ᠰᠢᠩ ᠾᠧ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠴᠧᠩ ᠭᠤᠸᠠᠨ ᠪᠠᠯᠭᠠᠰᠤᠨ ᠤ ᠭᠠᠯ ᠤᠨᠲᠠᠷᠠᠭᠠᠬᠤ ᠬᠠᠤᠯᠢ ᠬᠡᠷᠡᠭᠵᠢᠭᠦᠯᠬᠦ ᠠᠩᠭᠢ ᠳᠤ ᠭᠠᠯ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2022/4/14
     4 ᠰᠠᠷ᠎ᠠ ᠶᠢᠨ 12 ᠤᠨ ᠡᠳᠦᠷ᠂ ᠰᠢᠩ ᠾᠧ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠭᠠᠯ ᠤᠨᠲᠠᠷᠠᠭᠠᠬᠤ ᠬᠠᠤᠯᠢ ᠬᠡᠷᠡᠭᠵᠢᠭᠦᠯᠬᠦ ᠠᠩᠭᠢ ᠶᠢ ᠵᠣᠬᠢᠶᠠᠨ ᠪᠠᠶᠢᠭᠤᠯᠵᠤ ᠭᠠᠯ ᠤᠨᠲᠠᠷᠠᠭᠠᠬᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠰᠤᠷᠤᠯᠴᠠᠯᠭ᠎ᠠ ᠶᠢᠨ ᠠᠵᠢᠯᠯᠠᠭ᠎ᠠ ᠥᠷᠨᠢᠭᠦᠯᠪᠡ᠃
     ᠪᠣᠯᠪᠠᠰᠤᠷᠠᠭᠤᠯᠤᠯ ᠠᠴᠠ ᠡᠮᠦᠨ᠎ᠡ᠂ ᠶᠡᠭᠡ ᠠᠩᠭᠢ ᠶᠢᠨ ᠳᠠᠷᠤᠭ᠎ᠠ ᠡᠨᠡ ᠤᠳᠠᠭᠠᠨ ᠤ ᠪᠣᠯᠪᠠᠰᠤᠷᠠᠭᠤᠯᠤᠯ ᠤᠨ ᠴᠢᠬᠤᠯᠠ ᠴᠢᠨᠠᠷ ᠪᠣᠯᠤᠨ ᠴᠢᠬᠤᠯᠠ ᠴᠢᠨᠠᠷ ᠢ ᠲᠣᠳᠣᠷᠬᠠᠶᠢᠯᠠᠨ ᠥᠭᠦᠯᠡᠵᠦ᠂ ᠣᠳᠣᠬᠢ ᠱᠠᠲᠤᠨ ᠤ ᠴᠧᠩ ᠭᠤᠸᠠᠨ ᠪᠠᠯᠭᠠᠰᠤᠨ ᠤ ᠭᠠᠯ ᠤᠨᠲᠠᠷᠠᠭᠠᠬᠤ ᠬᠠᠤᠯᠢ ᠬᠡᠷᠡᠭᠵᠢᠭᠦᠯᠬᠦ ᠠᠩᠭᠢ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠶᠢ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠳ ᠢ ᠰᠤᠷᠤᠯᠴᠠᠬᠤ ᠣᠪᠣᠷ ᠢᠶᠠᠨ ᠲᠥᠪ ᠪᠣᠯᠭᠠᠵᠤ᠂ ᠭᠠᠯ ᠤᠨᠲᠠᠷᠠᠭᠠᠬᠤ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠮᠡᠳᠡᠯᠭᠡ ᠶᠢ ᠰᠤᠷᠤᠯᠴᠠᠨ ᠡᠵᠡᠮᠰᠢᠬᠦ ᠪᠠᠷ ᠳᠠᠮᠵᠢᠭᠤᠯᠤᠨ᠂ ᠰᠣᠷᠣᠭᠰᠠᠨ ᠢᠶᠠᠨ ᠬᠡᠷᠡᠭᠯᠡᠵᠦ᠂ ᠴᠧᠩ ᠭᠤᠸᠠᠨ ᠪᠠᠯᠭᠠᠰᠤᠨ ᠤ ᠭᠠᠯ ᠤᠨᠲᠠᠷᠠᠭᠠᠬᠤ ᠬᠠᠤᠯᠢ ᠬᠡᠷᠡᠭᠵᠢᠭᠦᠯᠬᠦ ᠠᠩᠭᠢ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠵᠠᠶ᠃
     ᠪᠣᠯᠪᠠᠰᠤᠷᠠᠭᠤᠯᠤᠯ ᠤᠨ ᠳᠤᠮᠳᠠ᠂ ᠶᠡᠭᠡ ᠠᠩᠭᠢ ᠶᠢᠨ ᠤᠬᠠᠭᠤᠯᠬᠤ ᠠᠵᠢᠯᠲᠠᠨ ᠲᠤᠰ ᠲᠤᠰ ᠲᠤᠬᠠᠶ ᠶᠢᠨ ᠭᠠᠵᠠᠷ ᠲᠤᠨᠢ ᠬᠢᠴᠢᠶᠡᠯ ᠣᠷᠣᠬᠤ ᠪᠠ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠠᠵᠢᠯ ᠤᠨ ᠨᠡᠶᠢᠲᠡᠯᠢᠭ ᠬᠡᠷᠡᠭ ᠤᠨ ᠵᠢᠱᠢᠶ᠎ᠡ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠳᠠᠮᠵᠢᠭᠤᠯᠤᠨ᠂ ᠣᠨᠣᠯ ᠢ ᠪᠣᠳᠠᠲᠠᠶ ᠲᠠᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠵᠤᠶᠢᠯᠡᠰ ᠯᠦᠭᠡ ᠵᠣᠬᠢᠴᠠᠯᠳᠤᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠠᠴᠠ ᠭᠠᠷᠳᠠᠵᠤ᠂ ᠭᠠᠯ ᠤᠨᠲᠠᠷᠠᠭᠠᠬᠤ ᠬᠠᠤᠯᠢ ᠬᠡᠷᠡᠭᠵᠢᠭᠦᠯᠦᠯᠲᠡ ᠶᠢᠨ ᠪᠣᠳᠠᠲᠠᠶ ᠲᠠᠢ ᠤᠶᠠᠯᠳᠤᠭᠤᠯᠤᠨ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠠᠶᠢᠯᠤᠮᠵᠢ ᠬᠢᠵᠦ᠂ ᠭᠠᠯ ᠤᠨᠲᠠᠷᠠᠭᠠᠬᠤ ᠬᠠᠤᠯᠢ ᠬᠡᠷᠡᠭᠵᠢᠭᠦᠯᠦᠯᠲᠡ ᠶᠢᠨ ᠡᠯ᠎ᠡ ᠵᠠᠩᠭᠢᠯᠠᠭ᠎ᠠ ᠶᠢᠨ ᠭᠤᠤᠯᠳᠠᠯᠭ᠎ᠠ᠂ ᠱᠠᠭᠠᠷᠳᠠᠯᠭ᠎ᠠ ᠳᠤ ᠭᠤᠤᠯᠳᠠᠯᠭ᠎ᠠ ᠲᠠᠢ ᠲᠠᠶᠢᠯᠤᠮᠵᠢ ᠬᠢᠪᠠ᠃ ᠡᠭᠦᠨ ᠤ ᠬᠠᠮᠲᠤ᠂ ᠪᠣᠯᠪᠠᠰᠤᠷᠠᠭᠤᠯᠤᠯ ᠤᠨ ᠠᠵᠢᠯᠲᠠᠨ ᠪᠠᠰᠠ ᠪᠣᠯᠪᠠᠰᠤᠷᠠᠭᠤᠯᠤᠯ ᠳᠤ ᠣᠷᠣᠯᠴᠠᠭᠰᠠᠳ ᠤᠨ ᠳᠤᠷᠠᠳᠤᠭᠰᠠᠨ ᠰᠡᠵᠢᠭ ᠲᠤ ᠲᠤᠬᠠᠶ ᠶᠢᠨ ᠲᠠᠯᠠᠪᠤᠷ ᠤᠨ ᠬᠠᠷᠢᠭᠤᠯᠲᠠ ᠥᠭᠪᠡ᠃      ᠪᠣᠯᠪᠠᠰᠤᠷᠠᠭᠤᠯᠤᠯ ᠢᠶᠠᠷ ᠳᠠᠮᠵᠢᠭᠠᠳ᠂ ᠪᠣᠯᠪᠠᠰᠤᠷᠠᠭᠤᠯᠤᠯ ᠳᠤ ᠣᠷᠣᠯᠴᠠᠭᠰᠠᠳ ᠭᠠᠯ ᠤᠨᠲᠠᠷᠠᠭᠠᠬᠤ ᠬᠠᠤᠯᠢ ᠬᠡᠷᠡᠭᠵᠢᠭᠦᠯᠬᠦ ᠪᠥᠬᠦ ᠶᠠᠪᠤᠴᠠ ᠳᠤ ᠨᠡᠯᠢᠶᠡᠳ ᠪᠥᠬᠦ ᠲᠠᠯ᠎ᠠ ᠶᠢᠨ ᠲᠠᠨᠢᠯᠲᠠ ᠲᠠᠢ ᠪᠣᠯᠵᠣ᠂ ᠴᠧᠩ ᠭᠤᠸᠠᠨ ᠪᠠᠯᠭᠠᠰᠤᠨ ᠤ ᠭᠠᠯ ᠤᠨᠲᠠᠷᠠᠭᠠᠬᠤ ᠬᠠᠤᠯᠢ ᠬᠡᠷᠡᠭᠵᠢᠭᠦᠯᠬᠦ ᠠᠩᠭᠢ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠬᠢᠷᠢ ᠬᠡᠮᠵᠢᠶ᠎ᠡ ᠪᠣᠯᠤᠨ ᠪᠣᠳᠠᠲᠠᠶ ᠬᠡᠷᠡᠭ ᠰᠢᠢᠳᠪᠤᠷᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃             ᠢᠷᠡᠯᠲᠡ᠄ ᠰᠢᠩ ᠾᠧ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ         ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ         ᠤᠷᠴᠢᠭᠤᠯᠤᠭᠴᠢ᠄ ᠨᠠᠷᠠᠰᠤ         ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3