ᠰᠢᠩ ᠾᠧ ᠰᠢᠶᠠᠨ ᠭᠤᠴᠢᠨ ᠳᠥᠷᠪᠡᠳᠡᠬᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/4/15
     4 ᠰᠠᠷ᠎ᠠ ᠶᠢᠨ 12 ᠤᠨ ᠡᠳᠦᠷ ᠠᠴᠠ 4 ᠰᠠᠷ᠎ᠠ ᠶᠢᠨ 13 ᠤ ᠡᠳᠦᠷ ᠪᠣᠯᠲᠠᠯ᠎ᠠ᠂ ᠰᠢᠩ ᠾᠧ ᠰᠢᠶᠠᠨ ︽ᠪᠣᠯᠪᠠᠰᠤᠨ ᠡᠷᠡᠭᠦᠯ ᠮᠡᠨᠳᠦ ᠪᠣᠬᠢᠷᠲᠤᠯ ᠥᠬᠡᠶ ᠣᠷᠴᠢᠨ ᠠᠬᠤᠶ ᠶᠢᠨ ᠬᠠᠮᠠᠭᠠᠯᠠᠯᠲᠠ︾ ᠪᠠᠷ ᠭᠤᠤᠯ ᠰᠡᠳᠦᠪ ᠪᠣᠯᠭᠠᠵᠤ ᠂ ᠪᠥᠬᠦ ᠤᠯᠤᠰ ᠤᠨ 34 ᠳ᠋ᠦᠭᠡᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠰᠢᠷᠢᠰ ᠠᠵᠢᠯᠯᠠᠭ᠎ᠠ ᠶᠢ ᠥᠷᠨᠢᠭᠦᠯᠪᠡ᠃      ᠠᠵᠢᠯᠯᠠᠭ᠎ᠠ ᠶᠢᠨ ᠬᠤᠭᠤᠴᠠᠭᠠᠨ ᠳᠤ᠂ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠭᠦᠨᠵᠡᠭᠡᠶᠢᠷᠡᠭᠦᠯᠵᠦ᠂ ︽ᠪᠣᠯᠪᠠᠰᠤᠨ ᠡᠷᠡᠭᠦᠯ ᠪᠣᠬᠢᠷᠲᠤᠯ ᠥᠬᠡᠶ ᠠᠮᠢᠳᠤᠷᠠᠯ ᠤᠨ ᠠᠷᠭ᠎ᠠ ᠬᠡᠯᠪᠡᠷᠢ ᠶᠢᠨ ᠭᠠᠷ ᠠᠪᠤᠯᠭ᠎ᠠ︾ ᠪᠠᠷ ᠭᠤᠤᠯ ᠠᠭᠤᠯᠭ᠎ᠠ ᠪᠣᠯᠭᠠᠵᠤ᠂ ᠪᠣᠯᠪᠠᠰᠤᠨ ᠡᠷᠡᠭᠦᠯ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠭᠤᠤᠯ ᠰᠡᠳᠦᠪᠲᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠰᠣᠨᠢᠨ ᠮᠡᠳᠡᠭᠡᠨ ᠤ ᠵᠠᠭᠤᠴᠢᠯᠠᠭᠤᠷ᠂ ᠪᠢᠴᠢᠯ ᠪᠦᠷᠭᠡ᠂ ᠸᠢᠴᠠᠲ ᠂ ᠵᠠᠷᠯᠠᠯ᠂ ᠤᠬᠠᠭᠤᠯᠭ᠎ᠠ ᠶᠢᠨ ᠤᠷᠢᠶ᠎ᠠ ᠯᠣᠽᠦ᠋ᠩ᠂ ᠰᠦᠯᠵᠢᠶᠡᠨ ᠳᠡᠭᠡᠷᠡᠬᠢ ᠮᠡᠳᠡᠯᠭᠡ ᠶᠢᠨ ᠠᠰᠠᠭᠤᠯᠲᠠ ᠬᠠᠷᠢᠭᠤᠯᠲᠠ ᠵᠡᠷᠭᠡ ᠣᠯᠠᠨ ᠵᠦᠢᠯ ᠤᠨ ᠬᠡᠯᠪᠡᠷᠢ ᠶᠢ ᠠᠰᠢᠭᠯᠠᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠥᠷᠭᠡᠨ ᠣᠯᠠᠨ ᠲᠦᠮᠡᠨ ᠳᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠮᠡᠳᠡᠯᠭᠡ᠂ ᠰᠢᠨ᠎ᠡ ᠲᠢᠲᠢᠮᠯᠢᠭ ᠸᠢᠷᠦ᠋ᠰ ᠢ ᠰᠡᠷᠭᠡᠶᠢᠯᠡᠬᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠮᠡᠳᠡᠯᠭᠡ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠤᠤᠯᠳᠠᠯᠭ᠎ᠠ ᠲᠠᠢ ᠤᠬᠠᠭᠤᠯᠵᠤ᠂ ᠣᠯᠠᠨ ᠲᠦᠮᠡᠨ ᠤ ᠡᠷᠡᠭᠦᠯ ᠬᠠᠮᠠᠭᠠᠯᠠᠯ ᠡᠪᠡᠳᠴᠢᠨ ᠡᠮᠭᠡᠭ ᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠣᠳᠣᠬᠠᠨ ᠪᠣᠯᠲᠠᠯ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠤᠬᠠᠭᠤᠯᠭ᠎ᠠ ᠶᠢᠨ ᠰᠠᠷ᠎ᠠ ᠶᠢᠨ ᠰᠠᠨᠠᠭᠠᠴᠢᠯᠠᠭ᠎ᠠ ᠶᠢᠨ ᠪᠢᠴᠢᠭ ᠢ ᠨᠡᠶᠢᠲᠡ 1000 ᠭᠠᠷᠤᠶ ᠬᠤᠪᠢ ᠲᠠᠷᠬᠠᠭᠠᠪᠠ᠃      ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠠᠷᠠᠳ ᠲᠦᠮᠡᠨ ᠤ ᠡᠷᠡᠭᠦᠯ ᠬᠠᠮᠠᠭᠠᠯᠠᠯ ᠤᠨ ᠦᠵᠡᠯ ᠤᠬᠠᠮᠰᠠᠷ ᠢ ᠴᠢᠩᠭᠠᠷᠠᠭᠤᠯᠵᠤ᠂ ᠰᠢᠨᠵᠢᠯᠡᠬᠦ ᠤᠬᠠᠭᠠᠨᠴᠢ ᠪᠣᠯᠪᠠᠰᠤᠨ ᠠᠮᠢᠳᠤᠷᠠᠯ᠂ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠣᠯᠠᠨ ᠲᠦᠮᠡᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠠᠶᠢᠯᠭᠠᠵᠤ᠂ ᠰᠠᠭᠤᠭᠠᠯᠢ ᠠᠷᠠᠳ ᠤᠨ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠣᠯᠤᠨ ᠡᠪᠡᠳᠴᠢᠨ ᠡᠮᠭᠡᠭ ᠢ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠪᠡ᠃                                                     ᠢᠷᠡᠯᠲᠡ  ᠄ ᠰᠢᠩ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                                   ᠤᠷᠴᠢᠭᠤᠯᠤᠭᠴᠢ᠄ ᠨᠠᠷᠠᠰᠤ                                   ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3