᠠᠮ ᠨᠢᠭᠡ ᠠᠯᠬᠤᠮ ᠰᠠᠶᠢᠵᠢᠷᠠᠭᠤᠯᠬᠤ ᠶᠢ ᠳᠥᠯᠭᠢᠨ ᠠᠬᠢᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠡᠶᠡᠯᠡᠭᠦᠯᠬᠦ ᠬᠡᠷᠡᠭᠲᠡᠶ︔ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ ᠪᠦᠲᠦᠮᠵᠢᠲᠡᠢ ᠬᠡᠷᠡᠭᠵᠢᠭᠦᠯᠵᠦ᠂ ᠬᠠᠮᠠᠭᠠᠯᠠᠯᠲᠠ ᠶᠢᠨ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ᠂ ᠨᠡᠭᠦᠯᠭᠡᠬᠦ ᠠᠵᠢᠯ ᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠵᠢᠯ ᠤᠨ ᠬᠠᠷᠢᠭᠤᠴᠠᠯᠭ᠎ᠠ ᠶᠢ ᠴᠢᠨᠠᠭᠰᠢᠳᠠ ᠲᠣᠳᠣᠷᠬᠠᠶᠢᠯᠠᠵᠤ᠂ ᠠᠵᠢᠯ ᠤᠨ ᠡᠭᠦᠷᠭᠡ ᠶᠢ ᠨᠠᠷᠢᠯᠢᠬᠵᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠠᠮᠢ ᠠᠬᠤᠢ ᠶᠢᠨ ᠨᠡᠭᠦᠳᠡᠯ ᠠᠷᠠᠳ ᠵᠡᠷᠭᠡ ᠠᠵᠢᠯ ᠢ ᠣᠷᠭᠠᠨᠢᠭ ᠢᠶᠠᠷ ᠤᠶᠠᠯᠳᠤᠭᠤᠯᠵᠤ᠂ ᠬᠡᠷᠡᠭᠵᠢᠭᠦᠯᠬᠦ ᠲᠥᠰᠦᠯ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠣᠭᠲᠠᠭᠠᠵᠤ᠂ ᠬᠤᠷᠠᠯ ᠤᠨ ᠲᠤᠬᠢᠷᠠᠭᠤᠯᠤᠯᠳᠠ ᠶᠢ ᠴᠢᠩᠭ᠎ᠠ ᠵᠢᠷᠤᠮᠯᠠᠨ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠬᠤ ᠬᠡᠷᠡᠭᠲᠡᠢ︔ ᠬᠦᠴᠢᠷ ᠠᠴᠠ ᠠᠶᠤᠬᠤ ᠰᠡᠳᠬᠢᠯᠭᠡ ᠶᠢ ᠲᠡᠪᠴᠢᠵᠦ᠂ ᠴᠠᠭ ᠬᠤᠭᠤᠴᠠᠭ᠎ᠠ ᠬᠤᠪᠢᠶᠠᠨ ᠠᠬᠢᠭᠤᠯᠵᠤ᠂ ᠬᠠᠮᠠᠭᠠᠯᠠᠯᠲᠠ ᠶᠢᠨ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ᠂ ᠨᠡᠭᠦᠯᠭᠡᠬᠦ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠲᠦᠷᠦᠯ ᠬᠤᠪᠢᠶᠠᠨ ᠵᠢᠯᠣᠭᠤᠳᠬᠤ᠂ ᠠᠯᠬᠤᠮ ᠬᠤᠪᠢᠶᠠᠨ ᠠᠬᠢᠭᠤᠯᠬᠤ ᠵᠠᠷᠴᠢᠮ ᠢ ᠪᠠᠷᠢᠮᠲᠠᠯᠠᠵᠤ᠂ ᠬᠠᠤᠯᠢ ᠴᠠᠭᠠᠵᠠ ᠶᠢᠨ ᠲᠡᠰ ᠳᠠᠷᠠᠭᠠᠯᠠᠯ ᠪᠣᠯᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠴᠢᠩᠭ᠎ᠠ ᠵᠢᠷᠤᠮᠯᠠᠨ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠨᠡᠭᠦᠯᠭᠡᠬᠦ ᠠᠵᠢᠯ ᠳᠤ ᠰᠠᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠾᠧ ᠶᠢᠩ ᠽᠢ ᠵᠢᠭᠠᠵᠤ ᠭᠠᠷᠭᠠᠭᠰᠠᠨ ᠨᠢ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠣᠬᠢᠴᠠᠭᠤᠯᠤᠨ ᠠᠵᠢᠯᠯᠠᠬᠤ ᠴᠠᠭ ᠪᠠᠴᠢᠮ᠂ ᠡᠭᠦᠷᠭᠡ ᠬᠦᠨᠳᠦ᠂ ᠬᠠᠷᠢᠭᠤᠴᠠᠯᠭ᠎ᠠ ᠬᠦᠨᠳᠦ᠂ ᠡᠭᠦᠷᠭᠡ ᠦᠩᠬᠡ ᠬᠡᠷᠡᠯᠳᠡᠢ ᠶᠤᠮ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠤᠯᠳᠠᠯᠭ᠎ᠠ ᠶᠢ ᠡᠵᠡᠮᠳᠡᠨ ᠂ ᠵᠣᠬᠢᠴᠠᠭᠤᠯᠭ᠎ᠠ ᠪᠠᠨ ᠴᠢᠩᠭᠠᠳᠬᠠᠵᠤ᠂ ᠦᠵᠡᠯ ᠰᠠᠨᠠᠭ᠎ᠠ ᠪᠠ ᠤᠶᠢᠯᠡ ᠠᠵᠢᠯᠯᠠᠭ᠎ᠠ ᠪᠠᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠦᠨᠡᠨᠬᠦ ᠨᠢᠭᠡᠳᠬᠡᠵᠦ᠂ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠪᠡᠷᠬᠡ ᠶᠢ ᠰᠢᠪᠲᠤᠯᠤᠨ ᠪᠡᠷᠬᠡ ᠶᠢ ᠳᠠᠪᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ ᠠᠵᠢᠯ ᠢᠶᠠᠨ ᠰᠠᠶᠢᠲᠤᠷ ᠲᠥᠯᠥᠪᠵᠢᠭᠦᠯᠵᠦ᠂ ᠰᠠᠶᠢᠲᠤᠷ ᠵᠣᠬᠢᠶᠠᠨ ᠪᠠᠶᠢᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂  ᠰᠤᠮᠤᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃      ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠳ᠋ᠢᠶᠠᠨ ᠽᠢ ᠪᠠᠯᠭᠠᠰᠤ᠂ ᠵᠢᠭᠤᠯᠴᠢᠯᠠᠯ ᠤᠨ ᠤᠶᠢᠯᠡᠴᠢᠯᠡᠭᠡᠨ ᠤ ᠲᠥᠪ᠂ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠺᠣᠮᠫᠠᠨᠢ ᠵᠡᠷᠭᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3