ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠳᠤ᠄ | ︽ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠬᠠᠮᠲᠤᠷᠠᠨ ᠥᠷᠨᠢᠭᠦᠯᠬᠦ | ᠲᠤᠰᠬᠠᠶ ᠰᠡᠳᠦᠪᠲᠦ ᠬᠢᠨᠠᠯᠲᠠ ᠲᠠᠯᠪᠢᠬᠤ ᠴᠢᠨᠠᠷᠲᠠᠶ ᠵᠥᠪᠳᠡᠯᠴᠡᠬᠦ ᠠᠵᠢᠯ ᠤᠨ ᠲᠥᠰᠦᠯ︾ ᠢ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠱᠠᠭᠠᠷᠳᠠᠯᠭ᠎ᠠ ᠶᠣᠰᠣᠭᠠᠷ | ᠬᠠᠮᠵᠢᠯᠴᠠᠨ ᠬᠡᠷᠡᠭᠵᠢᠭᠦᠯᠬᠦ ᠠᠵᠢᠯ ᠢ ᠰᠠᠶᠢᠲᠤᠷ ᠬᠢᠲᠦᠭᠡᠶ᠃ | ᠬᠠᠷᠢᠯᠴᠠᠬᠤ ᠬᠥᠮᠦᠨ᠄ ᠦ᠋ ᠯᠦᠩ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠤ ᠠᠬᠤᠶ ᠶᠢᠨ | ᠵᠥᠪᠯᠡᠯ ᠤᠨ ᠡᠷᠬᠢᠯᠡᠭᠴᠢ | ᠬᠠᠷᠢᠯᠴᠠᠬᠤ ᠤᠲᠠᠰᠤ᠄ 13847476082 | ᠹᠠᠺᠰ᠄ 0474-7213262 | ᠤᠯᠤᠰ ᠲᠥᠷᠥ ᠶᠢᠨ ᠵᠥᠪᠯᠡᠯᠭᠡᠨ ᠤ ᠰᠢᠩ ᠾᠧ ᠰᠢᠶᠠᠨ ᠤ ᠬᠤᠷᠢᠶ᠎ᠠ ᠶᠢᠨ ᠠᠯᠪᠠᠨ ᠬᠡᠷ | 2022 ᠣᠨ ᠤ 4 ᠰᠠᠷ᠎ᠠ ᠶᠢᠨ 14 | ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠬᠠᠮᠲᠤᠷᠠᠨ ᠦᠷᠨᠢᠭᠦᠯᠬᠦ ᠲᠤᠰᠬᠠᠶ | ᠰᠡᠳᠦᠪᠲᠦ ᠬᠢᠨᠠᠯᠲᠠ ᠶᠢᠨ ᠴᠢᠨᠠᠷᠲᠠᠶ ᠵᠥᠪᠯᠡᠬᠦ ᠠᠵᠢᠯ ᠤᠨ ᠲᠥᠰᠦᠯ | ︽ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠤᠰᠬᠠᠶ ᠰᠡᠳᠦᠪᠲᠦ ᠬᠢᠨᠠᠯᠲᠠ | ᠲᠠᠯᠪᠢᠬᠤ ᠴᠢᠨᠠᠷᠲᠠᠶ ᠵᠥᠪᠯᠡᠬᠦ ᠠᠵᠢᠯ ᠢ ᠬᠠᠮᠲᠤᠷᠠᠨ ᠥᠷᠨᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ ᠤᠨ | ᠮᠡᠳᠡᠭᠳᠡᠯ ︵ᠥᠪᠥᠷ ᠵᠠᠰᠠᠭ ᠬᠠᠮᠵᠢᠯᠴᠠᠨ ᠠᠯᠪᠠᠨ ᠲᠠᠷᠬᠠᠭᠠᠭᠰᠠᠨ ︹ 2022 ︺ 5 ᠳ᠋ᠤᠭᠠᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠤᠯᠤᠰ ᠲᠥᠷᠥ ᠶᠢᠨ ᠵᠥᠪᠯᠡᠯᠭᠡᠨ ᠠᠴᠠ ︽ᠤᠰᠤᠨ ᠤ | ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ︾ ᠶᠢᠨ ᠲᠣᠭᠤᠷᠢᠨ ᠳᠤ ᠲᠤᠰᠬᠠᠶ ᠰᠡᠳᠦᠪᠲᠦ ᠬᠢᠨᠠᠯᠲᠠ | ᠲᠠᠯᠪᠢᠬᠤ ᠴᠢᠨᠠᠷᠲᠠᠶ ᠵᠥᠪᠯᠡᠬᠦ ᠠᠵᠢᠯ ᠢ ᠬᠠᠮᠵᠢᠯᠴᠠᠨ ᠥᠷᠨᠢᠭᠦᠯᠦᠨ᠎ᠡ᠃ ᠤᠰᠤᠨ ᠤ ᠡᠬᠢ ᠪᠠᠶᠠᠯᠢᠭ ᠢ ᠠᠷᠪᠢᠯᠠᠵᠤ | ᠡᠷᠴᠢᠮᠵᠢᠭᠦᠯᠦᠨ ᠠᠰᠢᠭᠯᠠᠬᠤ ᠶᠢ ᠨᠡᠩ ᠰᠠᠶᠢᠲᠤᠷ ᠥᠷᠨᠢᠭᠦᠯᠵᠦ ᠬᠢᠨᠠᠯᠲᠠ ᠲᠠᠯᠪᠢᠬᠤ ᠴᠢᠨᠠᠷᠲᠠᠢ ᠵᠥᠪᠯᠡᠬᠦ ᠠᠵᠢᠯ ᠢ | ᠥᠷᠨᠢᠭᠦᠯᠵᠦ᠂ ᠮᠠᠨ ᠤ ᠰᠢᠶᠠᠨ ᠤ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠠᠬᠢᠭᠤᠯᠬᠤ ᠶᠢᠨ | ᠲᠥᠯᠥᠭᠡ᠂ ᠣᠨᠴᠠᠭᠠᠶᠢᠯᠠᠨ ᠲᠤᠰ ᠲᠥᠰᠦᠯ ᠢ ᠲᠣᠭᠲᠠᠭᠠᠪᠠ᠃ | ᠨᠢᠭᠡ᠂ ᠵᠣᠷᠢᠯᠲᠠ ᠶᠢᠨ ᠡᠭᠦᠷᠭᠡ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ | ᠱᠦᠵᠢ ᠶᠢᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠤᠬᠠᠶ ᠴᠢᠬᠤᠯᠠ ᠶᠠᠷᠢᠶ᠎ᠠ | ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠠᠷᠠᠳᠴᠢᠯᠠᠯ ᠢᠶᠠᠷ ᠬᠢᠨᠠᠯᠲᠠ ᠲᠠᠯᠪᠢᠬᠤ | ᠦᠢᠯᠡᠳᠦᠯ ᠢ ᠪᠠᠳᠠᠷᠠᠭᠤᠯᠵᠤ᠂ ᠭᠤᠷᠪᠠᠨ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠬᠠᠮᠲᠤᠷᠠᠨ ᠬᠥᠳᠡᠯᠦᠯᠴᠡᠬᠦ | ᠠᠷᠭ᠎ᠠ ᠮᠠᠶ᠋ᠢᠭ ᠢᠶᠠᠷ ᠳᠠᠷᠤᠶ ︽ᠳᠦᠷᠪᠡᠨ ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠪᠠᠷᠢᠮᠲᠠᠯᠠᠵᠤ᠂ | ᠤᠰᠤᠨ ᠤ ᠡᠬᠢ ᠪᠠᠶᠠᠯᠢᠭ ᠢ ᠬᠠᠮᠤᠭ ᠤᠨ ᠴᠢᠩᠭ᠎ᠠ ᠬᠢᠵᠠᠭᠠᠷᠯᠠᠯ ᠪᠣᠯᠭᠠᠵᠤ᠂ ᠤᠰᠤ ᠪᠠᠷ ᠬᠤᠳᠠ ᠶᠢ ᠲᠣᠭᠲᠠᠭᠠᠬᠤ᠂ | ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ ᠭᠠᠷᠤᠯᠲᠠ ᠶᠢ | ᠲᠣᠭᠲᠠᠭᠠᠬᠤ ᠶᠢ ᠪᠠᠷᠢᠮᠲᠠᠯᠠᠵᠤ᠂ ᠬᠥᠮᠦᠨ ᠠᠮᠠ᠂ ᠬᠤᠳᠠ ᠪᠠ ᠠᠵᠤ ᠦᠢᠯᠡᠰ ᠤᠨ ᠬᠥᠭᠵᠢᠯᠲᠡ ᠶᠢ ᠵᠦᠢ ᠵᠣᠬᠢᠰᠲᠠᠶ | ᠲᠥᠯᠥᠪᠵᠢᠭᠦᠯᠦᠨ᠎ᠡ︔ ᠦᠢᠯᠡᠳᠪᠦᠷᠢᠯᠡᠯ ᠠᠮᠢᠳᠤᠷᠠᠯ ᠤᠨ ᠠᠮᠢ ᠠᠬᠤᠶ ᠶᠢᠨ ᠤᠰᠤ ᠬᠡᠷᠡᠭᠯᠡᠬᠦ ᠪᠦᠲᠦᠴᠡ ᠶᠢ | ᠨᠢᠭᠡᠳᠦᠯᠲᠡᠶ ᠲᠥᠯᠥᠪᠯᠡᠨ ᠰᠢᠯᠢᠳᠡᠭᠵᠢᠭᠦᠯᠵᠦ᠂ ᠤᠰᠤ ᠬᠡᠷᠡᠭᠯᠡᠬᠦ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠷᠭ᠎ᠠ ᠪᠠᠷᠢᠯ ᠢᠶᠠᠷ ᠤᠰᠤᠨ ᠤ ᠡᠬᠢ ᠪᠠᠶᠠᠯᠢᠭ ᠢ ᠠᠷᠪᠢᠯᠠᠵᠤ | ᠡᠷᠴᠢᠮᠵᠢᠭᠦᠯᠦᠨ ᠠᠰᠢᠭᠯᠠᠬᠤ ᠶᠢ ᠬᠡᠳᠡᠷᠬᠦ ᠰᠢᠬᠠᠮᠳᠠᠭᠤᠯᠵᠤ᠂ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ | ᠪᠠᠶᠢᠭᠰᠠᠨ ᠠᠴᠠ ᠠᠷᠪᠢᠯᠠᠵᠤ ᠡᠷᠴᠢᠮᠵᠢᠭᠦᠯᠬᠦ ᠲᠡᠰᠢ ᠬᠤᠪᠢᠷᠠᠭᠤᠯᠬᠤ ᠶᠢ ᠠᠬᠢᠭᠤᠯᠵᠤ᠂ ᠤᠰᠤᠨ ᠤ ᠡᠬᠢ ᠪᠠᠶᠠᠯᠢᠭ ᠢ | ᠠᠷᠪᠢᠯᠠᠵᠤ ᠡᠷᠴᠢᠮᠵᠢᠭᠦᠯᠦᠨ ᠠᠰᠢᠭᠯᠠᠬᠤ ᠳᠤ ᠬᠢᠨᠠᠯᠲᠠ ᠲᠠᠯᠪᠢᠬᠤ ᠴᠢᠨᠠᠷᠲᠠᠢ ᠵᠥᠪᠳᠡᠯᠴᠡᠭᠡ ᠥᠷᠨᠢᠭᠦᠯᠬᠦ ᠶᠢ | ᠠᠬᠢᠭᠤᠯᠵᠤ᠂ ᠳᠤᠲᠠᠭᠤᠳᠠᠯ ᠢ ᠡᠷᠢᠵᠦ᠂ ᠰᠠᠨᠠᠯ ᠰᠠᠨᠠᠭᠤᠯᠭ᠎ᠠ ᠳᠤᠷᠠᠳᠴᠤ᠂ ᠮᠠᠨ ᠤ ᠰᠢᠶᠠᠨ ᠤ ︽ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠠᠬᠢᠭᠤᠯᠬᠤ ᠬᠡᠷᠡᠭᠲᠡᠢ᠃ | ᠬᠤᠶᠠᠷ᠂ ᠬᠠᠮᠤᠷᠬᠤ ᠬᠡᠪᠴᠢᠶ᠎ᠡ ᠪᠣᠯᠤᠨ ᠣᠷᠣᠯᠴᠠᠭᠴᠢ | ᠬᠠᠮᠤᠷᠬᠤ ᠬᠡᠪᠴᠢᠶ᠎ᠡ᠄ ᠣᠳᠣᠬᠠᠨ ᠤ ᠮᠠᠨ ᠤ ᠰᠢᠶᠠᠨ ᠤ ᠤᠰᠤᠨ ᠤ ᠡᠬᠢ ᠪᠠᠶᠠᠯᠢᠭ ᠢ ᠠᠷᠪᠢᠯᠠᠵᠤ | ᠡᠷᠴᠢᠮᠵᠢᠭᠦᠯᠦᠨ ᠠᠰᠢᠭᠯᠠᠵᠤ ᠪᠠᠶᠢᠭ᠎ᠠ ᠪᠠᠶᠢᠳᠠᠯ ᠤᠨ ᠲᠣᠭᠤᠷᠢᠨ ᠳᠤ ᠬᠢᠨᠠᠯᠲᠠ ᠲᠠᠯᠪᠢᠬᠤ ᠴᠢᠨᠠᠷᠲᠠᠶ ᠵᠥᠪᠳᠡᠯᠴᠡᠭᠡ | ᠥᠷᠨᠢᠭᠦᠯᠵᠦ᠂ ᠪᠥᠬᠦ ᠰᠢᠶᠠᠨ ᠢ ᠬᠠᠮᠤᠷᠴᠤ᠂ ᠭᠤᠤᠯᠳᠠᠭᠤ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ | ᠰᠢᠶᠠᠨ ᠤ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠤᠬᠠᠶ ᠬᠠᠮᠢᠶ᠎ᠠ ᠪᠥᠬᠦᠶ ᠬᠠᠤᠯᠢ | ᠲᠣᠭᠲᠠᠭᠠᠯ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ᠂ ᠪᠠᠶᠢᠴᠠᠭᠠᠨ | ᠰᠤᠳᠤᠯᠤᠯᠲᠠ ᠬᠢᠬᠦ᠂ ᠵᠥᠪᠳᠡᠯᠴᠡᠬᠦ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠰᠠᠭᠤᠳᠠᠯ ᠢ | ᠡᠷᠢᠵᠦ᠂ ᠰᠠᠨᠠᠯ ᠰᠠᠨᠠᠭᠤᠯᠭ᠎ᠠ ᠳᠤᠷᠠᠳᠴᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ | ᠲᠠᠯ᠎ᠠ ᠪᠠᠷ ᠬᠢ ᠰᠠᠶᠢᠨ ᠲᠤᠷᠰᠢᠯᠭ᠎ᠠ ᠠᠷᠭ᠎ᠠ ᠬᠢᠳᠡᠯ ᠢ ᠢᠯᠡᠷᠡᠭᠦᠯᠬᠦ ᠶᠢᠨ ᠬᠠᠮᠲᠤ ᠳ᠋ᠦᠩᠨᠡᠨ᠎ᠡ᠃ | ᠣᠷᠣᠯᠴᠠᠭᠰᠠᠳ᠄ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ ᠳᠠᠭᠠᠭᠤᠯᠤᠨ᠂ ᠠᠵᠤ | ᠠᠬᠤᠶ ᠶᠢᠨ ᠵᠥᠪᠯᠡᠯ ᠲᠦᠷᠦᠭᠦᠯᠡᠨ᠂ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠰᠢᠶᠠᠨ ᠤ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢ ᠵᠣᠬᠢᠶᠠᠨ ᠪᠠᠶᠢᠭᠤᠯᠤᠨ ᠣᠷᠣᠯᠴᠠᠭᠤᠯᠵᠤ᠂ ᠰᠢᠶᠠᠨ ᠤ ᠵᠠᠰᠠᠭ ᠤᠨ | ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠨᠥᠬᠦᠳ ᠪᠠ ᠲᠤᠰᠬᠠᠶ ᠮᠡᠷᠭᠡᠵᠢᠯᠲᠡᠨ ᠡᠷᠳᠡᠮᠲᠡᠨ ᠢ ᠡᠯᠰᠡᠨ | ᠠᠪᠴᠤ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠵᠤ | ᠵᠥᠪᠳᠡᠯᠴᠡᠬᠦ ᠠᠵᠢᠯᠯᠠᠭ᠎ᠠ ᠥᠷᠨᠢᠭᠦᠯᠦᠨ᠎ᠡ᠃ | ᠤᠰᠤᠨ ᠠᠰᠢᠭᠯᠠᠯᠲᠠ ᠶᠢᠨ ᠲᠣᠪᠴᠢᠶ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠰᠤᠨ ᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠵᠤ ᠤᠰᠤ | ᠬᠡᠷᠡᠭᠯᠡᠬᠦ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤ ᠶᠢ | ᠬᠠᠮᠠᠭᠠᠯᠠᠬᠤ ᠪᠠ ᠬᠠᠮᠢᠶᠠᠷᠬᠤ ᠲᠦᠷᠢᠮ︾ ︽ᠥᠪᠡᠷᠲᠡᠭᠡᠨ ᠵᠠᠰᠠᠬᠤ ᠣᠷᠣᠨ ᠤ ᠤᠤᠭᠤᠬᠤ ᠤᠰᠤᠨ ᠤ ᠤᠰᠤᠨ ᠤ | ᠡᠬᠢ ᠪᠠᠶᠠᠯᠢᠭ ᠢ ᠬᠠᠮᠠᠭᠠᠯᠠᠬᠤ ᠲᠦᠷᠢᠮ︾ ︽ᠤᠯᠠᠭᠠᠨᠴᠠᠪ ᠬᠤᠲᠠ ᠶᠢᠨ ᠤᠰᠤᠨ ᠤ ᠡᠬᠢ ᠪᠠᠶᠠᠯᠢᠭ ᠢ ᠬᠠᠮᠠᠭᠠᠯᠠᠬᠤ | ᠲᠦᠷᠢᠮ︾ ︽ᠤᠯᠠᠭᠠᠨᠴᠠᠪ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠠᠷᠭ᠎ᠠ︾ ᠵᠡᠷᠭᠡ | ᠠᠯᠢ ᠣᠯᠠᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠤᠨ ᠣᠭ ᠪᠠᠶᠢᠴᠠᠭᠠᠨ ᠰᠤᠳᠤᠯᠬᠤ ᠠᠵᠢᠯ ᠳᠤ | ᠲᠦᠬᠦᠮ ᠦᠵᠡᠭᠦᠯᠪᠡ᠃ | ᠭᠤᠷᠪᠠ᠂ ᠭᠤᠣᠯ ᠪᠣᠯᠬᠤ ᠠᠵᠢᠯ ᠤᠨ ᠠᠷᠭ᠎ᠠ ᠮᠠᠶ᠋ᠢᠭ | ︵ᠨᠢᠭᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠤᠷᠪᠤᠯᠵᠢᠯᠠᠬᠤ | ᠮᠠᠨ ᠤ ᠰᠢᠶᠠᠨ ᠤ ᠤᠰᠤᠨ ᠠᠰᠢᠭᠯᠠᠯᠲᠠ᠂ ᠲᠠᠷᠢᠶᠠᠯᠠᠩ ᠤᠨ ᠰᠢᠨᠵᠢᠯᠡᠬᠦ ᠤᠬᠠᠭᠠᠨ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ ᠤᠢ ᠰᠢᠭᠤᠶ ᠡᠪᠡᠰᠦ ᠪᠡᠯᠴᠢᠭᠡᠷ᠂ | ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠰᠢᠶᠠᠩ ᠪᠠᠯᠭᠠᠰᠤ ᠪᠠᠷ | ᠭᠤᠣᠯᠳᠠᠯᠭ᠎ᠠ ᠲᠠᠢ ᠪᠠᠷ ᠰᠤᠷᠪᠤᠯᠵᠢᠯᠠᠵᠤ᠂ ᠪᠠᠶᠢᠳᠠᠯ ᠢ ᠨᠢ ᠦᠵᠡᠵᠦ ᠪᠠᠶᠢᠭᠠᠳ ᠪᠤᠰᠤᠳ ᠬᠤᠯᠪᠣᠭᠳᠠᠯ ᠪᠦᠬᠦᠢ | ᠰᠠᠯᠠᠭ᠎ᠠ ᠮᠥᠴᠢᠷ ᠢᠶᠠᠷ ᠰᠤᠷᠪᠤᠯᠵᠢᠯᠠᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠤᠰᠤᠨ ᠤ ᠡᠬᠢ | ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠠᠵᠢᠯ ᠤᠨ ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠵᠢᠴᠢ | ᠳᠠᠷᠠᠭᠠᠴᠢ ᠶᠢᠨ ᠠᠯᠬᠤᠮ ᠤᠨ ᠠᠵᠢᠯ ᠤᠨ ᠰᠠᠨᠠᠭᠤᠯᠭ᠎ᠠ ᠶᠢ ᠣᠶᠢᠯᠠᠭᠠᠵᠤ ᠡᠵᠡᠮᠰᠢᠪᠡ᠃ | ︵ᠬᠤᠶᠠᠷ︶ ᠲᠤᠬᠠᠶ ᠶᠢᠨ ᠭᠠᠵᠠᠷ ᠲᠤᠨᠢ ᠰᠤᠷᠪᠤᠯᠵᠢᠯᠠᠨ ᠪᠠᠶᠢᠴᠠᠭᠠᠬᠤ | ᠠᠵᠤ ᠦᠢᠯᠡᠳᠪᠦᠷᠢ ᠲᠠᠷᠢᠶᠠᠯᠠᠩ ᠤᠨ ᠤᠰᠤ ᠬᠡᠷᠡᠭᠯᠡᠬᠦ ᠲᠥᠷᠥᠯ ᠵᠦᠢᠯ᠂ ᠤᠰᠤ ᠠᠷᠪᠢᠯᠠᠬᠤ ᠪᠠ ᠤᠰᠤ | ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ᠂ ᠡᠯ᠎ᠡ ᠲᠥᠷᠥᠯ ᠤᠨ ᠤᠰᠤ ᠬᠠᠩᠭᠠᠬᠤ ᠤᠰᠤ ᠵᠠᠯᠠᠬᠤ ᠲᠥᠷᠥᠯ | ᠵᠦᠢᠯ᠂ ᠪᠣᠬᠢᠷ ᠤᠰᠤ ᠶᠢ ᠰᠢᠢᠳᠪᠦᠷᠢᠯᠡᠬᠦ ᠵᠢᠴᠢ ᠳᠤᠮᠳᠠᠬᠢ ᠤᠰᠤ ᠶᠢ ᠠᠰᠢᠭᠯᠠᠬᠤ ᠲᠥᠷᠥᠯ ᠵᠦᠢᠯ᠂ ᠰᠠᠭᠤᠭᠠᠯᠢ | ᠠᠷᠠᠳ ᠤᠨ ᠬᠡᠷᠡᠭᠯᠡᠬᠦ ᠤᠰᠤ ᠵᠡᠷᠭᠡ ᠶᠢ ᠭᠤᠤᠯᠳᠠᠯᠭ᠎ᠠ ᠲᠠᠢ ᠰᠤᠷᠪᠤᠯᠵᠢᠯᠠᠵᠤ᠂ ᠬᠠᠮᠢᠶ᠎ᠠ ᠪᠥᠬᠦᠶ ᠠᠵᠢᠯᠲᠠᠨ ᠵᠢᠴᠢ | ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠲᠠᠢ ᠨᠢᠭᠤᠷᠲᠠᠨ᠂ ᠴᠢᠬ ᠠᠴᠠ ᠴᠢᠬ ᠲᠤ ᠬᠦᠷᠴᠦ ᠪᠠᠶᠢᠳᠠᠯ ᠢ | ᠣᠶᠢᠯᠠᠭᠠᠬᠤ ᠬᠡᠷᠡᠭᠲᠡᠶ᠃ | ︵ᠭᠤᠷᠪᠠ︶ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠎ᠠ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠪᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠠᠨᠳᠤᠭᠤᠯᠤᠨ᠂ ᠲᠤᠬᠠᠶ ᠶᠢᠨ ᠲᠠᠯᠠᠪᠤᠷ ᠲᠤ ᠲᠠᠷᠬᠠᠭᠠᠬᠤ᠂ ᠸᠢᠴᠠᠲ | ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠠᠪᠤᠭᠤᠯᠵᠤ | ᠂ ᠰᠠᠨᠠᠯ ᠰᠠᠨᠠᠭᠤᠯᠭ᠎ᠠ ᠬᠤᠷᠢᠶᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠨᠢ ᠴᠤᠭᠯᠠᠭᠤᠯᠵᠤ ᠣᠯᠤᠭᠰᠠᠨ | ᠠᠰᠠᠭᠤᠯᠲᠠ ᠶᠢᠨ ᠬᠠᠭᠤᠳᠠᠰᠤ ᠶᠢ ᠨᠠᠷᠢᠨ ᠬᠢᠨᠠᠮᠠᠭᠠᠶ ᠵᠠᠳᠠᠯᠤᠨ ᠰᠢᠨᠵᠢᠯᠡᠵᠦ᠂ ᠰᠤᠳᠤᠯᠤᠨ ᠮᠠᠭᠠᠳᠯᠠᠵᠤ᠂ | ᠬᠤᠷᠢᠶᠠᠩᠭᠤᠶᠢᠯᠠᠬᠤ ᠬᠡᠷᠡᠭᠲᠡᠶ᠃ | ︵ᠲᠦᠷᠪᠡ︶ ᠲᠤᠰᠬᠠᠶ ᠰᠡᠳᠦᠪᠲᠦ ᠵᠥᠪᠯᠡᠯᠭᠡᠨ ᠤ ᠬᠤᠷᠠᠯ ᠢ ᠬᠤᠷᠠᠯᠳᠤᠭᠤᠯᠤᠨ᠎ᠠ | 4 ᠰᠠᠷ᠎ᠠ ᠳᠤ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠵᠤ᠂ 4 ᠰᠠᠷ᠎ᠠ ᠠᠴᠠ 5 ᠰᠠᠷ᠎ᠠ ᠪᠣᠯᠲᠠᠯ᠎ᠠ | ᠬᠤᠯᠪᠣᠭᠳᠠᠯ ᠪᠦᠬᠦᠢ ᠪᠠᠶᠢᠴᠠᠭᠠᠨ ᠰᠤᠳᠤᠯᠤᠯᠲᠠ ᠬᠢᠵᠦ᠂ 6 ᠰᠠᠷ᠎ᠠ ᠶᠢᠨ ᠡᠬᠢ ᠪᠠᠷ ᠲᠤᠰᠬᠠᠶ ᠰᠡᠳᠦᠪᠲᠦ | ᠵᠥᠪᠯᠡᠯᠭᠡᠨ ᠤ ᠬᠤᠷᠠᠯ ᠬᠤᠷᠠᠯᠳᠤᠭᠤᠯᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠦᠬᠦᠢ | ᠬᠥᠮᠦᠰ ᠢ ᠤᠷᠢᠵᠤ ᠣᠷᠣᠯᠴᠠᠭᠤᠯᠵᠠᠶ᠃ ᠬᠤᠷᠠᠯ ᠤᠨ ᠳᠠᠷᠠᠭ᠎ᠠ ᠪᠠᠶᠢᠴᠠᠭᠠᠨ ᠰᠤᠳᠤᠯᠤᠯᠲᠠ ᠵᠢᠴᠢ ᠵᠥᠪᠯᠡᠯᠭᠡᠨ ᠤ | ᠬᠤᠷᠠᠯ ᠤᠨ ᠪᠠᠶᠢᠳᠠᠯ ᠢ ᠡᠮᠬᠢᠯᠡᠨ ᠬᠤᠷᠢᠶᠠᠩᠭᠤᠶᠢᠯᠠᠵᠤ᠂ 6 ᠰᠠᠷ᠎ᠠ ᠶᠢᠨ 15 ᠤ ᠡᠳᠦᠷ ᠲᠤᠰᠬᠠᠶ ᠰᠡᠳᠦᠪᠲᠦ | ᠵᠥᠪᠯᠡᠯᠭᠡᠨ ᠤ ᠮᠡᠳᠡᠭᠦᠯᠦᠯᠲᠡ ᠶᠢ ᠪᠦᠷᠢᠯᠳᠦᠭᠦᠯᠬᠦ ᠶᠢᠨ ᠬᠠᠮᠲᠤ ᠴᠠᠭ ᠲᠤᠬᠠᠶ ᠳᠤᠨᠢ ᠰᠢᠶᠠᠨ ᠤ ᠨᠠᠮ ᠤᠨ ᠬᠤᠷᠢᠶ᠎ᠠ᠂ | ᠰᠢᠶᠠᠨ ᠤ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠤᠯᠤᠰ ᠲᠥᠷᠥ ᠶᠢᠨ ᠵᠥᠪᠯᠡᠯᠭᠡᠨ ᠳᠤ ᠮᠡᠳᠡᠭᠦᠯᠦᠨ ᠬᠦᠷᠭᠡᠬᠦ | ᠬᠡᠷᠡᠭᠲᠡᠶ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ | ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠪᠣᠯ ︽ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ︾ ᠢᠶᠠᠷ ᠵᠠᠮᠨᠠᠬᠤ ᠳᠤ ᠪᠠᠶᠢᠪᠠᠰᠤ ᠵᠣᠬᠢᠬᠤ ᠠᠭᠤᠯᠭ᠎ᠠ ᠪᠣᠯᠤᠨ᠎ᠠ᠂ ᠮᠠᠨ ᠤ ᠰᠢᠶᠠᠨ ᠤ | ᠴᠢᠨᠠᠷ ᠰᠠᠶᠢᠲᠠᠢ ᠬᠥᠭᠵᠢᠯᠲᠡ ᠶᠢᠨ ᠶᠡᠭᠡ ᠶᠠᠪᠤᠳᠠᠯ ᠪᠣᠯᠤᠨ᠎ᠠ᠃ ᠬᠢᠨᠠᠯᠲᠠ ᠶᠢᠨ ᠴᠢᠨᠠᠷᠲᠠᠶ ᠵᠥᠪᠯᠡᠯᠭᠡ ᠬᠢᠬᠦ ᠪᠣᠯ | ᠤᠢᠢᠷ᠎ᠠ ᠶᠢᠨ ᠵᠢᠯ ᠤᠳ ᠲᠤ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯ ᠤᠨ ᠦᠢᠯᠡᠳᠦᠯ ᠴᠢᠳᠠᠪᠤᠷᠢ ᠶᠢ ᠨᠡᠩ | ᠰᠠᠶᠢᠨ ᠪᠠᠳᠠᠷᠠᠭᠤᠯᠬᠤ ᠶᠢᠨ ᠲᠥᠯᠥᠭᠡ ᠬᠢᠭᠰᠡᠨ ᠰᠢᠨ᠎ᠡ ᠰᠦᠪᠡᠭᠴᠢᠯᠡᠯᠳᠡ ᠮᠥᠨ᠂ ᠲᠡᠷᠡ ᠨᠢ ᠪᠠᠰᠠ ᠦᠨᠳᠦᠰᠦᠨ | ᠱᠠᠲᠤᠨ ᠤ ᠤᠯᠠᠨ ᠲᠦᠮᠡᠨ ᠳᠤ ᠮᠡᠳᠡᠷᠡᠭᠳᠡᠭᠰᠡᠨ ᠪᠠᠶᠢᠨ᠎ᠠ᠃ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠡᠩ | ᠥᠨᠳᠥᠷ ᠵᠣᠭᠰᠣᠴᠠ᠂ ᠨᠡᠩ ᠨᠠᠷᠢᠨ ᠬᠢᠨᠠᠮᠠᠭᠠᠶ ᠣᠪᠣᠷ ᠢᠶᠠᠷ ᠲᠤᠰ ᠤᠳᠠᠭᠠᠨ ᠤ ᠬᠢᠨᠠᠯᠲᠠ ᠶᠢᠨ ᠴᠢᠨᠠᠷᠲᠠᠶ | ᠵᠥᠪᠳᠡᠯᠴᠡᠨ ᠪᠠᠶᠢᠴᠠᠭᠠᠨ ᠰᠤᠳᠤᠯᠬᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ ᠵᠥᠪᠳᠡᠯᠴᠡᠨ ᠪᠠᠶᠢᠴᠠᠭᠠᠨ | ᠰᠤᠳᠤᠯᠬᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃ | ︵ᠬᠤᠶᠠᠷ︶ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠨ᠎ᠠ | ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠴᠠᠭᠠᠨ ᠰᠤᠳᠤᠯᠤᠯᠲᠠ ᠬᠢᠬᠦ ᠠᠴᠠ ᠪᠠᠨ ᠡᠮᠦᠨ᠎ᠡ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠶᠢᠨ ᠤᠰᠤᠨ ᠤ ᠡᠬᠢ | ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠠᠯ᠎ᠠ ᠪᠠᠷ ᠬᠢ ᠴᠢᠬᠤᠯᠠ ᠶᠠᠷᠢᠶ᠎ᠠ ᠪᠣᠯᠤᠨ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ | ᠨᠢᠭᠡᠳᠬᠡᠬᠦ ᠬᠡᠷᠡᠭᠲᠡᠢ᠃ ᠪᠠᠶᠢᠴᠠᠭᠠᠨ ᠰᠤᠳᠤᠯᠵᠤ ᠵᠥᠪᠳᠡᠯᠴᠡᠬᠦ ᠶᠠᠪᠤᠴᠠ ᠳᠤ᠂ ᠠᠰᠠᠭᠤᠳᠠᠯ ᠢ ᠴᠢᠳᠠᠮᠠᠭᠠᠶ ᠪᠠᠷ | ᠢᠯᠡᠷᠡᠭᠦᠯᠵᠦ᠂ ᠬᠠᠮᠢᠶ᠎ᠠ ᠪᠥᠬᠦᠢ ᠠᠰᠠᠭᠤᠳᠠᠯ ᠢ ᠰᠢᠢᠳᠪᠦᠷᠢᠯᠡᠬᠦ ᠶᠢ ᠲᠥᠯᠬᠢᠨ ᠠᠬᠢᠭᠤᠯᠬᠤ ᠶᠢᠨ ᠬᠠᠮᠲᠤ ᠪᠠᠰᠠ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠤᠯᠤᠰ᠂ ᠥᠪᠡᠷᠲᠡᠭᠡᠨ ᠵᠠᠰᠠᠬᠤ | ᠣᠷᠣᠨ᠂ ᠬᠤᠲᠠ᠂ ᠰᠢᠶᠠᠨ ᠤ ᠬᠠᠮᠢᠶ᠎ᠠ ᠪᠥᠬᠦᠢ ᠬᠠᠤᠯᠢ ᠲᠣᠭᠲᠠᠭᠠᠯ ᠲᠥᠷᠥ ᠶᠢᠨ ᠪᠤᠳᠤᠯᠭ᠎ᠠ ᠶᠢ ᠤᠬᠠᠭᠤᠯᠬᠤ ᠶᠢ | ᠴᠢᠬᠤᠯᠠᠴᠢᠯᠠᠵᠤ᠂ ᠬᠤᠯᠪᠣᠭᠳᠠᠯ ᠪᠥᠬᠦᠢ ᠰᠠᠯᠠᠭ᠎ᠠ ᠮᠥᠴᠢᠷ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ | ᠨᠡᠶᠢᠭᠡᠮ ᠤᠨ ᠡᠯ᠎ᠡ ᠡᠲᠡᠭᠡᠳ ᠲᠤ ᠬᠠᠨᠳᠤᠭᠤᠯᠤᠨ ᠦᠵᠡᠯ ᠰᠠᠨᠠᠭ᠎ᠠ ᠪᠠᠨ ᠨᠢᠭᠡᠳᠬᠡᠬᠦ᠂ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ | ︵ᠭᠤᠷᠪᠠ︶ ᠡᠭᠦᠷᠭᠡ ᠬᠠᠷᠢᠭᠤᠴᠠᠯᠭ᠎ᠠ ᠶᠢᠨ ᠡᠭᠦᠷᠭᠡ ᠶᠢ ᠲᠣᠳᠣᠷᠬᠠᠶᠢᠯᠠᠬᠤ ᠬᠡᠷᠡᠭᠲᠡᠶ | ᠤᠯᠤᠰ ᠲᠦᠷᠦ ᠶᠢᠨ ᠵᠥᠪᠯᠡᠯᠭᠡᠨ ᠤ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠰᠤᠳᠤᠯᠤᠨ | ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢ ᠲᠦᠯᠬᠢᠨ ᠠᠬᠢᠭᠤᠯᠵᠤ᠂ ᠪᠣᠳᠠᠲᠠᠶ | ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠢᠳᠡᠪᠬᠢᠲᠡᠶ ᠪᠠᠷ ᠬᠠᠷᠢᠭᠤᠴᠠᠯᠭ᠎ᠠ ᠪᠠᠨ | ᠭᠦᠢᠴᠡᠳᠬᠡᠵᠦ᠂ ᠭᠦᠢᠴᠡᠳ ᠤᠶᠤᠨ ᠴᠢᠳᠠᠯ ᠢᠶᠠᠨ ᠵᠠᠷᠤᠴᠠᠭᠤᠯᠵᠤ᠂ ᠬᠤᠯᠪᠣᠭᠳᠠᠯ ᠪᠦᠬᠦᠢ ᠬᠦᠴᠦᠨ ᠢ | ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠡᠯ᠎ᠡ ᠵᠠᠩᠭᠢᠯᠠᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠬᠢᠨᠠᠯᠲᠠ ᠲᠠᠯᠪᠢᠬᠤ ᠪᠡᠶᠡᠴᠢ ᠴᠣᠭᠴᠠ ᠶᠢᠨ ᠦᠢᠯᠡᠳᠦᠯ ᠢᠶᠠᠨ | ᠭᠦᠢᠴᠡᠳ ᠪᠠᠳᠠᠷᠠᠭᠤᠯᠵᠤ᠂ ᠬᠢᠨᠠᠯᠲᠠ ᠲᠠᠯᠪᠢᠬᠤ ᠴᠢᠨᠠᠷᠲᠠᠶ ᠪᠠᠶᠢᠴᠠᠭᠠᠨ ᠰᠤᠳᠤᠯᠵᠤ ᠵᠥᠪᠳᠡᠯᠴᠡᠬᠦ ᠠᠵᠢᠯᠯᠠᠭ᠎ᠠ ᠳᠤ | ᠢᠳᠡᠪᠬᠢᠲᠡᠶ ᠣᠷᠣᠯᠴᠠᠨ᠂ ᠠᠰᠠᠭᠤᠳᠠᠯ ᠳᠤ ᠰᠢᠭᠤᠳ ᠬᠠᠨᠳᠤᠵᠤ᠂ ᠵᠣᠷᠢᠭᠲᠠᠶ ᠪᠠᠷ ᠬᠢᠨᠠᠯᠲᠠ ᠲᠠᠯᠪᠢᠵᠤ᠂ ᠰᠠᠨᠠᠯ | ᠵᠥᠪᠯᠡᠯᠭᠡ ᠳᠤᠷᠠᠳᠬᠤ ᠳᠠᠭᠠᠨ ᠴᠢᠳᠠᠮᠠᠭᠠᠶ ᠪᠠᠶᠢᠬᠤ ᠬᠡᠷᠡᠭᠲᠡᠶ᠃ ᠠᠵᠤ ᠠᠬᠤᠶ ᠶᠢᠨ ᠺᠣᠮᠢᠰ ᠨᠢ ᠨᠢᠭᠡᠳᠦᠯᠲᠡᠶ | ᠲᠥᠯᠥᠪᠯᠡᠨ ᠵᠣᠬᠢᠴᠠᠭᠤᠯᠬᠤ᠂ ᠨᠡᠪᠲᠡᠷᠡᠯᠴᠡᠨ ᠬᠠᠷᠢᠯᠴᠠᠬᠤ᠂ ᠪᠠᠶᠢᠳᠠᠯ ᠢ ᠬᠤᠷᠢᠶᠠᠩᠭᠤᠶᠢᠯᠠᠬᠤ ᠠᠵᠢᠯ ᠢ ᠰᠠᠶᠢᠲᠤᠷ | ᠬᠢᠬᠦ ᠬᠡᠷᠡᠭᠲᠡᠶ᠃ | ︵ᠲᠦᠷᠪᠡ︶ ᠴᠢᠩᠭ᠎ᠠ ᠪᠣᠳᠠᠲᠠᠢ ᠣᠪᠣᠷ ᠰᠤᠷᠲᠠᠯ ᠪᠠ ᠲᠤᠰᠬᠠᠢ ᠮᠡᠷᠭᠡᠵᠢᠯ ᠤᠨ ᠵᠣᠷᠢᠭ ᠰᠠᠨᠠᠭ᠎ᠠ ᠶᠢ | ᠦᠢᠯᠡᠳᠦᠯᠭᠡᠵᠢᠭᠦᠯᠦᠨ᠎ᠡ | ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠦᠵᠡᠯ ᠰᠠᠨᠠᠭ᠎ᠠ ᠣᠪᠣᠷ ᠰᠤᠷᠲᠠᠯ ᠪᠠ ᠠᠵᠢᠯ ᠤᠨ ᠰᠤᠷᠲᠠᠯ ᠢ | ᠪᠠᠳᠠᠷᠠᠭᠤᠯᠵᠤ᠂ ᠬᠡᠯᠪᠡᠷᠢ ᠶᠢᠨ ᠦᠵᠡᠯ ᠤᠨ ᠬᠠᠰᠢ ᠶᠠᠰᠢ ᠪᠠᠷ ᠠᠷᠭᠠᠴᠠᠬᠤ ᠶᠢ ᠡᠷᠡᠰ ᠡᠰᠡᠷᠭᠦᠴᠡᠵᠦ᠂ ᠬᠠᠰᠢ | ᠶᠠᠰᠢ ᠪᠠᠷ ᠥᠩᠭᠡᠷᠡᠭᠦᠯᠬᠦ ᠠᠴᠠ ᠵᠠᠶᠢᠯᠠᠰᠬᠢᠵᠦ᠂ ᠴᠢᠩᠭ᠎ᠠ ᠪᠣᠳᠠᠲᠠᠶ ᠣᠪᠣᠷ ᠰᠤᠷᠲᠠᠯ ᠪᠠ ᠲᠤᠰᠬᠠᠶ ᠮᠡᠷᠭᠡᠵᠢᠯ ᠤᠨ | ᠵᠣᠷᠢᠭ ᠰᠠᠨᠠᠭ᠎ᠠ ᠪᠠᠷ ᠡᠯ᠎ᠡ ᠵᠠᠩᠭᠢᠯᠠᠭ᠎ᠠ ᠶᠢᠨ ᠠᠵᠢᠯ ᠤᠨ ᠶᠠᠰᠤ ᠴᠢᠨᠠᠷ ᠢ ᠦᠨᠡᠨ ᠬᠦ ᠪᠠᠲᠤᠯᠠᠵᠤ᠂ ᠪᠠᠶᠢᠴᠠᠭᠠᠨ | ᠰᠤᠳᠤᠯᠤᠯᠲᠠ ᠶᠢᠨ ᠬᠠᠨᠳᠤᠯᠭᠠᠲᠤ ᠴᠢᠨᠠᠷ ᠪᠠ ᠵᠥᠪᠳᠡᠯᠴᠡᠨ ᠰᠠᠨᠠᠯ ᠵᠥᠪᠯᠡᠯᠭᠡ ᠳᠤᠷᠠᠳᠬᠤ ᠶᠢᠨ ᠪᠦᠲᠦᠮᠵᠢᠲᠦ | ᠴᠢᠨᠠᠷ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ | ︵ᠲᠠᠪᠤ︶ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ | ᠠᠵᠢᠯᠯᠠᠭ᠎ᠠ ᠶᠢᠨ ᠶᠠᠪᠤᠴᠠ ᠳᠤ᠂ ᠤᠯᠤᠰ ᠲᠦᠷᠦ ᠶᠢᠨ ᠵᠥᠪᠯᠡᠯᠭᠡᠨ ᠠᠴᠠ ᠰᠤᠷᠪᠤᠯᠵᠢᠯᠠᠨ ᠪᠠᠶᠢᠴᠠᠭᠠᠨ | ᠰᠤᠳᠤᠯᠬᠤ᠂ ᠬᠢᠨᠠᠯᠲᠠ ᠲᠠᠯᠪᠢᠵᠤ ᠵᠥᠪᠳᠡᠯᠴᠡᠭᠰᠡᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠤᠬᠠᠭᠤᠯᠤᠨ | ᠮᠡᠳᠡᠭᠡᠯᠡᠵᠦ᠂ ᠪᠦᠬᠦ ᠨᠡᠶᠢᠭᠡᠮ ᠢᠶᠠᠷ ᠢᠶᠠᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠬᠦ ᠶᠢ ᠳᠡᠮᠵᠢᠬᠦ ᠶᠢ | ᠬᠠᠮᠲᠤ ᠪᠠᠷ ᠠᠩᠬᠠᠷᠴᠤ ᠪᠠᠶᠢᠭ᠎ᠠ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠨᠡᠶᠢᠭᠡᠮ ᠢᠶᠠᠷ ᠢᠶᠠᠨ | ᠤᠰᠤ ᠶᠢ ᠠᠷᠪᠢᠯᠠᠵᠤ ᠬᠡᠷᠡᠭᠯᠡᠬᠦ᠂ ᠤᠰᠤ ᠶᠢ ᠥᠨᠳᠥᠷ ᠪᠦᠲᠦᠮᠵᠢᠲᠡᠶ ᠪᠠᠷ ᠬᠡᠷᠡᠭᠯᠡᠬᠦ ᠬᠠᠮᠲᠤ ᠶᠢᠨ ᠲᠠᠨᠢᠯᠲᠠ ᠲᠠᠢ | ᠪᠣᠯᠬᠤ ᠶᠢ ᠲᠦᠯᠬᠢᠨ ᠠᠬᠢᠭᠤᠯᠬᠤ ᠬᠡᠷᠡᠭᠲᠡᠶ᠃ ᠠᠵᠢᠯᠯᠠᠭᠠᠨ ᠤ ᠶᠠᠪᠤᠴᠠ ᠳᠤ ᠪᠦᠷᠢᠯᠳᠦᠭᠰᠡᠨ ᠦᠰᠦᠭ ᠪᠢᠴᠢᠭ ᠪᠠ | ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠬᠠᠳᠠᠭᠠᠯᠠᠬᠤ ᠶᠢ ᠠᠩᠬᠠᠷᠴᠤ᠂ ᠤᠷᠳᠤ ᠰᠢᠭ᠋ ᠬᠤᠭᠤᠴᠠᠭᠠᠨ ᠤ ᠪᠠ | ᠤᠷᠳᠤ ᠬᠤᠭᠤᠴᠠᠭᠠᠨ ᠤ ᠰᠤᠳᠤᠯᠭᠠᠨ ᠤ ᠰᠡᠳᠦᠪ ᠤᠨ ᠬᠤᠷᠠᠮᠳᠤᠭᠤᠯᠤᠯ ᠢ ᠨᠡᠮᠡᠭᠳᠡᠭᠦᠯᠬᠦ ᠬᠡᠷᠡᠭᠲᠡᠶ᠃ | ︵ᠵᠢᠷᠭᠤᠭ᠎ᠠ︶ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ | ᠪᠠᠶᠢᠴᠠᠭᠠᠨ ᠰᠤᠳᠤᠯᠬᠤ ᠳᠤᠭᠤᠶᠢᠯᠠᠩ ᠨᠢ ᠲᠥᠪ ᠬᠤᠷᠢᠶ᠎ᠠ ᠶᠢᠨ ᠨᠠᠢᠮᠠᠨ ᠵᠦᠢᠯ ᠤᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠬᠠᠮᠢᠶ᠎ᠠ ᠪᠥᠬᠦᠶ ᠢᠵᠢ ᠪᠥᠷᠢᠳᠦᠭᠦᠯᠬᠦ ᠲᠣᠭᠲᠠᠭᠠᠯ ᠢ ᠵᠢᠷᠤᠮᠯᠠᠨ᠂ ᠲᠡᠷᠭᠡ ᠬᠥᠰᠬᠡ ᠪᠠᠨ ᠴᠥᠭᠡᠳᠬᠡᠵᠦ᠂ ᠠᠵᠢᠯᠲᠠᠨ ᠤ | ᠬᠡᠪᠴᠢᠶ᠎ᠡ ᠶᠢ ᠬᠢᠵᠠᠭᠠᠷᠯᠠᠨ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠶᠢᠨ ᠬᠠᠮᠲᠤ᠂ | ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ | ᠬᠢᠬᠦ ᠬᠡᠷᠡᠭᠲᠡᠶ᠃ | ᠳᠠᠭᠠᠯᠳᠤᠭᠤᠯᠤᠯ᠄ 1. | ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠲᠤᠰᠬᠠᠶ ᠰᠡᠳᠦᠪᠲᠦ ᠬᠢᠨᠠᠯᠲᠠ ᠲᠠᠯᠪᠢᠬᠤ | ᠴᠢᠨᠠᠷᠲᠠᠶ ᠵᠥᠪᠳᠡᠯᠴᠡᠬᠦ ᠠᠵᠢᠯ ᠤᠨ ᠪᠠᠶᠢᠴᠠᠭᠠᠨ ᠰᠤᠳᠤᠯᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠶᠠᠩ ᠵᠧᠨ ᠳ᠋ᠦᠩ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠲᠡᠷᠢᠭᠦᠯᠡᠭᠴᠢ | ᠳᠡᠳ᠋ ᠳᠤᠭᠤᠶᠢᠯᠠᠩ ᠤᠨ ᠳᠠᠷᠤᠭ᠎ᠠ᠄ ᠯᠢ ᠵᠢᠶᠦ᠋ᠨ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠡᠳ᠋ ᠲᠡᠷᠢᠭᠦᠯᠡᠭᠴᠢ | ᠪᠦᠷᠢᠯᠳᠦᠬᠦᠨ᠄ ᠡᠦ ᠯᠦᠩ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠤᠯᠤᠰ | ᠲᠥᠷᠥ ᠶᠢᠨ ᠵᠥᠪᠯᠡᠯᠭᠡᠨ ᠤ ᠠᠵᠤ ᠠᠬᠤᠶ ᠶᠢᠨ ᠺᠣᠮᠢᠰ ᠤᠨ ᠡᠷᠬᠢᠯᠡᠭᠴᠢ | ᠵᠠᠩ ᡁᠢ ᠬᠤᠸᠠ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠵᠤ ᠠᠬᠤᠶ ᠶᠢᠨ ᠵᠥᠪᠯᠡᠯ ᠤᠨ ᠳᠡᠳ᠋ | ᠡᠷᠬᠢᠯᠡᠭᠴᠢ | ᠸᠠᠩ ᠯᠢ ᠶᠦᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠰᠢᠶᠠᠨ ᠤ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ | ᠭᠦᠸᠧ ᠶᠦᠩ ᠱᠧᠩ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠰᠢᠶᠠᠨ ᠤ ᠤᠰᠤᠨ | ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ | ᠵᠤᠤ ᠵᠢᠶᠦ᠋ᠨ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠠᠷᠤᠭ᠎ᠠ | ᠯᠢᠦ ᠬᠠᠶ ᠢᠦᠶ ᠰᠢᠶᠠᠨ ᠤ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ | ᠳᠠᠷᠤᠭ᠎ᠠ | ᠵᠢᠩ ᡁᠢ ᠰᠢᠩ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ | ᠰᠦᠨ ᠵᠢᠶᠠᠩ ᠰᠢᠶᠠᠨ ᠤ ᠤᠢ ᠰᠢᠭᠤᠶ ᠡᠪᠡᠰᠦ ᠪᠡᠯᠴᠢᠭᠡᠷ ᠤᠨ ᠲᠣᠪᠴᠢᠶᠠᠨ ᠤ ᠳᠠᠷᠤᠭ᠎ᠠ | ᠵᠦ ᠬᠠᠶ ᠯᠦᠩ ᠰᠢᠶᠠᠨ ᠤ ᠠᠮᠢ ᠠᠬᠤᠶ ᠶᠢᠨ ᠣᠷᠴᠢᠨ ᠨᠥᠬᠦᠴᠡᠯ ᠤᠨ ᠬᠤᠪᠢᠶᠠᠷᠢ ᠲᠣᠪᠴᠢᠶᠠᠨ ᠤ | ᠳᠠᠷᠤᠭ᠎ᠠ | ᠤᠯᠤᠰ ᠲᠦᠷᠦ ᠶᠢᠨ ᠵᠥᠪᠯᠡᠯᠭᠡᠨ ᠤ ᠬᠡᠰᠡᠭ ᠭᠡᠰᠢᠭᠦᠨ | ᠳᠠᠭᠠᠯᠳᠤᠭᠤᠯᠤᠯ 2 | ᠪᠠᠶᠢᠴᠠᠭᠠᠨ ᠰᠤᠳᠤᠯᠤᠯᠲᠠ ᠳᠤ ᠬᠢᠨᠠᠯᠲᠠ ᠲᠠᠯᠪᠢᠬᠤ ᠲᠣᠳᠣᠷᠬᠠᠶ ᠬᠠᠭᠤᠳᠠᠰᠤ | ᠤᠯᠤᠰ ᠲᠥᠷᠥ ᠶᠢᠨ ᠵᠥᠪᠯᠡᠯᠭᠡᠨ ᠠᠴᠠ ᠬᠢᠨᠠᠯᠲᠠ ᠲᠠᠯᠪᠢᠬᠤ ᠴᠢᠨᠠᠷᠲᠠᠶ ᠵᠥᠪᠳᠡᠯᠴᠡᠨ ᠪᠠᠶᠢᠴᠠᠭᠠᠨ | ᠰᠤᠳᠤᠯᠤᠯᠲᠠ ᠬᠢᠬᠦ ᠶᠢ ᠵᠣᠬᠢᠶᠠᠨ ᠪᠠᠶᠢᠭᠤᠯᠵᠤ ᠥᠷᠨᠢᠭᠦᠯᠬᠦ ᠠᠴᠠ ᠡᠮᠦᠨ᠎ᠡ ᠡᠩ ᠲᠡᠷᠢᠭᠦᠨ ᠳᠤ ᠤᠰᠤᠨ ᠤ ᠡᠬᠢ | ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢᠨ ᠠᠭᠤᠯᠤᠭᠳᠠᠬᠤᠨ ᠢ ᠲᠣᠳᠣᠷᠬᠠᠶ ᠲᠠᠨᠢᠬᠤ ᠬᠡᠷᠡᠭᠲᠡᠶ᠄ ︽ | ᠠᠷᠪᠢᠯᠠᠬᠤ︾ ᠭᠡᠳᠡᠭ ᠨᠢ ᠳᠠᠷᠤᠶ ᠬᠡᠷᠡᠭᠯᠡᠬᠦ ᠬᠡᠮᠵᠢᠶ᠎ᠡ ᠶᠢ ᠪᠠᠭᠠᠰᠬᠠᠵᠤ᠂ ︽ᠲᠤᠭ᠎ᠠ︾ ᠶᠢᠨ ᠲᠠᠯ᠎ᠠ ᠪᠠᠷ ᠪᠦᠲᠦᠮᠵᠢᠲᠡᠶ | ᠬᠠᠮᠢᠶᠠᠷᠤᠨ ᠡᠵᠡᠮᠳᠡᠬᠦ ᠶᠢ ᠴᠢᠬᠤᠯᠠᠴᠢᠯᠠᠨ᠎ᠠ︔ ︽ᠡᠷᠴᠢᠮᠵᠢᠭᠦᠯᠬᠦ︾ ᠭᠡᠳᠡᠭ ᠨᠢ ᠳᠠᠷᠤᠶ ᠦᠷ᠎ᠡ ᠠᠰᠢᠭ ᠢ | ᠳᠡᠭᠡᠭᠰᠢᠯᠡᠭᠦᠯᠵᠦ᠂ ︽ᠶᠠᠰᠤ ᠴᠢᠨᠠᠷ︾ ᠤᠨ ᠲᠠᠯ᠎ᠠ ᠪᠠᠷ ᠨᠠᠷᠢᠯᠢᠭ ᠣᠨᠣᠴᠠᠲᠠᠶ ᠪᠠᠷ ᠲᠥᠷᠥ ᠶᠢᠨ ᠪᠣᠳᠣᠯᠭ᠎ᠠ | ᠬᠡᠷᠡᠭᠵᠢᠭᠦᠯᠬᠦ ᠶᠢ ᠳᠣᠪᠤᠶᠢᠯᠭᠠᠬᠤ ᠶᠠᠪᠤᠳᠠᠯ ᠪᠣᠯᠤᠨ᠎ᠠ᠃ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ | ᠠᠰᠢᠭᠯᠠᠬᠤ ᠪᠠᠷ ᠳᠠᠮᠵᠢᠭᠤᠯᠤᠨ ᠬᠢᠵᠠᠭᠠᠷ ᠲᠠᠢ ᠤᠰᠤᠨ ᠤ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠣᠷᠣᠨ | ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠣᠯᠠᠨ ᠤᠰᠤᠨ ᠤ ᠡᠬᠢ ᠪᠠᠶᠠᠯᠢᠭ ᠤᠨ | ᠲᠤᠯᠭᠠᠭᠤᠷᠢᠯᠠᠯ ᠬᠠᠩᠭᠠᠨ᠎ᠠ᠃ ᠬᠢᠨᠠᠯᠲᠠ ᠶᠢᠨ ᠴᠢᠨᠠᠷᠲᠠᠶ ᠵᠥᠪᠯᠡᠬᠦ ᠠᠵᠢᠯ ᠢ ᠨᠡᠩ ᠰᠠᠶᠢᠲᠤᠷ ᠥᠷᠨᠢᠭᠦᠯᠵᠦ᠂ ᠤᠯᠤᠰ | ᠲᠦᠷᠦ ᠶᠢᠨ ᠵᠥᠪᠯᠡᠯᠭᠡᠨ ᠤ ᠬᠦᠴᠦᠨ ᠢ ᠪᠦᠲᠦᠮᠵᠢᠲᠡᠶ ᠪᠠᠷ ᠨᠢᠭᠡᠳᠦᠯᠲᠡᠶ ᠲᠥᠯᠥᠪᠯᠡᠬᠦ ᠶᠢᠨ ᠲᠥᠯᠥᠭᠡ᠂ ᠳᠣᠣᠷᠠᠬᠢ | ᠮᠡᠲᠦ ᠬᠢᠨᠠᠯᠲᠠ ᠶᠢᠨ ᠴᠢᠨᠠᠷᠲᠠᠶ ᠵᠥᠪᠯᠡᠬᠦ ᠪᠠᠶᠢᠴᠠᠭᠠᠨ ᠰᠤᠳᠤᠯᠤᠯᠲᠠ ᠶᠢᠨ ᠲᠣᠳᠣᠷᠬᠠᠶ ᠬᠠᠭᠤᠳᠠᠰᠤ ᠶᠢ ᠣᠨᠴᠠᠭᠠᠶᠢᠯᠠᠨ | ᠳᠤᠷᠠᠳᠴᠤ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠳᠤ ᠯᠠᠪᠯᠠᠯᠲᠠ ᠪᠣᠯᠭᠠᠬᠤ ᠳᠤ | ᠵᠣᠷᠢᠭᠤᠯᠪᠠ᠃ | ᠨᠢᠭᠡ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ | 1. ᠮᠠᠨ ᠤ ᠰᠢᠶᠠᠨ ᠤ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢ ᠬᠠᠮᠢᠶᠠᠷᠤᠨ | ᠡᠵᠡᠮᠳᠡᠬᠦ ᠭᠦᠢᠴᠡᠳᠭᠡᠯ ᠲᠤᠭ᠎ᠠ ᠶᠢ ᠲᠣᠳᠣᠷᠬᠠᠶ ᠮᠡᠳᠡᠬᠦ ᠡᠰᠡᠬᠦ᠂ ᠬᠠᠮᠢᠶᠠᠷᠤᠨ ᠡᠵᠡᠮᠳᠡᠬᠦ ᠭᠦᠢᠴᠡᠳᠭᠡᠯ ᠲᠤᠭ᠎ᠠ ᠶᠢ | ᠨᠠᠷᠢᠯᠢᠬᠵᠢᠭᠤᠯᠤᠨ ᠵᠠᠳᠠᠯᠬᠤ ᠠᠵᠢᠯ ᠢ ᠬᠡᠷᠬᠢᠨ ᠥᠷᠨᠢᠭᠦᠯᠵᠦ ᠪᠠᠶᠢᠬᠤ ᠶᠢ ᠲᠣᠳᠣᠷᠬᠠᠶ ᠮᠡᠳᠡᠬᠦ ᠡᠰᠡᠬᠦ᠂ ᠤᠰᠤ | ᠬᠡᠷᠡᠭᠯᠡᠬᠦ ᠶᠡᠷᠦᠩᠬᠡᠶ ᠬᠡᠮᠵᠢᠶ᠎ᠡ ᠪᠠ ᠭᠠᠵᠠᠷ ᠳᠣᠤᠷᠠᠬᠢ ᠤᠰᠤᠨ ᠤ ᠬᠡᠷᠡᠭᠯᠡᠬᠦ ᠤᠰᠤᠨ ᠤ ᠬᠡᠮᠵᠢᠶ᠎ᠡ ᠶᠢᠨ ᠭᠦᠢᠴᠡᠳᠭᠡᠯ | ᠲᠤᠭ᠎ᠠ ᠶᠢ ᠲᠣᠰᠬᠤᠨ ᠪᠠ ᠬᠤᠲᠠ ᠬᠥᠳᠡᠭᠡ ᠶᠢᠨ ᠠᠮᠢᠳᠤᠷᠠᠯ᠂ ᠠᠵᠤ ᠦᠢᠯᠡᠳᠪᠦᠷᠢ᠂ ᠲᠠᠷᠢᠶᠠᠯᠠᠩ ᠮᠠᠯ ᠠᠵᠤ | ᠠᠬᠤᠶ᠂ ᠠᠮᠢ ᠠᠬᠤᠶ ᠵᠡᠷᠭᠡ ᠠᠵᠢᠯ ᠲᠥᠷᠥᠯ ᠳᠤ ᠨᠠᠷᠢᠯᠢᠬᠵᠢᠭᠤᠯᠤᠨ ᠵᠠᠳᠠᠯᠤᠭᠰᠠᠨ ᠡᠰᠡᠬᠦ᠂ ᠡᠭᠦᠨ ᠳᠤ | ᠲᠠᠷᠢᠶᠠᠯᠠᠩ ᠤᠨ ᠤᠰᠤᠯᠠᠯᠲᠠ ᠶᠢᠨ ᠭᠠᠵᠠᠷ ᠳᠣᠤᠷᠠᠬᠢ ᠤᠰᠤᠨ ᠤ ᠬᠡᠷᠡᠭᠯᠡᠬᠦ ᠤᠰᠤᠨ ᠤ ᠭᠦᠢᠴᠡᠳᠭᠡᠯ ᠲᠤᠭ᠎ᠠ ᠶᠢ | ᠡᠷᠦᠬᠡ᠂ ᠬᠤᠳᠳᠤᠭ ᠪᠤᠶᠤ ᠬᠡᠰᠡᠭ ᠭᠠᠵᠠᠷ ᠲᠤ ᠨᠠᠷᠢᠯᠢᠬᠵᠢᠭᠤᠯᠤᠨ᠂ ᠤᠰᠤ ᠶᠢ ᠡᠷᠦᠬᠡ ᠳᠤ ᠬᠤᠪᠢᠶᠠᠷᠢᠯᠠᠨ᠂ | ᠭᠠᠵᠠᠷ ᠳᠣᠤᠷᠠᠬᠢ ᠤᠰᠤ ᠶᠢ ᠨᠠᠷᠢᠯᠢᠬᠵᠢᠭᠤᠯᠤᠨ ᠬᠠᠮᠢᠶᠠᠷᠤᠨ ᠡᠵᠡᠮᠳᠡᠬᠦ ᠶᠢ ᠳᠥᠯᠭᠢᠨ ᠠᠬᠢᠭᠤᠯᠤᠭᠰᠠᠨ ᠪᠠᠶᠢᠳᠠᠯ︔ | 2. ᠤᠰᠤ ᠲᠠᠲᠠᠵᠤ ᠬᠡᠷᠡᠭᠯᠡᠬᠦ ᠶᠢ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠭᠰᠠᠨ ᠡᠰᠡᠬᠦ᠂ ᠢᠯᠠᠩᠭᠤᠶ᠎ᠠ | ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤ ᠶᠢ ᠨᠢᠭᠡᠨᠲᠡ ︽ᠴᠠᠬᠢᠯᠭᠠᠨ ᠢᠶᠠᠷ ᠤᠰᠤ ᠶᠢ ᠨᠤᠭᠤᠯᠬᠤ︾ ᠵᠡᠷᠭᠡ | ᠠᠷᠭ᠎ᠠ ᠮᠠᠶ᠋ᠢᠭ ᠢᠶᠠᠷ ᠪᠦᠬᠦᠨ ᠢ ᠬᠠᠮᠤᠷᠬᠤ ᠶᠢ ᠪᠡᠶᠡᠯᠡᠭᠦᠯᠦᠭᠰᠡᠨ ᠡᠰᠡᠬᠦ᠂ ᠬᠢᠨᠠᠨ ᠬᠡᠮᠵᠢᠵᠦ ᠣᠯᠤᠭᠰᠠᠨ ᠤᠰᠤ | ᠬᠡᠷᠡᠭᠯᠡᠬᠦ ᠲᠤᠭ᠎ᠠ ᠪᠠᠷᠢᠮᠲᠠ ᠶᠢ ᠬᠡᠷᠬᠢᠨ ᠬᠡᠷᠡᠭᠯᠡᠭᠰᠡᠨ᠂ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ | ᠴᠢᠳᠠᠪᠤᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠲᠤᠯᠭᠠᠭᠤᠷᠢᠯᠠᠵᠤ ᠳᠡᠶᠢᠯᠬᠦ ᠡᠰᠡᠬᠦ︔ | 3. ᠤᠰᠤ ᠲᠠᠲᠠᠵᠤ ᠬᠡᠷᠡᠭᠯᠡᠬᠦ ᠰᠠᠭᠤᠷᠢ ᠪᠡᠯᠡᠳᠬᠡᠮᠵᠢ ᠨᠢ ᠪᠦᠷᠢᠨ ᠲᠡᠭᠦᠯᠳᠡᠷ ᠪᠠᠶᠢᠬᠤ ᠡᠰᠡᠬᠦ᠂ ᠲᠠᠷᠢᠶᠠᠯᠠᠩ | ᠤᠨ ᠰᠤᠪᠠᠭ ᠤᠨ ᠰᠢᠰᠲ᠋ᠧᠮ ᠢᠯᠠᠩᠭᠤᠶ᠎ᠠ ᠲᠤᠮᠤ ᠬᠡᠯᠪᠡᠷᠢ ᠶᠢᠨ ᠤᠰᠤᠯᠠᠯᠲᠠ ᠶᠢᠨ ᠣᠷᠣᠨ ᠤ ᠰᠤᠪᠠᠭ ᠤᠨ | ᠰᠢᠰᠲ᠋ᠧᠮ ᠤᠨ ᠪᠡᠯᠡᠳᠬᠡᠮᠵᠢ ᠵᠢᠨᠣᠷᠣᠭᠤᠯᠤᠯᠲᠠ ᠪᠣᠯᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠨᠢ | ᠬᠠᠷᠢᠭᠤᠴᠠᠯᠭ᠎ᠠ ᠨᠢ ᠲᠣᠳᠣᠷᠬᠠᠶ ᠪᠠᠶᠢᠬᠤ ᠡᠰᠡᠬᠦ᠂ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠤᠭᠰᠠᠨ ᠡᠰᠡᠬᠦ | 4. ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠪᠤᠶᠤ ᠭᠠᠵᠠᠷ ᠳᠣᠤᠷᠠᠬᠢ ᠤᠰᠤᠨ ᠤ ᠬᠡᠷᠡᠭᠯᠡᠬᠦ ᠤᠰᠤᠨ ᠤ | ᠬᠡᠮᠵᠢᠶ᠎ᠡ ᠶᠢ ᠬᠢᠵᠠᠭᠠᠷᠯᠠᠬᠤ ᠭᠦᠢᠴᠡᠳᠭᠡᠯ ᠲᠤᠭ᠎ᠠ ᠠᠴᠠ ᠨᠢᠭᠡᠨᠲᠡ ᠬᠡᠲᠦᠷᠡᠭᠰᠡᠨ ᠣᠷᠣᠨ ᠪᠦᠰᠡ ᠳᠤ ᠳᠠᠷᠤᠵᠤ | ᠮᠠᠯᠲᠠᠬᠤ ᠠᠵᠢᠯ ᠢ ᠬᠡᠷᠬᠢᠨ ᠥᠷᠨᠢᠭᠦᠯᠦᠭᠰᠡᠨ᠂ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ᠂ ᠳᠠᠷᠤᠵᠤ ᠮᠠᠯᠲᠠᠭᠰᠠᠨ | ᠦᠷ᠎ᠡ ᠪᠦᠲᠦᠮᠵᠢ ᠨᠢ ᠬᠢᠷᠢ ᠵᠡᠷᠭᠡ ᠪᠠᠶᠢᠬᠤ︔ | 5. ᠤᠰᠤ ᠬᠡᠷᠡᠭᠯᠡᠬᠦ ᠪᠦᠲᠦᠴᠡ ᠪᠠ ᠤᠰᠤ ᠬᠡᠷᠡᠭᠯᠡᠬᠦ ᠠᠰᠢᠭᠯᠠᠮᠵᠢ ︵ᠲᠦᠮᠡᠨ ᠲᠥᠭᠦᠷᠢᠭ ᠤᠨ GDP ᠶᠢᠨ | ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ | ᠬᠡᠷᠡᠭᠯᠡᠬᠦ ᠬᠡᠮᠵᠢᠶ᠎ᠡ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠠᠰᠢᠭᠯᠠᠯᠲᠠ ᠶᠢᠨ ᠢᠯᠡᠳᠬᠡᠮᠵᠢ︶ ᠶᠢ | ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠲᠠᠢ ᠬᠠᠷᠢᠴᠠᠭᠤᠯᠪᠠᠯ ᠶᠠᠮᠠᠷ ᠲᠠᠰ | ᠳᠠᠪᠬᠤᠷᠭ᠎ᠠ ᠳᠤ ᠣᠷᠣᠰᠢᠵᠤ ᠪᠠᠶᠢᠬᠤ᠂ ᠤᠰᠤ ᠬᠡᠷᠡᠭᠯᠡᠬᠦ ᠪᠦᠲᠦᠴᠡ ᠳᠤ ᠲᠣᠬᠢᠷᠠᠭᠤᠯᠤᠯᠲᠠ ᠬᠢᠬᠦ ᠶᠢ ᠪᠣᠳᠣᠯᠬᠢᠯᠠᠵᠤ | ᠥᠩᠭᠡᠷᠡᠭᠰᠡᠨ ᠡᠰᠡᠬᠦ᠂ ᠠᠯᠢ ᠠᠯᠢ ᠲᠠᠯ᠎ᠠ ᠪᠠᠷ ᠤᠰᠤ ᠬᠡᠷᠡᠭᠯᠡᠬᠦ ᠠᠰᠢᠭᠯᠠᠮᠵᠢ ᠶᠢ ᠳᠡᠭᠡᠭᠰᠢᠯᠡᠭᠦᠯᠬᠦ ᠪᠠᠷ ᠪᠡᠯᠡᠳᠬᠡᠵᠦ | ᠪᠠᠶᠢᠬᠤ︔ | 6. ︽ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠬᠦ | ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠱᠠᠭᠠᠷᠳᠠᠯᠭ᠎ᠠ ᠶᠢ ᠬᠡᠷᠬᠢᠨ ᠨᠠᠶᠢᠳᠠᠪᠤᠷᠢᠵᠢᠭᠤᠯᠵᠤ᠂ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠬᠢᠨᠠᠨ ᠰᠢᠯᠭᠠᠬᠤ ᠲᠦᠷᠢᠮ ᠢ | ᠲᠣᠭᠲᠠᠭᠠᠭᠰᠠᠨ᠂ ᠬᠢᠨᠠᠨ ᠰᠢᠯᠭᠠᠭᠰᠠᠨ ᠦᠷ᠎ᠡ ᠳ᠋ᠦᠩ ᠢ ᠬᠡᠷᠬᠢᠨ ᠬᠡᠷᠡᠭᠯᠡᠭᠰᠡᠨ︔ | 7. ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠣᠷᠳᠣ ᠬᠤᠭᠤᠴᠠᠭᠠᠨ ᠤ | ᠪᠦᠲᠦᠮᠵᠢᠲᠡᠶ᠂ ᠲᠣᠭᠲᠠᠪᠤᠷᠢᠲᠠᠶ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠭᠰᠠᠨ ᠡᠰᠡᠬᠦ︔ | 8. ᠣᠶᠢᠷ᠎ᠠ ᠶᠢᠨ ᠵᠢᠯ ᠤᠳ ᠲᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠰᠤ ᠶᠢ ᠠᠷᠪᠢᠯᠠᠵᠤ ᠬᠡᠷᠡᠭᠯᠡᠬᠦ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ | ᠳᠣᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠲᠦᠷᠢᠮ︾ ︽ᠥᠪᠡᠷᠲᠡᠭᠡᠨ ᠵᠠᠰᠠᠬᠤ ᠣᠷᠣᠨ ᠤ ᠤᠤᠭᠤᠬᠤ | ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠲᠦᠷᠢᠮ︾ ︽ᠤᠯᠠᠭᠠᠨᠴᠠᠪ ᠬᠤᠲᠠ ᠶᠢᠨ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠠᠯᠢ ᠣᠯᠠᠨ ᠬᠠᠤᠯᠢ ᠴᠠᠭᠠᠵᠠ ᠬᠠᠤᠯᠢ ᠲᠣᠭᠲᠠᠭᠠᠯ ᠪᠠ | ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ︔ | 9. ᠡᠯ᠎ᠡ ᠤᠰᠤᠨ ᠤ ᠰᠦᠶ᠋ᠳᠬᠡᠯ ᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠲᠠᠲᠠᠪᠤᠷᠢᠯᠠᠵᠤ ᠳᠡᠶᠢᠯᠬᠦ | ᠡᠰᠡᠬᠦ᠂ ᠭᠦᠢᠴᠡᠳ ᠲᠤᠭ᠎ᠠ ᠪᠠᠷ ᠲᠠᠲᠠᠪᠤᠷᠢᠯᠠᠵᠤ ᠳᠡᠶᠢᠯᠬᠦ ᠥᠬᠡᠶ ᠶᠢᠨ ᠰᠢᠯᠲᠠᠭᠠᠨ ᠨᠢ ᠶᠠᠭᠤ ᠪᠣᠶ᠃ | 10. ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ | ᠪᠠᠶᠢᠳᠠᠯ᠂ ᠤᠰᠤᠨ ᠤ ᠡᠷᠬᠡ ᠶᠢ ᠤᠰᠤ ᠬᠡᠷᠡᠭᠯᠡᠬᠦ ᠡᠷᠦᠬᠡ ᠳᠤ ᠬᠤᠪᠢᠶᠠᠵᠤ ᠥᠭᠭᠦᠭᠰᠡᠨ ᠡᠰᠡᠬᠦ᠂ ᠱᠠᠭᠠᠷᠳᠠᠯᠭ᠎ᠠ | ᠶᠣᠰᠣᠭᠠᠷ ᠤᠭᠰᠠᠷᠠᠵᠤ ᠬᠡᠮᠵᠢᠭᠡᠳ ᠬᠡᠷᠡᠭᠵᠢᠭᠦᠯᠦᠭᠰᠡᠨ ᠡᠰᠡᠬᠦ᠃ | 11. ᠣᠯᠠᠨ ᠨᠡᠶᠢᠲᠡ ᠶᠢᠨ ᠬᠤᠭᠤᠯᠠᠶ ᠶᠢᠨ ᠲᠣᠤᠷ ᠤᠨ ᠭᠤᠭᠤᠵᠢᠭᠰᠠᠨ ᠬᠤᠬᠢᠷᠠᠯ ᠤᠨ ᠨᠣᠷᠮ᠎ᠠ ᠨᠢ ︽ | ᠬᠤᠲᠠ ᠪᠠᠯᠭᠠᠰᠤ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠭᠤᠭᠤᠵᠢᠭᠰᠠᠨ ᠬᠤᠬᠢᠷᠠᠯ ᠢ ᠡᠵᠡᠮᠳᠡᠬᠦ ᠵᠢᠴᠢ | ᠦᠨᠡᠯᠡᠨ ᠲᠣᠭᠲᠠᠭᠠᠬᠤ ᠪᠠᠷᠢᠮᠵᠢᠶ᠎ᠠ︾ ᠶᠢᠨ GJJ92 ᠲᠣᠭᠲᠠᠭᠠᠯ ᠤᠨ ᠲᠣᠭᠠᠴᠠᠭ᠎ᠠ ᠬᠢᠭᠰᠡᠨ ᠤ ᠳᠠᠷᠠᠭᠠᠬᠢ | ᠭᠤᠭᠤᠵᠢᠭᠰᠠᠨ ᠬᠤᠬᠢᠷᠠᠯ ᠤᠨ ᠨᠣᠷᠮ᠎ᠠ ᠶᠢᠨ 109% ᠶᠢᠨ ᠱᠠᠭᠠᠷᠳᠠᠯᠭ᠎ᠠ ᠳᠤ ᠬᠦᠷᠦᠭᠰᠡᠨ ᠡᠰᠡᠬᠦ᠃ | 12. ᠰᠠᠭᠤᠭᠠᠯᠢ ᠠᠷᠠᠳ ᠤᠨ ᠬᠡᠷ ᠪᠦᠯᠢ ᠶᠢᠨ ᠨᠢᠭᠡ ᠡᠷᠦᠬᠡ ᠳᠤ ᠨᠢᠭᠡ ᠥᠯᠢᠭᠡᠷ ᠳᠠᠭᠤᠷᠢᠶᠠᠯ ︵ᠲᠦᠭᠡᠭᠡᠯ | ᠤᠰᠤᠨ ᠤ ᠬᠡᠮᠵᠢᠭᠦᠷ︶ ᠨᠢ 90% ᠶᠢᠨ ᠱᠠᠭᠠᠷᠳᠠᠯᠭ᠎ᠠ ᠳᠤ ᠬᠦᠷᠦᠭᠰᠡᠨ ᠡᠰᠡᠬᠦ᠃ | ᠬᠤᠶᠠᠷ᠂ ᠰᠠᠭᠤᠷᠢ ᠲᠤᠭ᠎ᠠ ᠪᠠᠷᠢᠮᠲᠠ ᠶᠢ ᠪᠦᠷᠢᠳᠬᠡᠨ ᠵᠠᠳᠠᠯᠬᠤ ᠶᠢ ᠰᠠᠶᠢᠲᠤᠷ ᠬᠢᠬᠦ ᠬᠡᠷᠡᠭᠲᠡᠶ | 1. ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢ ᠬᠠᠮᠢᠶᠠᠷᠤᠨ ᠡᠵᠡᠮᠳᠡᠬᠦ | ᠭᠦᠢᠴᠡᠳᠭᠡᠯ ᠲᠤᠭ᠎ᠠ ᠵᠢᠴᠢ ᠬᠠᠮᠢᠶᠠᠷᠤᠨ ᠡᠵᠡᠮᠳᠡᠬᠦ ᠭᠦᠢᠴᠡᠳᠭᠡᠯ ᠲᠤᠭ᠎ᠠ ᠶᠢ ᠨᠠᠷᠢᠯᠢᠬᠵᠢᠭᠤᠯᠤᠨ ᠵᠠᠳᠠᠯᠤᠭᠰᠠᠨ | ᠪᠠᠶᠢᠳᠠᠯ︔ | 2.ᠤᠢᠢᠷ᠎ᠠ ᠶᠢᠨ ᠠᠷᠪᠠᠨ ᠵᠢᠯ ᠤᠨ ᠲᠤᠷᠰᠢ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠵᠢᠴᠢ ᠲᠠᠷᠢᠶᠠᠯᠠᠩ᠂ | ᠠᠵᠤ ᠦᠢᠯᠡᠳᠪᠦᠷᠢ᠂ ᠠᠮᠢ ᠠᠬᠤᠶ᠂ ᠠᠮᠢᠳᠤᠷᠠᠯ ᠳᠤ ᠬᠡᠷᠡᠭᠯᠡᠬᠦ ᠤᠰᠤᠨ ᠤ ᠲᠣᠭᠠᠨ ᠤ ᠡᠵᠡᠯᠡᠬᠦ ᠬᠠᠷᠢᠴᠠᠯ ᠤᠨ | ᠬᠤᠪᠢᠷᠠᠯᠲᠠ ᠶᠢᠨ ᠪᠠᠶᠢᠳᠠᠯ︔ | 3.ᠤᠢᠢᠷ᠎ᠠ ᠶᠢᠨ ᠠᠷᠪᠠᠨ ᠵᠢᠯ ᠤᠨ ᠲᠤᠷᠰᠢᠬᠢ ᠲᠠᠷᠢᠶᠠᠯᠠᠩ ᠤᠨ ᠤᠰᠤᠯᠠᠯᠲᠠ ᠶᠢᠨ ᠲᠠᠯᠠᠪᠠᠢ ᠪᠠ | ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢᠨ ᠨᠡᠮᠡᠭᠳᠡᠵᠦ ᠬᠠᠰᠤᠭᠳᠠᠭᠰᠠᠨ ᠪᠠᠶᠢᠳᠠᠯ︔ ᠲᠠᠷᠢᠶᠠᠯᠠᠩ ᠤᠨ | ᠤᠰᠤᠯᠠᠯᠲᠠ ᠶᠢᠨ ᠲᠠᠯᠠᠪᠠᠢ ᠶᠢᠨ ᠲᠠᠷᠢᠶᠠᠨ ᠭᠠᠵᠠᠷ ᠤᠨ ᠲᠠᠯᠠᠪᠠᠢ ᠳᠠᠬᠢ ᠡᠵᠡᠯᠡᠬᠦ ᠬᠠᠷᠢᠴᠠᠯ ᠤᠨ ᠬᠤᠪᠢᠷᠠᠯᠲᠠ ᠶᠢᠨ | ᠪᠠᠶᠢᠳᠠᠯ︔ ᠲᠠᠷᠢᠶᠠᠯᠠᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠢ | ᠨᠤᠲᠠᠯᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ︔ | 4.ᠤᠢᠢᠷ᠎ᠠ ᠶᠢᠨ ᠠᠷᠪᠠᠨ ᠵᠢᠯ ᠤᠨ ᠲᠤᠷᠰᠢᠬᠢ ᠭᠠᠵᠠᠷ ᠳᠣᠣᠷᠠᠬᠢ ᠤᠰᠤᠨ ᠲᠦᠪᠰᠢᠨ ᠤ ᠬᠤᠪᠢᠷᠠᠯᠲᠠ ᠶᠢᠨ | ᠪᠠᠶᠢᠳᠠᠯ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢᠨ | ᠬᠤᠪᠢᠷᠠᠯᠲᠠ ᠶᠢᠨ ᠪᠠᠶᠢᠳᠠᠯ︔ | 5. ᠣᠶᠢᠷ᠎ᠠ ᠶᠢᠨ ᠠᠷᠪᠠᠨ ᠵᠢᠯ ᠤᠨ ᠲᠤᠷᠰᠢ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ | ᠬᠡᠮᠵᠢᠶ᠎ᠡ ᠵᠢᠴᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ | ᠠᠰᠢᠭᠯᠠᠭᠰᠠᠨ ᠪᠠᠶᠢᠳᠠᠯ︔ | 6. ᠤᠰᠤ ᠠᠷᠪᠢᠯᠠᠬᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠢᠴᠢ ᠤᠰᠤ ᠠᠷᠪᠢᠯᠠᠬᠤ | ᠮᠡᠷᠭᠡᠵᠢᠯ ᠤᠨ ᠬᠡᠷᠡᠭᠯᠡᠯᠲᠡ ᠶᠢᠨ ᠪᠠᠶᠢᠳᠠᠯ︔ | 7. ᠳᠠᠬᠢᠯᠲᠠ ᠤᠰᠤ᠂ ᠪᠣᠷᠣᠭᠠᠨ ᠤ ᠤᠰᠤ ᠵᠡᠷᠭᠡ ᠬᠡᠪ ᠤᠨ ᠪᠤᠰᠤ ᠤᠰᠤᠨ ᠤ ᠡᠬᠢ ᠰᠤᠷᠪᠤᠯᠵᠢ ᠶᠢ | ᠠᠰᠢᠭᠯᠠᠭᠰᠠᠨ ᠪᠠᠶᠢᠳᠠᠯ ᠵᠢᠴᠢ ᠬᠤᠲᠠ ᠪᠠᠯᠭᠠᠰᠤ ᠶᠢᠨ ᠤᠰᠤ ᠬᠠᠩᠭᠠᠬᠤ ᠤᠰᠤᠨ ᠤ ᠡᠬᠢ ᠰᠤᠷᠪᠤᠯᠵᠢ ᠶᠢᠨ ᠭᠠᠵᠠᠷ᠂ | ᠤᠰᠤ ᠠᠷᠪᠢᠯᠠᠬᠤ ᠬᠡᠯᠪᠡᠷᠢ ᠶᠢᠨ ᠬᠤᠲᠠ᠂ ᠤᠰᠤ ᠠᠷᠪᠢᠯᠠᠬᠤ ᠬᠡᠯᠪᠡᠷᠢ ᠶᠢᠨ ᠨᠢᠭᠡᠴᠡ ᠶᠢᠨ ᠪᠥᠲᠥᠭᠡᠨ | ᠪᠠᠶᠢᠭᠤᠯᠤᠯᠲᠠ ᠶᠢᠨ ᠪᠠᠶᠢᠳᠠᠯ᠃ | ᠭᠤᠷᠪᠠ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠲᠠᠯ᠎ᠠ ᠪᠠᠷ ᠬᠢ ᠰᠢᠨ᠎ᠡ ᠶᠢ | ᠡᠭᠦᠳᠦᠭᠰᠡᠨ ᠠᠷᠭ᠎ᠠ ᠬᠢᠳᠡᠯ ᠪᠣᠯᠤᠨ ᠨᠡᠶᠢᠲᠡᠯᠢᠭ ᠲᠤᠷᠰᠢᠯᠭ᠎ᠠ | ᠳᠥᠷᠪᠡ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠠᠵᠢᠯ ᠤᠨ | ᠳᠤᠮᠳᠠ ᠢᠯᠡᠷᠡᠭᠦᠯᠦᠭᠰᠡᠨ ᠲᠣᠪᠤᠶᠢᠮ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠰᠠᠨᠠᠯ | ᠰᠠᠨᠠᠭᠤᠯᠭ᠎ᠠ | ᠳᠠᠭᠠᠯᠳᠤᠭᠤᠯᠤᠯ 3 | ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠪᠠᠶᠢᠴᠠᠭᠠᠯᠲᠠ ᠶᠢᠨ ᠠᠰᠠᠭᠤᠯᠲᠠ ᠶᠢᠨ | ᠬᠠᠭᠤᠳᠠᠰᠤ | 1 . ᠲᠠᠨ ᠤ ᠦᠵᠡᠬᠦ ᠪᠠᠷ ᠮᠠᠨ ᠤ ᠰᠢᠶᠠᠨ ᠤ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠨ᠎ᠠ ᠦᠦ︖ | ᠤᠰᠤᠨ ᠤ ᠡᠬᠢ ᠪᠠᠶᠠᠯᠢᠭ ᠳᠤᠲᠠᠭᠳᠠᠬᠤ ᠶᠢᠨ ᠬᠠᠮᠤᠭ ᠤᠨ ᠶᠡᠭᠡ ᠰᠢᠯᠲᠠᠭᠠᠨ ᠨᠢ ᠶᠠᠭᠤ ᠪᠤᠢ︖ | 2 . ᠮᠠᠨ ᠤ ᠰᠢᠶᠠᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ | ᠶᠠᠪᠤᠴᠠ ᠳᠤ ᠶᠠᠮᠠᠷ ᠶᠠᠮᠠᠷ ᠭᠤᠣᠯ ᠠᠰᠠᠭᠤᠳᠠᠯ ᠳᠤ ᠲᠤᠯᠭᠠᠷᠠᠵᠤ ᠪᠠᠶᠢᠬᠤ ᠪᠣᠢ︖ | 3 ᠮᠠᠨ ᠤ ᠰᠢᠶᠠᠨ ᠤ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠶᠢᠨ ᠪᠠᠶᠢᠳᠠᠯ ᠬᠢᠷᠢ ᠵᠡᠷᠭᠡ | ᠶᠠᠪᠤᠭᠳᠠᠵᠤ ᠪᠠᠶᠢᠬᠤ ᠪᠤᠢ︖ ᠶᠠᠮᠠᠷ ᠶᠠᠮᠠᠷ ᠲᠤᠯᠢ ᠪᠣᠯᠭᠠᠵᠤ ᠳᠡᠯᠭᠡᠷᠡᠭᠦᠯᠵᠦ ᠪᠣᠯᠬᠤ ᠲᠤᠷᠰᠢᠯᠭ᠎ᠠ ᠬᠢᠳᠡᠯ ᠪᠠ | ᠲᠡᠷᠢᠭᠦᠨ ᠤ ᠮᠡᠷᠭᠡᠵᠢᠯ ᠪᠠᠶᠢᠬᠤ ᠪᠤᠢ︖ | 4 . ᠮᠠᠨ ᠤ ᠰᠢᠶᠠᠨ ᠤ ᠳᠠᠬᠢᠯᠲᠠ ᠤᠰᠤᠨ ᠤ ᠠᠰᠢᠭᠯᠠᠯᠲᠠ᠂ ᠤᠰᠤ ᠠᠷᠪᠢᠯᠠᠬᠤ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠵᠡᠷᠭᠡ ᠤᠰᠤ ᠠᠷᠪᠢᠯᠠᠬᠤ ᠮᠠᠶ᠋ᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ ᠶᠠᠮᠠᠷ ᠵᠡᠷᠭᠡ ᠪᠤᠶ︖ | 5᠂ ᠮᠠᠨ ᠤ ᠰᠢᠶᠠᠨ ᠤ ᠨᠡᠶᠢᠭᠡᠮ ᠤᠨ ᠤᠰᠤ ᠠᠷᠪᠢᠯᠠᠬᠤ ᠤᠬᠠᠮᠰᠠᠷ ᠶᠠᠮᠠᠷ ᠪᠤᠢ︖ ᠶᠠᠮᠠᠷ ᠶᠠᠮᠠᠷ ᠲᠠᠯ᠎ᠠ ᠪᠠᠷ | ᠪᠥᠬᠦ ᠨᠡᠶᠢᠭᠡᠮ ᠤᠨ ᠤᠰᠤ ᠠᠷᠪᠢᠯᠠᠬᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ ᠪᠣᠶ︖ | 6 . ᠲᠠ ᠮᠠᠨ ᠤ ᠰᠢᠶᠠᠨ ᠤ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠵᠢᠭᠦᠯᠦᠨ ᠠᠰᠢᠭᠯᠠᠬᠤ ᠠᠵᠢᠯ ᠢ | ᠬᠡᠷᠬᠢᠨ ᠦᠨᠡᠯᠡᠬᠦ ᠪᠣᠶ︖ ᠶᠠᠮᠠᠷ ᠰᠠᠶᠢᠨ ᠰᠠᠨᠠᠭᠤᠯᠭ᠎ᠠ ᠪᠠᠶᠢᠬᠤ ᠪᠣᠢ︖ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |