︽ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠬᠠᠮᠲᠤᠷᠠᠨ ᠥᠷᠨᠢᠭᠦᠯᠬᠦ ᠲᠤᠰᠬᠠᠶ ᠰᠡᠳᠦᠪᠲᠦ ᠬᠢᠨᠠᠯᠲᠠ ᠲᠠᠯᠪᠢᠬᠤ ᠴᠢᠨᠠᠷᠲᠠᠶ ᠵᠥᠪᠯᠡᠬᠦ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠰᠢᠩ ᠾᠧ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/4/15
ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠳᠤ᠄      ︽ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠬᠠᠮᠲᠤᠷᠠᠨ ᠥᠷᠨᠢᠭᠦᠯᠬᠦ ᠲᠤᠰᠬᠠᠶ ᠰᠡᠳᠦᠪᠲᠦ ᠬᠢᠨᠠᠯᠲᠠ ᠲᠠᠯᠪᠢᠬᠤ ᠴᠢᠨᠠᠷᠲᠠᠶ ᠵᠥᠪᠳᠡᠯᠴᠡᠬᠦ ᠠᠵᠢᠯ ᠤᠨ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠱᠠᠭᠠᠷᠳᠠᠯᠭ᠎ᠠ ᠶᠣᠰᠣᠭᠠᠷ ᠬᠠᠮᠵᠢᠯᠴᠠᠨ ᠬᠡᠷᠡᠭᠵᠢᠭᠦᠯᠬᠦ ᠠᠵᠢᠯ ᠢ ᠰᠠᠶᠢᠲᠤᠷ ᠬᠢᠲᠦᠭᠡᠶ᠃      ᠬᠠᠷᠢᠯᠴᠠᠬᠤ ᠬᠥᠮᠦᠨ᠄ ᠦ᠋ ᠯᠦᠩ   ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠤ ᠠᠬᠤᠶ ᠶᠢᠨ ᠵᠥᠪᠯᠡᠯ ᠤᠨ ᠡᠷᠬᠢᠯᠡᠭᠴᠢ      ᠬᠠᠷᠢᠯᠴᠠᠬᠤ ᠤᠲᠠᠰᠤ᠄ 13847476082      ᠹᠠᠺᠰ᠄ 0474-7213262                              ᠤᠯᠤᠰ ᠲᠥᠷᠥ ᠶᠢᠨ ᠵᠥᠪᠯᠡᠯᠭᠡᠨ ᠤ ᠰᠢᠩ ᠾᠧ ᠰᠢᠶᠠᠨ ᠤ ᠬᠤᠷᠢᠶ᠎ᠠ ᠶᠢᠨ ᠠᠯᠪᠠᠨ ᠬᠡᠷ                                              2022 ᠣᠨ ᠤ 4 ᠰᠠᠷ᠎ᠠ ᠶᠢᠨ 14      ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠬᠠᠮᠲᠤᠷᠠᠨ ᠦᠷᠨᠢᠭᠦᠯᠬᠦ ᠲᠤᠰᠬᠠᠶ ᠰᠡᠳᠦᠪᠲᠦ ᠬᠢᠨᠠᠯᠲᠠ ᠶᠢᠨ ᠴᠢᠨᠠᠷᠲᠠᠶ ᠵᠥᠪᠯᠡᠬᠦ ᠠᠵᠢᠯ ᠤᠨ ᠲᠥᠰᠦᠯ      ︽ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠤᠰᠬᠠᠶ ᠰᠡᠳᠦᠪᠲᠦ ᠬᠢᠨᠠᠯᠲᠠ ᠲᠠᠯᠪᠢᠬᠤ ᠴᠢᠨᠠᠷᠲᠠᠶ ᠵᠥᠪᠯᠡᠬᠦ ᠠᠵᠢᠯ ᠢ ᠬᠠᠮᠲᠤᠷᠠᠨ ᠥᠷᠨᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ ᠤᠨ ᠮᠡᠳᠡᠭᠳᠡᠯ ︵ᠥᠪᠥᠷ ᠵᠠᠰᠠᠭ ᠬᠠᠮᠵᠢᠯᠴᠠᠨ ᠠᠯᠪᠠᠨ ᠲᠠᠷᠬᠠᠭᠠᠭᠰᠠᠨ ︹ 2022 ︺ 5 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠤᠯᠤᠰ ᠲᠥᠷᠥ ᠶᠢᠨ ᠵᠥᠪᠯᠡᠯᠭᠡᠨ ᠠᠴᠠ ︽ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ︾ ᠶᠢᠨ ᠲᠣᠭᠤᠷᠢᠨ ᠳᠤ ᠲᠤᠰᠬᠠᠶ ᠰᠡᠳᠦᠪᠲᠦ ᠬᠢᠨᠠᠯᠲᠠ ᠲᠠᠯᠪᠢᠬᠤ ᠴᠢᠨᠠᠷᠲᠠᠶ ᠵᠥᠪᠯᠡᠬᠦ ᠠᠵᠢᠯ ᠢ ᠬᠠᠮᠵᠢᠯᠴᠠᠨ ᠥᠷᠨᠢᠭᠦᠯᠦᠨ᠎ᠡ᠃ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠨᠡᠩ ᠰᠠᠶᠢᠲᠤᠷ ᠥᠷᠨᠢᠭᠦᠯᠵᠦ ᠬᠢᠨᠠᠯᠲᠠ ᠲᠠᠯᠪᠢᠬᠤ ᠴᠢᠨᠠᠷᠲᠠᠢ ᠵᠥᠪᠯᠡᠬᠦ ᠠᠵᠢᠯ ᠢ ᠥᠷᠨᠢᠭᠦᠯᠵᠦ᠂ ᠮᠠᠨ ᠤ ᠰᠢᠶᠠᠨ ᠤ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠠᠬᠢᠭᠤᠯᠬᠤ ᠶᠢᠨ ᠲᠥᠯᠥᠭᠡ᠂ ᠣᠨᠴᠠᠭᠠᠶᠢᠯᠠᠨ ᠲᠤᠰ ᠲᠥᠰᠦᠯ ᠢ ᠲᠣᠭᠲᠠᠭᠠᠪᠠ᠃      ᠨᠢᠭᠡ᠂ ᠵᠣᠷᠢᠯᠲᠠ ᠶᠢᠨ ᠡᠭᠦᠷᠭᠡ      ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠤᠬᠠᠶ ᠴᠢᠬᠤᠯᠠ ᠶᠠᠷᠢᠶ᠎ᠠ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠭᠤᠷᠪᠠᠨ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠬᠠᠮᠲᠤᠷᠠᠨ ᠬᠥᠳᠡᠯᠦᠯᠴᠡᠬᠦ ᠠᠷᠭ᠎ᠠ ᠮᠠᠶ᠋ᠢᠭ ᠢᠶᠠᠷ ᠳᠠᠷᠤᠶ ︽ᠳᠦᠷᠪᠡᠨ ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠢ ᠬᠠᠮᠤᠭ ᠤᠨ ᠴᠢᠩᠭ᠎ᠠ ᠬᠢᠵᠠᠭᠠᠷᠯᠠᠯ ᠪᠣᠯᠭᠠᠵᠤ᠂ ᠤᠰᠤ ᠪᠠᠷ ᠬᠤᠳᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠬᠥᠮᠦᠨ ᠠᠮᠠ᠂ ᠬᠤᠳᠠ ᠪᠠ ᠠᠵᠤ ᠦᠢᠯᠡᠰ ᠤᠨ ᠬᠥᠭᠵᠢᠯᠲᠡ ᠶᠢ ᠵᠦᠢ ᠵᠣᠬᠢᠰᠲᠠᠶ ᠲᠥᠯᠥᠪᠵᠢᠭᠦᠯᠦᠨ᠎ᠡ︔ ᠦᠢᠯᠡᠳᠪᠦᠷᠢᠯᠡᠯ ᠠᠮᠢᠳᠤᠷᠠᠯ ᠤᠨ ᠠᠮᠢ ᠠᠬᠤᠶ ᠶᠢᠨ ᠤᠰᠤ ᠬᠡᠷᠡᠭᠯᠡᠬᠦ ᠪᠦᠲᠦᠴᠡ ᠶᠢ ᠨᠢᠭᠡᠳᠦᠯᠲᠡᠶ ᠲᠥᠯᠥᠪᠯᠡᠨ ᠰᠢᠯᠢᠳᠡᠭᠵᠢᠭᠦᠯᠵᠦ᠂ ᠤᠰᠤ ᠬᠡᠷᠡᠭᠯᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠷᠭ᠎ᠠ ᠪᠠᠷᠢᠯ ᠢᠶᠠᠷ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠬᠡᠳᠡᠷᠬᠦ ᠰᠢᠬᠠᠮᠳᠠᠭᠤᠯᠵᠤ᠂ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ ᠪᠠᠶᠢᠭᠰᠠᠨ ᠠᠴᠠ ᠠᠷᠪᠢᠯᠠᠵᠤ ᠡᠷᠴᠢᠮᠵᠢᠭᠦᠯᠬᠦ ᠲᠡᠰᠢ ᠬᠤᠪᠢᠷᠠᠭᠤᠯᠬᠤ ᠶᠢ ᠠᠬᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠳᠤ ᠬᠢᠨᠠᠯᠲᠠ ᠲᠠᠯᠪᠢᠬᠤ ᠴᠢᠨᠠᠷᠲᠠᠢ ᠵᠥᠪᠳᠡᠯᠴᠡᠭᠡ ᠥᠷᠨᠢᠭᠦᠯᠬᠦ ᠶᠢ ᠠᠬᠢᠭᠤᠯᠵᠤ᠂ ᠳᠤᠲᠠᠭᠤᠳᠠᠯ ᠢ ᠡᠷᠢᠵᠦ᠂ ᠰᠠᠨᠠᠯ ᠰᠠᠨᠠᠭᠤᠯᠭ᠎ᠠ ᠳᠤᠷᠠᠳᠴᠤ᠂ ᠮᠠᠨ ᠤ ᠰᠢᠶᠠᠨ ᠤ ︽ᠠᠮᠢ ᠠᠬᠤᠢ ᠶᠢ ᠲᠡᠷᠢᠭᠦᠨ ᠳᠤ ᠲᠠᠯᠪᠢᠬᠤ ᠂ ᠪᠣᠬᠢᠷᠲᠤᠯ ᠦᠭᠡᠢ ᠪᠠᠷ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠠᠬᠢᠭᠤᠯᠬᠤ ᠬᠡᠷᠡᠭᠲᠡᠢ᠃      ᠬᠤᠶᠠᠷ᠂ ᠬᠠᠮᠤᠷᠬᠤ ᠬᠡᠪᠴᠢᠶ᠎ᠡ ᠪᠣᠯᠤᠨ ᠣᠷᠣᠯᠴᠠᠭᠴᠢ      ᠬᠠᠮᠤᠷᠬᠤ ᠬᠡᠪᠴᠢᠶ᠎ᠡ᠄ ᠣᠳᠣᠬᠠᠨ ᠤ ᠮᠠᠨ ᠤ ᠰᠢᠶᠠᠨ ᠤ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠵᠤ ᠪᠠᠶᠢᠭ᠎ᠠ ᠪᠠᠶᠢᠳᠠᠯ ᠤᠨ ᠲᠣᠭᠤᠷᠢᠨ ᠳᠤ ᠬᠢᠨᠠᠯᠲᠠ ᠲᠠᠯᠪᠢᠬᠤ ᠴᠢᠨᠠᠷᠲᠠᠶ ᠵᠥᠪᠳᠡᠯᠴᠡᠭᠡ ᠥᠷᠨᠢᠭᠦᠯᠵᠦ᠂ ᠪᠥᠬᠦ ᠰᠢᠶᠠᠨ ᠢ ᠬᠠᠮᠤᠷᠴᠤ᠂ ᠭᠤᠤᠯᠳᠠᠭᠤ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠤᠬᠠᠶ ᠬᠠᠮᠢᠶ᠎ᠠ ᠪᠥᠬᠦᠶ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ᠂ ᠪᠠᠶᠢᠴᠠᠭᠠᠨ ᠰᠤᠳᠤᠯᠤᠯᠲᠠ ᠬᠢᠬᠦ᠂ ᠵᠥᠪᠳᠡᠯᠴᠡᠬᠦ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠰᠠᠭᠤᠳᠠᠯ ᠢ ᠡᠷᠢᠵᠦ᠂ ᠰᠠᠨᠠᠯ ᠰᠠᠨᠠᠭᠤᠯᠭ᠎ᠠ ᠳᠤᠷᠠᠳᠴᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠠᠯ᠎ᠠ ᠪᠠᠷ ᠬᠢ ᠰᠠᠶᠢᠨ ᠲᠤᠷᠰᠢᠯᠭ᠎ᠠ ᠠᠷᠭ᠎ᠠ ᠬᠢᠳᠡᠯ ᠢ ᠢᠯᠡᠷᠡᠭᠦᠯᠬᠦ ᠶᠢᠨ ᠬᠠᠮᠲᠤ ᠳ᠋ᠦᠩᠨᠡᠨ᠎ᠡ᠃      ᠣᠷᠣᠯᠴᠠᠭᠰᠠᠳ᠄ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ ᠳᠠᠭᠠᠭᠤᠯᠤᠨ᠂ ᠠᠵᠤ ᠠᠬᠤᠶ ᠶᠢᠨ ᠵᠥᠪᠯᠡᠯ ᠲᠦᠷᠦᠭᠦᠯᠡᠨ᠂ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢ ᠵᠣᠬᠢᠶᠠᠨ ᠪᠠᠶᠢᠭᠤᠯᠤᠨ ᠣᠷᠣᠯᠴᠠᠭᠤᠯᠵᠤ᠂ ᠰᠢᠶᠠᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠨᠥᠬᠦᠳ ᠪᠠ ᠲᠤᠰᠬᠠᠶ ᠮᠡᠷᠭᠡᠵᠢᠯᠲᠡᠨ ᠡᠷᠳᠡᠮᠲᠡᠨ ᠢ ᠡᠯᠰᠡᠨ ᠠᠪᠴᠤ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠵᠤ ᠵᠥᠪᠳᠡᠯᠴᠡᠬᠦ ᠠᠵᠢᠯᠯᠠᠭ᠎ᠠ ᠥᠷᠨᠢᠭᠦᠯᠦᠨ᠎ᠡ᠃      ᠤᠰᠤᠨ ᠠᠰᠢᠭᠯᠠᠯᠲᠠ ᠶᠢᠨ ᠲᠣᠪᠴᠢᠶ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠵᠤ ᠤᠰᠤ ᠬᠡᠷᠡᠭᠯᠡᠬᠦ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠲᠦᠷᠢᠮ ︾ ︽ᠥᠪᠡᠷᠲᠡᠭᠡᠨ ᠵᠠᠰᠠᠬᠤ ᠣᠷᠣᠨ ᠤ ᠤᠤᠭᠤᠬᠤ ᠤᠰᠤᠨ ᠤ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠦᠷᠢᠮ︾ ︽ᠤᠯᠠᠭᠠᠨᠴᠠᠪ ᠬᠤᠲᠠ ᠶᠢᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠦᠷᠢᠮ︾ ︽ᠤᠯᠠᠭᠠᠨᠴᠠᠪ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠠᠷᠭ᠎ᠠ︾  ᠵᠡᠷᠭᠡ ᠠᠯᠢ ᠣᠯᠠᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠤᠨ ᠣᠭ ᠪᠠᠶᠢᠴᠠᠭᠠᠨ ᠰᠤᠳᠤᠯᠬᠤ ᠠᠵᠢᠯ ᠳᠤ ᠲᠦᠬᠦᠮ ᠦᠵᠡᠭᠦᠯᠪᠡ᠃      ᠭᠤᠷᠪᠠ᠂ ᠭᠤᠣᠯ ᠪᠣᠯᠬᠤ ᠠᠵᠢᠯ ᠤᠨ ᠠᠷᠭ᠎ᠠ ᠮᠠᠶ᠋ᠢᠭ      ︵ᠨᠢᠭᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠤᠷᠪᠤᠯᠵᠢᠯᠠᠬᠤ      ᠮᠠᠨ ᠤ ᠰᠢᠶᠠᠨ ᠤ ᠤᠰᠤᠨ ᠠᠰᠢᠭᠯᠠᠯᠲᠠ᠂ ᠲᠠᠷᠢᠶᠠᠯᠠᠩ ᠤᠨ ᠰᠢᠨᠵᠢᠯᠡᠬᠦ ᠤᠬᠠᠭᠠᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ ᠤᠢ ᠰᠢᠭᠤᠶ ᠡᠪᠡᠰᠦ ᠪᠡᠯᠴᠢᠭᠡᠷ᠂ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠰᠢᠶᠠᠩ ᠪᠠᠯᠭᠠᠰᠤ ᠪᠠᠷ ᠭᠤᠣᠯᠳᠠᠯᠭ᠎ᠠ ᠲᠠᠢ ᠪᠠᠷ ᠰᠤᠷᠪᠤᠯᠵᠢᠯᠠᠵᠤ᠂ ᠪᠠᠶᠢᠳᠠᠯ ᠢ ᠨᠢ ᠦᠵᠡᠵᠦ ᠪᠠᠶᠢᠭᠠᠳ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠰᠤᠷᠪᠤᠯᠵᠢᠯᠠᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠠᠵᠢᠯ ᠤᠨ ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠰᠠᠨᠠᠭᠤᠯᠭ᠎ᠠ ᠶᠢ ᠣᠶᠢᠯᠠᠭᠠᠵᠤ ᠡᠵᠡᠮᠰᠢᠪᠡ᠃      ︵ᠬᠤᠶᠠᠷ︶ ᠲᠤᠬᠠᠶ ᠶᠢᠨ ᠭᠠᠵᠠᠷ ᠲᠤᠨᠢ ᠰᠤᠷᠪᠤᠯᠵᠢᠯᠠᠨ ᠪᠠᠶᠢᠴᠠᠭᠠᠬᠤ     ᠠᠵᠤ ᠦᠢᠯᠡᠳᠪᠦᠷᠢ ᠲᠠᠷᠢᠶᠠᠯᠠᠩ ᠤᠨ ᠤᠰᠤ ᠬᠡᠷᠡᠭᠯᠡᠬᠦ ᠲᠥᠷᠥᠯ ᠵᠦᠢᠯ᠂ ᠤᠰᠤ ᠠᠷᠪᠢᠯᠠᠬᠤ ᠪᠠ ᠤᠰᠤ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ᠂ ᠡᠯ᠎ᠡ ᠲᠥᠷᠥᠯ ᠤᠨ ᠤᠰᠤ ᠬᠠᠩᠭᠠᠬᠤ ᠤᠰᠤ ᠵᠠᠯᠠᠬᠤ ᠲᠥᠷᠥᠯ ᠵᠦᠢᠯ᠂ ᠪᠣᠬᠢᠷ ᠤᠰᠤ ᠶᠢ ᠰᠢᠢᠳᠪᠦᠷᠢᠯᠡᠬᠦ ᠵᠢᠴᠢ ᠳᠤᠮᠳᠠᠬᠢ ᠤᠰᠤ ᠶᠢ ᠠᠰᠢᠭᠯᠠᠬᠤ ᠲᠥᠷᠥᠯ ᠵᠦᠢᠯ᠂ ᠰᠠᠭᠤᠭᠠᠯᠢ ᠠᠷᠠᠳ ᠤᠨ ᠬᠡᠷᠡᠭᠯᠡᠬᠦ ᠤᠰᠤ ᠵᠡᠷᠭᠡ ᠶᠢ ᠭᠤᠤᠯᠳᠠᠯᠭ᠎ᠠ ᠲᠠᠢ ᠰᠤᠷᠪᠤᠯᠵᠢᠯᠠᠵᠤ᠂ ᠬᠠᠮᠢᠶ᠎ᠠ ᠪᠥᠬᠦᠶ ᠠᠵᠢᠯᠲᠠᠨ ᠵᠢᠴᠢ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠲᠠᠢ ᠨᠢᠭᠤᠷᠲᠠᠨ᠂ ᠴᠢᠬ ᠠᠴᠠ ᠴᠢᠬ ᠲᠤ ᠬᠦᠷᠴᠦ ᠪᠠᠶᠢᠳᠠᠯ ᠢ ᠣᠶᠢᠯᠠᠭᠠᠬᠤ ᠬᠡᠷᠡᠭᠲᠡᠶ᠃      ︵ᠭᠤᠷᠪᠠ︶ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠎ᠠ      ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠠᠨᠳᠤᠭᠤᠯᠤᠨ᠂ ᠲᠤᠬᠠᠶ ᠶᠢᠨ ᠲᠠᠯᠠᠪᠤᠷ ᠲᠤ ᠲᠠᠷᠬᠠᠭᠠᠬᠤ᠂ ᠸᠢᠴᠠᠲ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠠᠪᠤᠭᠤᠯᠵᠤ᠂ ᠰᠠᠨᠠᠯ ᠰᠠᠨᠠᠭᠤᠯᠭ᠎ᠠ ᠬᠤᠷᠢᠶᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠨᠢ ᠴᠤᠭᠯᠠᠭᠤᠯᠵᠤ ᠣᠯᠤᠭᠰᠠᠨ ᠠᠰᠠᠭᠤᠯᠲᠠ ᠶᠢᠨ ᠬᠠᠭᠤᠳᠠᠰᠤ ᠶᠢ ᠨᠠᠷᠢᠨ ᠬᠢᠨᠠᠮᠠᠭᠠᠶ ᠵᠠᠳᠠᠯᠤᠨ ᠰᠢᠨᠵᠢᠯᠡᠵᠦ᠂ ᠰᠤᠳᠤᠯᠤᠨ ᠮᠠᠭᠠᠳᠯᠠᠵᠤ᠂ ᠬᠤᠷᠢᠶᠠᠩᠭᠤᠶᠢᠯᠠᠬᠤ ᠬᠡᠷᠡᠭᠲᠡᠶ᠃      ︵ᠲᠦᠷᠪᠡ︶ ᠲᠤᠰᠬᠠᠶ ᠰᠡᠳᠦᠪᠲᠦ ᠵᠥᠪᠯᠡᠯᠭᠡᠨ ᠤ ᠬᠤᠷᠠᠯ ᠢ ᠬᠤᠷᠠᠯᠳᠤᠭᠤᠯᠤᠨ᠎ᠠ      4 ᠰᠠᠷ᠎ᠠ ᠳᠤ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠵᠤ᠂ 4 ᠰᠠᠷ᠎ᠠ ᠠᠴᠠ 5 ᠰᠠᠷ᠎ᠠ ᠪᠣᠯᠲᠠᠯ᠎ᠠ ᠬᠤᠯᠪᠣᠭᠳᠠᠯ ᠪᠦᠬᠦᠢ ᠪᠠᠶᠢᠴᠠᠭᠠᠨ ᠰᠤᠳᠤᠯᠤᠯᠲᠠ ᠬᠢᠵᠦ᠂ 6 ᠰᠠᠷ᠎ᠠ ᠶᠢᠨ ᠡᠬᠢ ᠪᠠᠷ ᠲᠤᠰᠬᠠᠶ ᠰᠡᠳᠦᠪᠲᠦ ᠵᠥᠪᠯᠡᠯᠭᠡᠨ ᠤ ᠬᠤᠷᠠᠯ ᠬᠤᠷᠠᠯᠳᠤᠭᠤᠯᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠦᠬᠦᠢ ᠬᠥᠮᠦᠰ ᠢ ᠤᠷᠢᠵᠤ ᠣᠷᠣᠯᠴᠠᠭᠤᠯᠵᠠᠶ᠃ ᠬᠤᠷᠠᠯ ᠤᠨ ᠳᠠᠷᠠᠭ᠎ᠠ ᠪᠠᠶᠢᠴᠠᠭᠠᠨ ᠰᠤᠳᠤᠯᠤᠯᠲᠠ ᠵᠢᠴᠢ ᠵᠥᠪᠯᠡᠯᠭᠡᠨ ᠤ ᠬᠤᠷᠠᠯ ᠤᠨ ᠪᠠᠶᠢᠳᠠᠯ ᠢ ᠡᠮᠬᠢᠯᠡᠨ ᠬᠤᠷᠢᠶᠠᠩᠭᠤᠶᠢᠯᠠᠵᠤ᠂ 6 ᠰᠠᠷ᠎ᠠ ᠶᠢᠨ 15 ᠤ ᠡᠳᠦᠷ ᠲᠤᠰᠬᠠᠶ ᠰᠡᠳᠦᠪᠲᠦ ᠵᠥᠪᠯᠡᠯᠭᠡᠨ ᠤ ᠮᠡᠳᠡᠭᠦᠯᠦᠯᠲᠡ ᠶᠢ ᠪᠦᠷᠢᠯᠳᠦᠭᠦᠯᠬᠦ ᠶᠢᠨ ᠬᠠᠮᠲᠤ ᠴᠠᠭ ᠲᠤᠬᠠᠶ ᠳᠤᠨᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠤᠯᠤᠰ ᠲᠥᠷᠥ ᠶᠢᠨ ᠵᠥᠪᠯᠡᠯᠭᠡᠨ ᠳᠤ ᠮᠡᠳᠡᠭᠦᠯᠦᠨ ᠬᠦᠷᠭᠡᠬᠦ ᠬᠡᠷᠡᠭᠲᠡᠶ᠃      ᠳᠥᠷᠪᠡ᠂ ᠠᠵᠢᠯ ᠤᠨ ᠱᠠᠭᠠᠷᠳᠠᠯᠭ᠎ᠠ      ︵ᠨᠢᠭᠡ︶ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ      ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠪᠣᠯ ︽ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ︾ ᠢᠶᠠᠷ ᠵᠠᠮᠨᠠᠬᠤ ᠳᠤ ᠪᠠᠶᠢᠪᠠᠰᠤ ᠵᠣᠬᠢᠬᠤ ᠠᠭᠤᠯᠭ᠎ᠠ ᠪᠣᠯᠤᠨ᠎ᠠ᠂ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠶᠡᠭᠡ ᠶᠠᠪᠤᠳᠠᠯ ᠪᠣᠯᠤᠨ᠎ᠠ᠃ ᠬᠢᠨᠠᠯᠲᠠ ᠶᠢᠨ ᠴᠢᠨᠠᠷᠲᠠᠶ ᠵᠥᠪᠯᠡᠯᠭᠡ ᠬᠢᠬᠦ ᠪᠣᠯ ᠤᠢᠢᠷ᠎ᠠ ᠶᠢᠨ ᠵᠢᠯ ᠤᠳ ᠲᠤ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯ ᠤᠨ ᠦᠢᠯᠡᠳᠦᠯ ᠴᠢᠳᠠᠪᠤᠷᠢ ᠶᠢ ᠨᠡᠩ ᠰᠠᠶᠢᠨ ᠪᠠᠳᠠᠷᠠᠭᠤᠯᠬᠤ ᠶᠢᠨ ᠲᠥᠯᠥᠭᠡ ᠬᠢᠭᠰᠡᠨ ᠰᠢᠨ᠎ᠡ ᠰᠦᠪᠡᠭᠴᠢᠯᠡᠯᠳᠡ ᠮᠥᠨ᠂ ᠲᠡᠷᠡ ᠨᠢ ᠪᠠᠰᠠ ᠦᠨᠳᠦᠰᠦᠨ ᠱᠠᠲᠤᠨ ᠤ ᠤᠯᠠᠨ ᠲᠦᠮᠡᠨ ᠳᠤ ᠮᠡᠳᠡᠷᠡᠭᠳᠡᠭᠰᠡᠨ ᠪᠠᠶᠢᠨ᠎ᠠ᠃ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠡᠩ ᠥᠨᠳᠥᠷ ᠵᠣᠭᠰᠣᠴᠠ᠂ ᠨᠡᠩ ᠨᠠᠷᠢᠨ ᠬᠢᠨᠠᠮᠠᠭᠠᠶ ᠣᠪᠣᠷ ᠢᠶᠠᠷ ᠲᠤᠰ ᠤᠳᠠᠭᠠᠨ ᠤ ᠬᠢᠨᠠᠯᠲᠠ ᠶᠢᠨ ᠴᠢᠨᠠᠷᠲᠠᠶ ᠵᠥᠪᠳᠡᠯᠴᠡᠨ ᠪᠠᠶᠢᠴᠠᠭᠠᠨ ᠰᠤᠳᠤᠯᠬᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ ᠵᠥᠪᠳᠡᠯᠴᠡᠨ ᠪᠠᠶᠢᠴᠠᠭᠠᠨ ᠰᠤᠳᠤᠯᠬᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃      ︵ᠬᠤᠶᠠᠷ︶ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠨ᠎ᠠ    ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠴᠠᠭᠠᠨ ᠰᠤᠳᠤᠯᠤᠯᠲᠠ ᠬᠢᠬᠦ ᠠᠴᠠ ᠪᠠᠨ ᠡᠮᠦᠨ᠎ᠡ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠶᠢᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠠᠯ᠎ᠠ ᠪᠠᠷ ᠬᠢ ᠴᠢᠬᠤᠯᠠ ᠶᠠᠷᠢᠶ᠎ᠠ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠨᠢᠭᠡᠳᠬᠡᠬᠦ ᠬᠡᠷᠡᠭᠲᠡᠢ᠃ ᠪᠠᠶᠢᠴᠠᠭᠠᠨ ᠰᠤᠳᠤᠯᠵᠤ ᠵᠥᠪᠳᠡᠯᠴᠡᠬᠦ ᠶᠠᠪᠤᠴᠠ ᠳᠤ᠂ ᠠᠰᠠᠭᠤᠳᠠᠯ ᠢ ᠴᠢᠳᠠᠮᠠᠭᠠᠶ ᠪᠠᠷ ᠢᠯᠡᠷᠡᠭᠦᠯᠵᠦ᠂ ᠬᠠᠮᠢᠶ᠎ᠠ ᠪᠥᠬᠦᠢ ᠠᠰᠠᠭᠤᠳᠠᠯ ᠢ ᠰᠢᠢᠳᠪᠦᠷᠢᠯᠡᠬᠦ ᠶᠢ ᠲᠥᠯᠬᠢᠨ ᠠᠬᠢᠭᠤᠯᠬᠤ ᠶᠢᠨ ᠬᠠᠮᠲᠤ ᠪᠠᠰᠠ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠬᠠᠮᠢᠶ᠎ᠠ ᠪᠥᠬᠦᠢ ᠬᠠᠤᠯᠢ ᠲᠣᠭᠲᠠᠭᠠᠯ ᠲᠥᠷᠥ ᠶᠢᠨ ᠪᠤᠳᠤᠯᠭ᠎ᠠ ᠶᠢ ᠤᠬᠠᠭᠤᠯᠬᠤ ᠶᠢ ᠴᠢᠬᠤᠯᠠᠴᠢᠯᠠᠵᠤ᠂ ᠬᠤᠯᠪᠣᠭᠳᠠᠯ ᠪᠥᠬᠦᠢ ᠰᠠᠯᠠᠭ᠎ᠠ ᠮᠥᠴᠢᠷ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠨᠡᠶᠢᠭᠡᠮ ᠤᠨ ᠡᠯ᠎ᠡ ᠡᠲᠡᠭᠡᠳ ᠲᠤ ᠬᠠᠨᠳᠤᠭᠤᠯᠤᠨ ᠦᠵᠡᠯ ᠰᠠᠨᠠᠭ᠎ᠠ ᠪᠠᠨ ᠨᠢᠭᠡᠳᠬᠡᠬᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃      ︵ᠭᠤᠷᠪᠠ︶ ᠡᠭᠦᠷᠭᠡ ᠬᠠᠷᠢᠭᠤᠴᠠᠯᠭ᠎ᠠ ᠶᠢᠨ ᠡᠭᠦᠷᠭᠡ ᠶᠢ ᠲᠣᠳᠣᠷᠬᠠᠶᠢᠯᠠᠬᠤ ᠬᠡᠷᠡᠭᠲᠡᠶ      ᠤᠯᠤᠰ ᠲᠦᠷᠦ ᠶᠢᠨ ᠵᠥᠪᠯᠡᠯᠭᠡᠨ ᠤ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢ ᠲᠦᠯᠬᠢᠨ ᠠᠬᠢᠭᠤᠯᠵᠤ᠂ ᠪᠣᠳᠠᠲᠠᠶ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠢᠳᠡᠪᠬᠢᠲᠡᠶ ᠪᠠᠷ ᠬᠠᠷᠢᠭᠤᠴᠠᠯᠭ᠎ᠠ ᠪᠠᠨ ᠭᠦᠢᠴᠡᠳᠬᠡᠵᠦ᠂ ᠭᠦᠢᠴᠡᠳ ᠤᠶᠤᠨ ᠴᠢᠳᠠᠯ ᠢᠶᠠᠨ ᠵᠠᠷᠤᠴᠠᠭᠤᠯᠵᠤ᠂ ᠬᠤᠯᠪᠣᠭᠳᠠᠯ ᠪᠦᠬᠦᠢ ᠬᠦᠴᠦᠨ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠡᠯ᠎ᠡ ᠵᠠᠩᠭᠢᠯᠠᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠬᠢᠨᠠᠯᠲᠠ ᠲᠠᠯᠪᠢᠬᠤ ᠪᠡᠶᠡᠴᠢ ᠴᠣᠭᠴᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠢᠨᠠᠯᠲᠠ ᠲᠠᠯᠪᠢᠬᠤ ᠴᠢᠨᠠᠷᠲᠠᠶ ᠪᠠᠶᠢᠴᠠᠭᠠᠨ ᠰᠤᠳᠤᠯᠵᠤ ᠵᠥᠪᠳᠡᠯᠴᠡᠬᠦ ᠠᠵᠢᠯᠯᠠᠭ᠎ᠠ ᠳᠤ ᠢᠳᠡᠪᠬᠢᠲᠡᠶ ᠣᠷᠣᠯᠴᠠᠨ᠂ ᠠᠰᠠᠭᠤᠳᠠᠯ ᠳᠤ ᠰᠢᠭᠤᠳ ᠬᠠᠨᠳᠤᠵᠤ᠂ ᠵᠣᠷᠢᠭᠲᠠᠶ ᠪᠠᠷ ᠬᠢᠨᠠᠯᠲᠠ ᠲᠠᠯᠪᠢᠵᠤ᠂ ᠰᠠᠨᠠᠯ ᠵᠥᠪᠯᠡᠯᠭᠡ ᠳᠤᠷᠠᠳᠬᠤ ᠳᠠᠭᠠᠨ ᠴᠢᠳᠠᠮᠠᠭᠠᠶ ᠪᠠᠶᠢᠬᠤ ᠬᠡᠷᠡᠭᠲᠡᠶ᠃ ᠠᠵᠤ ᠠᠬᠤᠶ ᠶᠢᠨ ᠺᠣᠮᠢᠰ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠨᠡᠪᠲᠡᠷᠡᠯᠴᠡᠨ ᠬᠠᠷᠢᠯᠴᠠᠬᠤ᠂ ᠪᠠᠶᠢᠳᠠᠯ ᠢ ᠬᠤᠷᠢᠶᠠᠩᠭᠤᠶᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃      ︵ᠲᠦᠷᠪᠡ︶ ᠴᠢᠩᠭ᠎ᠠ ᠪᠣᠳᠠᠲᠠᠢ ᠣᠪᠣᠷ ᠰᠤᠷᠲᠠᠯ ᠪᠠ ᠲᠤᠰᠬᠠᠢ ᠮᠡᠷᠭᠡᠵᠢᠯ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠦᠨ᠎ᠡ      ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠦᠵᠡᠯ ᠰᠠᠨᠠᠭ᠎ᠠ ᠣᠪᠣᠷ ᠰᠤᠷᠲᠠᠯ ᠪᠠ ᠠᠵᠢᠯ ᠤᠨ ᠰᠤᠷᠲᠠᠯ ᠢ ᠪᠠᠳᠠᠷᠠᠭᠤᠯᠵᠤ᠂ ᠬᠡᠯᠪᠡᠷᠢ ᠶᠢᠨ ᠦᠵᠡᠯ ᠤᠨ ᠬᠠᠰᠢ ᠶᠠᠰᠢ ᠪᠠᠷ ᠠᠷᠭᠠᠴᠠᠬᠤ ᠶᠢ ᠡᠷᠡᠰ ᠡᠰᠡᠷᠭᠦᠴᠡᠵᠦ᠂ ᠬᠠᠰᠢ ᠶᠠᠰᠢ ᠪᠠᠷ ᠥᠩᠭᠡᠷᠡᠭᠦᠯᠬᠦ ᠠᠴᠠ ᠵᠠᠶᠢᠯᠠᠰᠬᠢᠵᠦ᠂ ᠴᠢᠩᠭ᠎ᠠ ᠪᠣᠳᠠᠲᠠᠶ ᠣᠪᠣᠷ ᠰᠤᠷᠲᠠᠯ ᠪᠠ ᠲᠤᠰᠬᠠᠶ ᠮᠡᠷᠭᠡᠵᠢᠯ ᠤᠨ ᠵᠣᠷᠢᠭ ᠰᠠᠨᠠᠭ᠎ᠠ ᠪᠠᠷ ᠡᠯ᠎ᠡ ᠵᠠᠩᠭᠢᠯᠠᠭ᠎ᠠ ᠶᠢᠨ ᠠᠵᠢᠯ ᠤᠨ ᠶᠠᠰᠤ ᠴᠢᠨᠠᠷ ᠢ ᠦᠨᠡᠨ ᠬᠦ ᠪᠠᠲᠤᠯᠠᠵᠤ᠂ ᠪᠠᠶᠢᠴᠠᠭᠠᠨ ᠰᠤᠳᠤᠯᠤᠯᠲᠠ ᠶᠢᠨ ᠬᠠᠨᠳᠤᠯᠭᠠᠲᠤ ᠴᠢᠨᠠᠷ ᠪᠠ ᠵᠥᠪᠳᠡᠯᠴᠡᠨ ᠰᠠᠨᠠᠯ ᠵᠥᠪᠯᠡᠯᠭᠡ ᠳᠤᠷᠠᠳᠬᠤ ᠶᠢᠨ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃      ︵ᠲᠠᠪᠤ︶ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ      ᠠᠵᠢᠯᠯᠠᠭ᠎ᠠ ᠶᠢᠨ ᠶᠠᠪᠤᠴᠠ ᠳᠤ᠂ ᠤᠯᠤᠰ ᠲᠦᠷᠦ ᠶᠢᠨ ᠵᠥᠪᠯᠡᠯᠭᠡᠨ ᠠᠴᠠ ᠰᠤᠷᠪᠤᠯᠵᠢᠯᠠᠨ ᠪᠠᠶᠢᠴᠠᠭᠠᠨ ᠰᠤᠳᠤᠯᠬᠤ᠂ ᠬᠢᠨᠠᠯᠲᠠ ᠲᠠᠯᠪᠢᠵᠤ ᠵᠥᠪᠳᠡᠯᠴᠡᠭᠰᠡᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠤᠬᠠᠭᠤᠯᠤᠨ ᠮᠡᠳᠡᠭᠡᠯᠡᠵᠦ᠂ ᠪᠦᠬᠦ ᠨᠡᠶᠢᠭᠡᠮ ᠢᠶᠠᠷ ᠢᠶᠠᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠬᠦ ᠶᠢ ᠳᠡᠮᠵᠢᠬᠦ ᠶᠢ ᠬᠠᠮᠲᠤ ᠪᠠᠷ ᠠᠩᠬᠠᠷᠴᠤ ᠪᠠᠶᠢᠭ᠎ᠠ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠨᠡᠶᠢᠭᠡᠮ ᠢᠶᠠᠷ ᠢᠶᠠᠨ ᠤᠰᠤ ᠶᠢ ᠠᠷᠪᠢᠯᠠᠵᠤ ᠬᠡᠷᠡᠭᠯᠡᠬᠦ ᠂ ᠤᠰᠤ ᠶᠢ ᠥᠨᠳᠥᠷ ᠪᠦᠲᠦᠮᠵᠢᠲᠡᠶ ᠪᠠᠷ ᠬᠡᠷᠡᠭᠯᠡᠬᠦ ᠬᠠᠮᠲᠤ ᠶᠢᠨ ᠲᠠᠨᠢᠯᠲᠠ ᠲᠠᠢ ᠪᠣᠯᠬᠤ ᠶᠢ ᠲᠦᠯᠬᠢᠨ ᠠᠬᠢᠭᠤᠯᠬᠤ ᠬᠡᠷᠡᠭᠲᠡᠶ᠃ ᠠᠵᠢᠯᠯᠠᠭᠠᠨ ᠤ ᠶᠠᠪᠤᠴᠠ ᠳᠤ ᠪᠦᠷᠢᠯᠳᠦᠭᠰᠡᠨ ᠦᠰᠦᠭ ᠪᠢᠴᠢᠭ ᠪᠠ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠬᠠᠳᠠᠭᠠᠯᠠᠬᠤ ᠶᠢ ᠠᠩᠬᠠᠷᠴᠤ᠂ ᠤᠷᠳᠤ ᠰᠢᠭ᠋ ᠬᠤᠭᠤᠴᠠᠭᠠᠨ ᠤ ᠪᠠ ᠤᠷᠳᠤ ᠬᠤᠭᠤᠴᠠᠭᠠᠨ ᠤ ᠰᠤᠳᠤᠯᠭᠠᠨ ᠤ ᠰᠡᠳᠦᠪ ᠤᠨ ᠬᠤᠷᠠᠮᠳᠤᠭᠤᠯᠤᠯ ᠢ ᠨᠡᠮᠡᠭᠳᠡᠭᠦᠯᠬᠦ ᠬᠡᠷᠡᠭᠲᠡᠶ᠃      ︵ᠵᠢᠷᠭᠤᠭ᠎ᠠ︶ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ      ᠪᠠᠶᠢᠴᠠᠭᠠᠨ ᠰᠤᠳᠤᠯᠬᠤ ᠳᠤᠭᠤᠶᠢᠯᠠᠩ ᠨᠢ ᠲᠥᠪ ᠬᠤᠷᠢᠶ᠎ᠠ ᠶᠢᠨ ᠨᠠᠢᠮᠠᠨ ᠵᠦᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠢᠵᠢ ᠪᠥᠷᠢᠳᠦᠭᠦᠯᠬᠦ ᠲᠣᠭᠲᠠᠭᠠᠯ ᠢ ᠵᠢᠷᠤᠮᠯᠠᠨ᠂ ᠲᠡᠷᠭᠡ ᠬᠥᠰᠬᠡ ᠪᠠᠨ ᠴᠥᠭᠡᠳᠬᠡᠵᠦ᠂ ᠠᠵᠢᠯᠲᠠᠨ ᠤ ᠬᠡᠪᠴᠢᠶ᠎ᠡ ᠶᠢ ᠬᠢᠵᠠᠭᠠᠷᠯᠠᠨ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠶᠢᠨ ᠬᠠᠮᠲᠤ᠂ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃      ᠳᠠᠭᠠᠯᠳᠤᠭᠤᠯᠤᠯ᠄ 1.      ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠲᠤᠰᠬᠠᠶ ᠰᠡᠳᠦᠪᠲᠦ ᠬᠢᠨᠠᠯᠲᠠ ᠲᠠᠯᠪᠢᠬᠤ ᠴᠢᠨᠠᠷᠲᠠᠶ ᠵᠥᠪᠳᠡᠯᠴᠡᠬᠦ ᠠᠵᠢᠯ ᠤᠨ ᠪᠠᠶᠢᠴᠠᠭᠠᠨ ᠰᠤᠳᠤᠯᠬᠤ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠶᠠᠩ ᠵᠧᠨ ᠳ᠋ᠦᠩ  ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ  ᠲᠡᠷᠢᠭᠦᠯᠡᠭᠴᠢ      ᠳᠡᠳ᠋ ᠳᠤᠭᠤᠶᠢᠯᠠᠩ ᠤᠨ ᠳᠠᠷᠤᠭ᠎ᠠ᠄ ᠯᠢ ᠵᠢᠶᠦ᠋ᠨ  ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ  ᠳᠡᠳ᠋ ᠲᠡᠷᠢᠭᠦᠯᠡᠭᠴᠢ      ᠪᠦᠷᠢᠯᠳᠦᠬᠦᠨ᠄ ᠡᠦ ᠯᠦᠩ  ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂  ᠤᠯᠤᠰ ᠲᠥᠷᠥ ᠶᠢᠨ ᠵᠥᠪᠯᠡᠯᠭᠡᠨ ᠤ ᠠᠵᠤ ᠠᠬᠤᠶ ᠶᠢᠨ ᠺᠣᠮᠢᠰ ᠤᠨ ᠡᠷᠬᠢᠯᠡᠭᠴᠢ      ᠵᠠᠩ ᡁᠢ ᠬᠤᠸᠠ  ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠵᠤ ᠠᠬᠤᠶ ᠶᠢᠨ ᠵᠥᠪᠯᠡᠯ ᠤᠨ ᠳᠡᠳ᠋ ᠡᠷᠬᠢᠯᠡᠭᠴᠢ      ᠸᠠᠩ ᠯᠢ ᠶᠦᠨ  ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ  ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ      ᠭᠦᠸᠧ ᠶᠦᠩ ᠱᠧᠩ  ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ  ᠰᠢᠶᠠᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ      ᠵᠤᠤ ᠵᠢᠶᠦ᠋ᠨ  ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠠᠷᠤᠭ᠎ᠠ       ᠯᠢᠦ ᠬᠠᠶ ᠢᠦᠶ  ᠰᠢᠶᠠᠨ ᠤ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ      ᠵᠢᠩ ᡁᠢ ᠰᠢᠩ  ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ      ᠰᠦᠨ ᠵᠢᠶᠠᠩ  ᠰᠢᠶᠠᠨ ᠤ ᠤᠢ ᠰᠢᠭᠤᠶ ᠡᠪᠡᠰᠦ ᠪᠡᠯᠴᠢᠭᠡᠷ ᠤᠨ ᠲᠣᠪᠴᠢᠶᠠᠨ ᠤ ᠳᠠᠷᠤᠭ᠎ᠠ      ᠵᠦ ᠬᠠᠶ ᠯᠦᠩ  ᠰᠢᠶᠠᠨ ᠤ ᠠᠮᠢ ᠠᠬᠤᠶ ᠶᠢᠨ ᠣᠷᠴᠢᠨ ᠨᠥᠬᠦᠴᠡᠯ ᠤᠨ ᠬᠤᠪᠢᠶᠠᠷᠢ ᠲᠣᠪᠴᠢᠶᠠᠨ ᠤ ᠳᠠᠷᠤᠭ᠎ᠠ      ᠤᠯᠤᠰ ᠲᠦᠷᠦ ᠶᠢᠨ ᠵᠥᠪᠯᠡᠯᠭᠡᠨ ᠤ ᠬᠡᠰᠡᠭ ᠭᠡᠰᠢᠭᠦᠨ      ᠳᠠᠭᠠᠯᠳᠤᠭᠤᠯᠤᠯ 2      ᠪᠠᠶᠢᠴᠠᠭᠠᠨ ᠰᠤᠳᠤᠯᠤᠯᠲᠠ ᠳᠤ ᠬᠢᠨᠠᠯᠲᠠ ᠲᠠᠯᠪᠢᠬᠤ ᠲᠣᠳᠣᠷᠬᠠᠶ ᠬᠠᠭᠤᠳᠠᠰᠤ      ᠤᠯᠤᠰ ᠲᠥᠷᠥ ᠶᠢᠨ ᠵᠥᠪᠯᠡᠯᠭᠡᠨ ᠠᠴᠠ ᠬᠢᠨᠠᠯᠲᠠ ᠲᠠᠯᠪᠢᠬᠤ ᠴᠢᠨᠠᠷᠲᠠᠶ ᠵᠥᠪᠳᠡᠯᠴᠡᠨ ᠪᠠᠶᠢᠴᠠᠭᠠᠨ ᠰᠤᠳᠤᠯᠤᠯᠲᠠ ᠬᠢᠬᠦ ᠶᠢ ᠵᠣᠬᠢᠶᠠᠨ ᠪᠠᠶᠢᠭᠤᠯᠵᠤ ᠥᠷᠨᠢᠭᠦᠯᠬᠦ ᠠᠴᠠ ᠡᠮᠦᠨ᠎ᠡ ᠡᠩ ᠲᠡᠷᠢᠭᠦᠨ ᠳᠤ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢᠨ ᠠᠭᠤᠯᠤᠭᠳᠠᠬᠤᠨ ᠢ ᠲᠣᠳᠣᠷᠬᠠᠶ ᠲᠠᠨᠢᠬᠤ ᠬᠡᠷᠡᠭᠲᠡᠶ᠄ ︽ᠠᠷᠪᠢᠯᠠᠬᠤ︾ ᠭᠡᠳᠡᠭ ᠨᠢ ᠳᠠᠷᠤᠶ ᠬᠡᠷᠡᠭᠯᠡᠬᠦ ᠬᠡᠮᠵᠢᠶ᠎ᠡ ᠶᠢ ᠪᠠᠭᠠᠰᠬᠠᠵᠤ᠂ ︽ᠲᠤᠭ᠎ᠠ︾ ᠶᠢᠨ ᠲᠠᠯ᠎ᠠ ᠪᠠᠷ ᠪᠦᠲᠦᠮᠵᠢᠲᠡᠶ ᠬᠠᠮᠢᠶᠠᠷᠤᠨ ᠡᠵᠡᠮᠳᠡᠬᠦ ᠶᠢ ᠴᠢᠬᠤᠯᠠᠴᠢᠯᠠᠨ᠎ᠠ︔ ︽ᠡᠷᠴᠢᠮᠵᠢᠭᠦᠯᠬᠦ︾ ᠭᠡᠳᠡᠭ ᠨᠢ ᠳᠠᠷᠤᠶ ᠦᠷ᠎ᠡ ᠠᠰᠢᠭ ᠢ ᠳᠡᠭᠡᠭᠰᠢᠯᠡᠭᠦᠯᠵᠦ᠂ ︽ᠶᠠᠰᠤ ᠴᠢᠨᠠᠷ︾ ᠤᠨ ᠲᠠᠯ᠎ᠠ ᠪᠠᠷ ᠨᠠᠷᠢᠯᠢᠭ ᠣᠨᠣᠴᠠᠲᠠᠶ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠳᠣᠪᠤᠶᠢᠯᠭᠠᠬᠤ ᠶᠠᠪᠤᠳᠠᠯ ᠪᠣᠯᠤᠨ᠎ᠠ᠃ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠪᠠᠷ ᠳᠠᠮᠵᠢᠭᠤᠯᠤᠨ ᠬᠢᠵᠠᠭᠠᠷ ᠲᠠᠢ ᠤᠰᠤᠨ ᠤ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠣᠯᠠᠨ ᠤᠰᠤᠨ ᠤ ᠡᠬᠢ ᠪᠠᠶᠠᠯᠢᠭ ᠤᠨ ᠲᠤᠯᠭᠠᠭᠤᠷᠢᠯᠠᠯ ᠬᠠᠩᠭᠠᠨ᠎ᠠ᠃ ᠬᠢᠨᠠᠯᠲᠠ ᠶᠢᠨ ᠴᠢᠨᠠᠷᠲᠠᠶ ᠵᠥᠪᠯᠡᠬᠦ ᠠᠵᠢᠯ ᠢ ᠨᠡᠩ ᠰᠠᠶᠢᠲᠤᠷ ᠥᠷᠨᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠬᠦᠴᠦᠨ ᠢ ᠪᠦᠲᠦᠮᠵᠢᠲᠡᠶ ᠪᠠᠷ ᠨᠢᠭᠡᠳᠦᠯᠲᠡᠶ ᠲᠥᠯᠥᠪᠯᠡᠬᠦ ᠶᠢᠨ ᠲᠥᠯᠥᠭᠡ᠂ ᠳᠣᠣᠷᠠᠬᠢ ᠮᠡᠲᠦ ᠬᠢᠨᠠᠯᠲᠠ ᠶᠢᠨ ᠴᠢᠨᠠᠷᠲᠠᠶ ᠵᠥᠪᠯᠡᠬᠦ ᠪᠠᠶᠢᠴᠠᠭᠠᠨ ᠰᠤᠳᠤᠯᠤᠯᠲᠠ ᠶᠢᠨ ᠲᠣᠳᠣᠷᠬᠠᠶ ᠬᠠᠭᠤᠳᠠᠰᠤ ᠶᠢ ᠣᠨᠴᠠᠭᠠᠶᠢᠯᠠᠨ ᠳᠤᠷᠠᠳᠴᠤ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠳᠤ ᠯᠠᠪᠯᠠᠯᠲᠠ ᠪᠣᠯᠭᠠᠬᠤ ᠳᠤ ᠵᠣᠷᠢᠭᠤᠯᠪᠠ᠃      ᠨᠢᠭᠡ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ      1. ᠮᠠᠨ ᠤ ᠰᠢᠶᠠᠨ ᠤ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢ ᠬᠠᠮᠢᠶᠠᠷᠤᠨ ᠡᠵᠡᠮᠳᠡᠬᠦ ᠭᠦᠢᠴᠡᠳᠭᠡᠯ ᠲᠤᠭ᠎ᠠ ᠶᠢ ᠲᠣᠳᠣᠷᠬᠠᠶ ᠮᠡᠳᠡᠬᠦ ᠡᠰᠡᠬᠦ᠂ ᠬᠠᠮᠢᠶᠠᠷᠤᠨ ᠡᠵᠡᠮᠳᠡᠬᠦ  ᠭᠦᠢᠴᠡᠳᠭᠡᠯ ᠲᠤᠭ᠎ᠠ ᠶᠢ ᠨᠠᠷᠢᠯᠢᠬᠵᠢᠭᠤᠯᠤᠨ ᠵᠠᠳᠠᠯᠬᠤ ᠠᠵᠢᠯ ᠢ ᠬᠡᠷᠬᠢᠨ ᠥᠷᠨᠢᠭᠦᠯᠵᠦ ᠪᠠᠶᠢᠬᠤ ᠶᠢ ᠲᠣᠳᠣᠷᠬᠠᠶ ᠮᠡᠳᠡᠬᠦ ᠡᠰᠡᠬᠦ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠪᠠ ᠭᠠᠵᠠᠷ ᠳᠣᠤᠷᠠᠬᠢ ᠤᠰᠤᠨ ᠤ ᠬᠡᠷᠡᠭᠯᠡᠬᠦ ᠤᠰᠤᠨ ᠤ ᠬᠡᠮᠵᠢᠶ᠎ᠡ ᠶᠢᠨ  ᠭᠦᠢᠴᠡᠳᠭᠡᠯ ᠲᠤᠭ᠎ᠠ ᠶᠢ ᠲᠣᠰᠬᠤᠨ ᠪᠠ ᠬᠤᠲᠠ ᠬᠥᠳᠡᠭᠡ ᠶᠢᠨ ᠠᠮᠢᠳᠤᠷᠠᠯ᠂ ᠠᠵᠤ  ᠦᠢᠯᠡᠳᠪᠦᠷᠢ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠵᠡᠷᠭᠡ ᠠᠵᠢᠯ ᠲᠥᠷᠥᠯ ᠳᠤ ᠨᠠᠷᠢᠯᠢᠬᠵᠢᠭᠤᠯᠤᠨ ᠵᠠᠳᠠᠯᠤᠭᠰᠠᠨ ᠡᠰᠡᠬᠦ᠂ ᠡᠭᠦᠨ ᠳᠤ ᠲᠠᠷᠢᠶᠠᠯᠠᠩ ᠤᠨ ᠤᠰᠤᠯᠠᠯᠲᠠ ᠶᠢᠨ ᠭᠠᠵᠠᠷ ᠳᠣᠤᠷᠠᠬᠢ ᠤᠰᠤᠨ ᠤ ᠬᠡᠷᠡᠭᠯᠡᠬᠦ ᠤᠰᠤᠨ ᠤ  ᠭᠦᠢᠴᠡᠳᠭᠡᠯ ᠲᠤᠭ᠎ᠠ ᠶᠢ ᠡᠷᠦᠬᠡ᠂ ᠬᠤᠳᠳᠤᠭ ᠪᠤᠶᠤ ᠬᠡᠰᠡᠭ ᠭᠠᠵᠠᠷ ᠲᠤ ᠨᠠᠷᠢᠯᠢᠬᠵᠢᠭᠤᠯᠤᠨ᠂ ᠤᠰᠤ ᠶᠢ ᠡᠷᠦᠬᠡ ᠳᠤ ᠬᠤᠪᠢᠶᠠᠷᠢᠯᠠᠨ᠂ ᠭᠠᠵᠠᠷ ᠳᠣᠤᠷᠠᠬᠢ ᠤᠰᠤ ᠶᠢ ᠨᠠᠷᠢᠯᠢᠬᠵᠢᠭᠤᠯᠤᠨ ᠬᠠᠮᠢᠶᠠᠷᠤᠨ ᠡᠵᠡᠮᠳᠡᠬᠦ ᠶᠢ ᠳᠥᠯᠭᠢᠨ ᠠᠬᠢᠭᠤᠯᠤᠭᠰᠠᠨ ᠪᠠᠶᠢᠳᠠᠯ︔    2. ᠤᠰᠤ ᠲᠠᠲᠠᠵᠤ ᠬᠡᠷᠡᠭᠯᠡᠬᠦ ᠶᠢ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠭᠰᠠᠨ ᠡᠰᠡᠬᠦ᠂ ᠢᠯᠠᠩᠭᠤᠶ᠎ᠠ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤ ᠶᠢ ᠨᠢᠭᠡᠨᠲᠡ ︽ᠴᠠᠬᠢᠯᠭᠠᠨ ᠢᠶᠠᠷ ᠤᠰᠤ ᠶᠢ ᠨᠤᠭᠤᠯᠬᠤ︾ ᠵᠡᠷᠭᠡ ᠠᠷᠭ᠎ᠠ ᠮᠠᠶ᠋ᠢᠭ ᠢᠶᠠᠷ ᠪᠦᠬᠦᠨ ᠢ ᠬᠠᠮᠤᠷᠬᠤ ᠶᠢ ᠪᠡᠶᠡᠯᠡᠭᠦᠯᠦᠭᠰᠡᠨ ᠡᠰᠡᠬᠦ᠂ ᠬᠢᠨᠠᠨ ᠬᠡᠮᠵᠢᠵᠦ ᠣᠯᠤᠭᠰᠠᠨ ᠤᠰᠤ ᠬᠡᠷᠡᠭᠯᠡᠬᠦ ᠲᠤᠭ᠎ᠠ ᠪᠠᠷᠢᠮᠲᠠ ᠶᠢ ᠬᠡᠷᠬᠢᠨ ᠬᠡᠷᠡᠭᠯᠡᠭᠰᠡᠨ᠂ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠲᠤᠯᠭᠠᠭᠤᠷᠢᠯᠠᠵᠤ ᠳᠡᠶᠢᠯᠬᠦ ᠡᠰᠡᠬᠦ︔    3. ᠤᠰᠤ ᠲᠠᠲᠠᠵᠤ ᠬᠡᠷᠡᠭᠯᠡᠬᠦ ᠰᠠᠭᠤᠷᠢ ᠪᠡᠯᠡᠳᠬᠡᠮᠵᠢ ᠨᠢ ᠪᠦᠷᠢᠨ ᠲᠡᠭᠦᠯᠳᠡᠷ ᠪᠠᠶᠢᠬᠤ ᠡᠰᠡᠬᠦ᠂ ᠲᠠᠷᠢᠶᠠᠯᠠᠩ ᠤᠨ ᠰᠤᠪᠠᠭ ᠤᠨ ᠰᠢᠰᠲ᠋ᠧᠮ ᠢᠯᠠᠩᠭᠤᠶ᠎ᠠ ᠲᠤᠮᠤ ᠬᠡᠯᠪᠡᠷᠢ ᠶᠢᠨ ᠤᠰᠤᠯᠠᠯᠲᠠ ᠶᠢᠨ ᠣᠷᠣᠨ ᠤ ᠰᠤᠪᠠᠭ ᠤᠨ ᠰᠢᠰᠲ᠋ᠧᠮ ᠤᠨ ᠪᠡᠯᠡᠳᠬᠡᠮᠵᠢ ᠵᠢᠨ‌ᠣᠷᠣᠭᠤᠯᠤᠯᠲᠠ ᠪᠣᠯᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠨᠢ ᠬᠠᠷᠢᠭᠤᠴᠠᠯᠭ᠎ᠠ ᠨᠢ ᠲᠣᠳᠣᠷᠬᠠᠶ ᠪᠠᠶᠢᠬᠤ ᠡᠰᠡᠬᠦ᠂ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠤᠭᠰᠠᠨ ᠡᠰᠡᠬᠦ ᡾    4. ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠪᠤᠶᠤ ᠭᠠᠵᠠᠷ ᠳᠣᠤᠷᠠᠬᠢ ᠤᠰᠤᠨ ᠤ ᠬᠡᠷᠡᠭᠯᠡᠬᠦ ᠤᠰᠤᠨ ᠤ ᠬᠡᠮᠵᠢᠶ᠎ᠡ ᠶᠢ ᠬᠢᠵᠠᠭᠠᠷᠯᠠᠬᠤ ᠭᠦᠢᠴᠡᠳᠭᠡᠯ ᠲᠤᠭ᠎ᠠ ᠠᠴᠠ ᠨᠢᠭᠡᠨᠲᠡ ᠬᠡᠲᠦᠷᠡᠭᠰᠡᠨ ᠣᠷᠣᠨ ᠪᠦᠰᠡ ᠳᠤ ᠳᠠᠷᠤᠵᠤ ᠮᠠᠯᠲᠠᠬᠤ ᠠᠵᠢᠯ ᠢ ᠬᠡᠷᠬᠢᠨ ᠥᠷᠨᠢᠭᠦᠯᠦᠭᠰᠡᠨ᠂ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ᠂ ᠳᠠᠷᠤᠵᠤ ᠮᠠᠯᠲᠠᠭᠰᠠᠨ ᠦᠷ᠎ᠡ ᠪᠦᠲᠦᠮᠵᠢ ᠨᠢ ᠬᠢᠷᠢ ᠵᠡᠷᠭᠡ ᠪᠠᠶᠢᠬᠤ︔    5. ᠤᠰᠤ ᠬᠡᠷᠡᠭᠯᠡᠬᠦ ᠪᠦᠲᠦᠴᠡ ᠪᠠ ᠤᠰᠤ ᠬᠡᠷᠡᠭᠯᠡᠬᠦ ᠠᠰᠢᠭᠯᠠᠮᠵᠢ ︵ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠠᠰᠢᠭᠯᠠᠯᠲᠠ ᠶᠢᠨ ᠢᠯᠡᠳᠬᠡᠮᠵᠢ︶ ᠶᠢ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠲᠠᠢ ᠬᠠᠷᠢᠴᠠᠭᠤᠯᠪᠠᠯ ᠶᠠᠮᠠᠷ ᠲᠠᠰ ᠳᠠᠪᠬᠤᠷᠭ᠎ᠠ ᠳᠤ ᠣᠷᠣᠰᠢᠵᠤ ᠪᠠᠶᠢᠬᠤ᠂ ᠤᠰᠤ ᠬᠡᠷᠡᠭᠯᠡᠬᠦ ᠪᠦᠲᠦᠴᠡ ᠳᠤ ᠲᠣᠬᠢᠷᠠᠭᠤᠯᠤᠯᠲᠠ ᠬᠢᠬᠦ ᠶᠢ ᠪᠣᠳᠣᠯᠬᠢᠯᠠᠵᠤ ᠥᠩᠭᠡᠷᠡᠭᠰᠡᠨ ᠡᠰᠡᠬᠦ᠂ ᠠᠯᠢ ᠠᠯᠢ ᠲᠠᠯ᠎ᠠ ᠪᠠᠷ ᠤᠰᠤ ᠬᠡᠷᠡᠭᠯᠡᠬᠦ ᠠᠰᠢᠭᠯᠠᠮᠵᠢ ᠶᠢ ᠳᠡᠭᠡᠭᠰᠢᠯᠡᠭᠦᠯᠬᠦ ᠪᠠᠷ ᠪᠡᠯᠡᠳᠬᠡᠵᠦ ᠪᠠᠶᠢᠬᠤ︔      6. ︽ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠱᠠᠭᠠᠷᠳᠠᠯᠭ᠎ᠠ ᠶᠢ ᠬᠡᠷᠬᠢᠨ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠬᠢᠨᠠᠨ ᠰᠢᠯᠭᠠᠬᠤ ᠲᠦᠷᠢᠮ ᠢ ᠲᠣᠭᠲᠠᠭᠠᠭᠰᠠᠨ᠂ ᠬᠢᠨᠠᠨ ᠰᠢᠯᠭᠠᠭᠰᠠᠨ ᠦᠷ᠎ᠡ ᠳ᠋ᠦᠩ ᠢ ᠬᠡᠷᠬᠢᠨ ᠬᠡᠷᠡᠭᠯᠡᠭᠰᠡᠨ︔      7. ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠣᠷᠳᠣ ᠬᠤᠭᠤᠴᠠᠭᠠᠨ ᠤ ᠪᠦᠲᠦᠮᠵᠢᠲᠡᠶ᠂ ᠲᠣᠭᠲᠠᠪᠤᠷᠢᠲᠠᠶ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠭᠰᠠᠨ ᠡᠰᠡᠬᠦ︔      8. ᠣᠶᠢᠷ᠎ᠠ ᠶᠢᠨ ᠵᠢᠯ ᠤᠳ ᠲᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠶᠢ ᠠᠷᠪᠢᠯᠠᠵᠤ ᠬᠡᠷᠡᠭᠯᠡᠬᠦ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠲᠦᠷᠢᠮ︾ ︽ᠥᠪᠡᠷᠲᠡᠭᠡᠨ ᠵᠠᠰᠠᠬᠤ ᠣᠷᠣᠨ ᠤ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠲᠦᠷᠢᠮ︾ ︽ᠤᠯᠠᠭᠠᠨᠴᠠᠪ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠠᠯᠢ ᠣᠯᠠᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ︔      9. ᠡᠯ᠎ᠡ ᠤᠰᠤᠨ ᠤ ᠰᠦᠶ᠋ᠳᠬᠡᠯ ᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠲᠠᠲᠠᠪᠤᠷᠢᠯᠠᠵᠤ ᠳᠡᠶᠢᠯᠬᠦ ᠡᠰᠡᠬᠦ᠂ ᠭᠦᠢᠴᠡᠳ ᠲᠤᠭ᠎ᠠ ᠪᠠᠷ ᠲᠠᠲᠠᠪᠤᠷᠢᠯᠠᠵᠤ ᠳᠡᠶᠢᠯᠬᠦ ᠥᠬᠡᠶ ᠶᠢᠨ ᠰᠢᠯᠲᠠᠭᠠᠨ ᠨᠢ ᠶᠠᠭᠤ ᠪᠣᠶ᠃      10. ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠪᠠᠶᠢᠳᠠᠯ᠂ ᠤᠰᠤᠨ ᠤ ᠡᠷᠬᠡ ᠶᠢ ᠤᠰᠤ ᠬᠡᠷᠡᠭᠯᠡᠬᠦ ᠡᠷᠦᠬᠡ ᠳᠤ ᠬᠤᠪᠢᠶᠠᠵᠤ ᠥᠭᠭᠦᠭᠰᠡᠨ ᠡᠰᠡᠬᠦ᠂ ᠱᠠᠭᠠᠷᠳᠠᠯᠭ᠎ᠠ ᠶᠣᠰᠣᠭᠠᠷ ᠤᠭᠰᠠᠷᠠᠵᠤ ᠬᠡᠮᠵᠢᠭᠡᠳ ᠬᠡᠷᠡᠭᠵᠢᠭᠦᠯᠦᠭᠰᠡᠨ ᠡᠰᠡᠬᠦ᠃      11. ᠣᠯᠠᠨ ᠨᠡᠶᠢᠲᠡ ᠶᠢᠨ ᠬᠤᠭᠤᠯᠠᠶ ᠶᠢᠨ ᠲᠣᠤᠷ ᠤᠨ ᠭᠤᠭᠤᠵᠢᠭᠰᠠᠨ ᠬᠤᠬᠢᠷᠠᠯ ᠤᠨ ᠨᠣᠷᠮ᠎ᠠ ᠨᠢ ︽ᠬᠤᠲᠠ ᠪᠠᠯᠭᠠᠰᠤ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠭᠤᠭᠤᠵᠢᠭᠰᠠᠨ ᠬᠤᠬᠢᠷᠠᠯ ᠢ ᠡᠵᠡᠮᠳᠡᠬᠦ ᠵᠢᠴᠢ ᠦᠨᠡᠯᠡᠨ ᠲᠣᠭᠲᠠᠭᠠᠬᠤ ᠪᠠᠷᠢᠮᠵᠢᠶ᠎ᠠ︾ ᠶᠢᠨ GJJ92 ᠲᠣᠭᠲᠠᠭᠠᠯ ᠤᠨ ᠲᠣᠭᠠᠴᠠᠭ᠎ᠠ ᠬᠢᠭᠰᠡᠨ ᠤ ᠳᠠᠷᠠᠭᠠᠬᠢ ᠭᠤᠭᠤᠵᠢᠭᠰᠠᠨ ᠬᠤᠬᠢᠷᠠᠯ ᠤᠨ ᠨᠣᠷᠮ᠎ᠠ ᠶᠢᠨ 109% ᠶᠢᠨ ᠱᠠᠭᠠᠷᠳᠠᠯᠭ᠎ᠠ ᠳᠤ ᠬᠦᠷᠦᠭᠰᠡᠨ ᠡᠰᠡᠬᠦ᠃      12. ᠰᠠᠭᠤᠭᠠᠯᠢ ᠠᠷᠠᠳ ᠤᠨ ᠬᠡᠷ ᠪᠦᠯᠢ ᠶᠢᠨ ᠨᠢᠭᠡ ᠡᠷᠦᠬᠡ ᠳᠤ ᠨᠢᠭᠡ ᠥᠯᠢᠭᠡᠷ ᠳᠠᠭᠤᠷᠢᠶᠠᠯ ︵ᠲᠦᠭᠡᠭᠡᠯ ᠤᠰᠤᠨ ᠤ ᠬᠡᠮᠵᠢᠭᠦᠷ︶ ᠨᠢ 90% ᠶᠢᠨ ᠱᠠᠭᠠᠷᠳᠠᠯᠭ᠎ᠠ ᠳᠤ ᠬᠦᠷᠦᠭᠰᠡᠨ ᠡᠰᠡᠬᠦ᠃      ᠬᠤᠶᠠᠷ᠂ ᠰᠠᠭᠤᠷᠢ ᠲᠤᠭ᠎ᠠ ᠪᠠᠷᠢᠮᠲᠠ ᠶᠢ ᠪᠦᠷᠢᠳᠬᠡᠨ ᠵᠠᠳᠠᠯᠬᠤ ᠶᠢ ᠰᠠᠶᠢᠲᠤᠷ ᠬᠢᠬᠦ ᠬᠡᠷᠡᠭᠲᠡᠶ      1. ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢ ᠬᠠᠮᠢᠶᠠᠷᠤᠨ ᠡᠵᠡᠮᠳᠡᠬᠦ  ᠭᠦᠢᠴᠡᠳᠭᠡᠯ ᠲᠤᠭ᠎ᠠ ᠵᠢᠴᠢ ᠬᠠᠮᠢᠶᠠᠷᠤᠨ ᠡᠵᠡᠮᠳᠡᠬᠦ ᠭᠦᠢᠴᠡᠳᠭᠡᠯ ᠲᠤᠭ᠎ᠠ ᠶᠢ ᠨᠠᠷᠢᠯᠢᠬᠵᠢᠭᠤᠯᠤᠨ ᠵᠠᠳᠠᠯᠤᠭᠰᠠᠨ ᠪᠠᠶᠢᠳᠠᠯ︔      2.ᠤᠢᠢᠷ᠎ᠠ ᠶᠢᠨ ᠠᠷᠪᠠᠨ ᠵᠢᠯ ᠤᠨ ᠲᠤᠷᠰᠢ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠵᠢᠴᠢ ᠲᠠᠷᠢᠶᠠᠯᠠᠩ᠂ ᠠᠵᠤ ᠦᠢᠯᠡᠳᠪᠦᠷᠢ᠂ ᠠᠮᠢ ᠠᠬᠤᠶ᠂ ᠠᠮᠢᠳᠤᠷᠠᠯ ᠳᠤ ᠬᠡᠷᠡᠭᠯᠡᠬᠦ  ᠤᠰᠤᠨ ᠤ ᠲᠣᠭᠠᠨ ᠤ ᠡᠵᠡᠯᠡᠬᠦ ᠬᠠᠷᠢᠴᠠᠯ ᠤᠨ ᠬᠤᠪᠢᠷᠠᠯᠲᠠ ᠶᠢᠨ ᠪᠠᠶᠢᠳᠠᠯ︔      3.ᠤᠢᠢᠷ᠎ᠠ ᠶᠢᠨ ᠠᠷᠪᠠᠨ ᠵᠢᠯ ᠤᠨ ᠲᠤᠷᠰᠢᠬᠢ ᠲᠠᠷᠢᠶᠠᠯᠠᠩ ᠤᠨ ᠤᠰᠤᠯᠠᠯᠲᠠ ᠶᠢᠨ ᠲᠠᠯᠠᠪᠠᠢ ᠪᠠ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢᠨ ᠨᠡᠮᠡᠭᠳᠡᠵᠦ ᠬᠠᠰᠤᠭᠳᠠᠭᠰᠠᠨ ᠪᠠᠶᠢᠳᠠᠯ︔ ᠲᠠᠷᠢᠶᠠᠯᠠᠩ ᠤᠨ ᠤᠰᠤᠯᠠᠯᠲᠠ ᠶᠢᠨ ᠲᠠᠯᠠᠪᠠᠢ ᠶᠢᠨ ᠲᠠᠷᠢᠶᠠᠨ ᠭᠠᠵᠠᠷ ᠤᠨ ᠲᠠᠯᠠᠪᠠᠢ ᠳᠠᠬᠢ ᠡᠵᠡᠯᠡᠬᠦ ᠬᠠᠷᠢᠴᠠᠯ ᠤᠨ ᠬᠤᠪᠢᠷᠠᠯᠲᠠ ᠶᠢᠨ ᠪᠠᠶᠢᠳᠠᠯ︔ ᠲᠠᠷᠢᠶᠠᠯᠠᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠢ ᠨᠤᠲᠠᠯᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ︔      4.ᠤᠢᠢᠷ᠎ᠠ ᠶᠢᠨ ᠠᠷᠪᠠᠨ ᠵᠢᠯ ᠤᠨ ᠲᠤᠷᠰᠢᠬᠢ ᠭᠠᠵᠠᠷ ᠳᠣᠣᠷᠠᠬᠢ ᠤᠰᠤᠨ ᠲᠦᠪᠰᠢᠨ ᠤ ᠬᠤᠪᠢᠷᠠᠯᠲᠠ ᠶᠢᠨ ᠪᠠᠶᠢᠳᠠᠯ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢᠨ ᠬᠤᠪᠢᠷᠠᠯᠲᠠ ᠶᠢᠨ ᠪᠠᠶᠢᠳᠠᠯ︔      5. ᠣᠶᠢᠷ᠎ᠠ ᠶᠢᠨ ᠠᠷᠪᠠᠨ ᠵᠢᠯ ᠤᠨ ᠲᠤᠷᠰᠢ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ ᠵᠢᠴᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠭᠰᠠᠨ ᠪᠠᠶᠢᠳᠠᠯ︔      6. ᠤᠰᠤ ᠠᠷᠪᠢᠯᠠᠬᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠢᠴᠢ ᠤᠰᠤ ᠠᠷᠪᠢᠯᠠᠬᠤ ᠮᠡᠷᠭᠡᠵᠢᠯ ᠤᠨ ᠬᠡᠷᠡᠭᠯᠡᠯᠲᠡ ᠶᠢᠨ ᠪᠠᠶᠢᠳᠠᠯ︔      7. ᠳᠠᠬᠢᠯᠲᠠ ᠤᠰᠤ᠂ ᠪᠣᠷᠣᠭᠠᠨ ᠤ ᠤᠰᠤ ᠵᠡᠷᠭᠡ ᠬᠡᠪ ᠤᠨ ᠪᠤᠰᠤ ᠤᠰᠤᠨ ᠤ ᠡᠬᠢ ᠰᠤᠷᠪᠤᠯᠵᠢ ᠶᠢ ᠠᠰᠢᠭᠯᠠᠭᠰᠠᠨ ᠪᠠᠶᠢᠳᠠᠯ ᠵᠢᠴᠢ ᠬᠤᠲᠠ ᠪᠠᠯᠭᠠᠰᠤ ᠶᠢᠨ ᠤᠰᠤ ᠬᠠᠩᠭᠠᠬᠤ ᠤᠰᠤᠨ ᠤ ᠡᠬᠢ ᠰᠤᠷᠪᠤᠯᠵᠢ ᠶᠢᠨ ᠭᠠᠵᠠᠷ᠂ ᠤᠰᠤ ᠠᠷᠪᠢᠯᠠᠬᠤ ᠬᠡᠯᠪᠡᠷᠢ ᠶᠢᠨ ᠬᠤᠲᠠ᠂ ᠤᠰᠤ ᠠᠷᠪᠢᠯᠠᠬᠤ ᠬᠡᠯᠪᠡᠷᠢ ᠶᠢᠨ ᠨᠢᠭᠡᠴᠡ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ᠃      ᠭᠤᠷᠪᠠ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠲᠠᠯ᠎ᠠ ᠪᠠᠷ ᠬᠢ ᠰᠢᠨ᠎ᠡ ᠶᠢ ᠡᠭᠦᠳᠦᠭᠰᠡᠨ ᠠᠷᠭ᠎ᠠ ᠬᠢᠳᠡᠯ ᠪᠣᠯᠤᠨ ᠨᠡᠶᠢᠲᠡᠯᠢᠭ ᠲᠤᠷᠰᠢᠯᠭ᠎ᠠ      ᠳᠥᠷᠪᠡ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠠᠵᠢᠯ ᠤᠨ ᠳᠤᠮᠳᠠ ᠢᠯᠡᠷᠡᠭᠦᠯᠦᠭᠰᠡᠨ ᠲᠣᠪᠤᠶᠢᠮ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠰᠠᠨᠠᠯ ᠰᠠᠨᠠᠭᠤᠯᠭ᠎ᠠ      ᠳᠠᠭᠠᠯᠳᠤᠭᠤᠯᠤᠯ 3      ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ      1 . ᠲᠠᠨ ᠤ ᠦᠵᠡᠬᠦ ᠪᠠᠷ ᠮᠠᠨ ᠤ ᠰᠢᠶᠠᠨ ᠤ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠨ᠎ᠠ ᠦᠦ︖ ᠤᠰᠤᠨ ᠤ ᠡᠬᠢ ᠪᠠᠶᠠᠯᠢᠭ ᠳᠤᠲᠠᠭᠳᠠᠬᠤ ᠶᠢᠨ ᠬᠠᠮᠤᠭ ᠤᠨ ᠶᠡᠭᠡ ᠰᠢᠯᠲᠠᠭᠠᠨ ᠨᠢ ᠶᠠᠭᠤ ᠪᠤᠢ︖      2 . ᠮᠠᠨ ᠤ ᠰᠢᠶᠠᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠶᠠᠪᠤᠴᠠ ᠳᠤ ᠶᠠᠮᠠᠷ ᠶᠠᠮᠠᠷ ᠭᠤᠣᠯ ᠠᠰᠠᠭᠤᠳᠠᠯ ᠳᠤ ᠲᠤᠯᠭᠠᠷᠠᠵᠤ ᠪᠠᠶᠢᠬᠤ ᠪᠣᠢ︖      3 ᠮᠠᠨ ᠤ ᠰᠢᠶᠠᠨ ᠤ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠶᠢᠨ ᠪᠠᠶᠢᠳᠠᠯ ᠬᠢᠷᠢ ᠵᠡᠷᠭᠡ ᠶᠠᠪᠤᠭᠳᠠᠵᠤ ᠪᠠᠶᠢᠬᠤ ᠪᠤᠢ︖ ᠶᠠᠮᠠᠷ ᠶᠠᠮᠠᠷ ᠲᠤᠯᠢ ᠪᠣᠯᠭᠠᠵᠤ ᠳᠡᠯᠭᠡᠷᠡᠭᠦᠯᠵᠦ ᠪᠣᠯᠬᠤ ᠲᠤᠷᠰᠢᠯᠭ᠎ᠠ ᠬᠢᠳᠡᠯ ᠪᠠ ᠲᠡᠷᠢᠭᠦᠨ ᠤ ᠮᠡᠷᠭᠡᠵᠢᠯ ᠪᠠᠶᠢᠬᠤ ᠪᠤᠢ︖      4 . ᠮᠠᠨ ᠤ ᠰᠢᠶᠠᠨ ᠤ ᠳᠠᠬᠢᠯᠲᠠ ᠤᠰᠤᠨ ᠤ ᠠᠰᠢᠭᠯᠠᠯᠲᠠ᠂ ᠤᠰᠤ ᠠᠷᠪᠢᠯᠠᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠤᠰᠤ ᠠᠷᠪᠢᠯᠠᠬᠤ ᠮᠠᠶ᠋ᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠶᠠᠮᠠᠷ ᠵᠡᠷᠭᠡ ᠪᠤᠶ︖      5᠂ ᠮᠠᠨ ᠤ ᠰᠢᠶᠠᠨ ᠤ ᠨᠡᠶᠢᠭᠡᠮ ᠤᠨ ᠤᠰᠤ ᠠᠷᠪᠢᠯᠠᠬᠤ ᠤᠬᠠᠮᠰᠠᠷ ᠶᠠᠮᠠᠷ ᠪᠤᠢ︖ ᠶᠠᠮᠠᠷ ᠶᠠᠮᠠᠷ ᠲᠠᠯ᠎ᠠ ᠪᠠᠷ ᠪᠥᠬᠦ ᠨᠡᠶᠢᠭᠡᠮ ᠤᠨ ᠤᠰᠤ ᠠᠷᠪᠢᠯᠠᠬᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ ᠪᠣᠶ︖      6 . ᠲᠠ ᠮᠠᠨ ᠤ ᠰᠢᠶᠠᠨ ᠤ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠵᠢᠭᠦᠯᠦᠨ ᠠᠰᠢᠭᠯᠠᠬᠤ ᠠᠵᠢᠯ ᠢ ᠬᠡᠷᠬᠢᠨ ᠦᠨᠡᠯᠡᠬᠦ ᠪᠣᠶ︖ ᠶᠠᠮᠠᠷ ᠰᠠᠶᠢᠨ ᠰᠠᠨᠠᠭᠤᠯᠭ᠎ᠠ  ᠪᠠᠶᠢᠬᠤ ᠪᠣᠢ︖                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3