ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠳ᠋ᠤᠸᠠᠨ ᡁᠢ ᠴᠢᠶᠠᠩ ᠰᠢᠩ ᠡᡁᠧ ᠰᠢᠶᠠᠨ ᠳᠤ ᠭᠦᠨᠵᠡᠭᠡᠶᠢᠷᠡᠨ ᠬᠥᠳᠡᠭᠡ ᠠᠵᠤ ᠠᠬᠤᠢ ᠶᠢᠨ ᠢᠲᠡᠭᠡᠮᠵᠢ ᠶᠢᠨ ᠬᠤᠷᠰᠢᠶ᠎ᠠ ᠶᠢᠨ ᠥᠭᠡᠷᠡᠴᠢᠯᠡᠯᠲᠡ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/18
     4 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠳ᠋ᠤᠸᠠᠨ ᡁᠢ ᠴᠢᠶᠠᠩ ᠨᠠᠷ ᠮᠠᠨ ᠤ ᠰᠢᠶᠠᠨ ᠳᠤ ᠭᠦᠨᠵᠡᠭᠡᠶᠢᠷᠡᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠥᠭᠡᠷᠡᠴᠢᠯᠡᠯᠲᠡ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃
     ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠩ ᠡᡁᠧ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠥᠭᠡᠷᠡᠴᠢᠯᠡᠯᠲᠡ ᠬᠥᠭᠵᠢᠯᠲᠡ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠪᠣᠯᠤᠨ ᠰᠢᠩ ᠡᡁᠧ ᠰᠢᠶᠠᠨ ᠤ ᠬᠦᠨᠳᠦ ᠶᠡᠭᠡ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠭᠰᠠᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃
     ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠳ᠋ᠤᠸᠠᠨ ᡁᠢ ᠴᠢᠶᠠᠩ ᠰᠢᠩ ᠾᠧ ᠰᠢᠶᠠᠨ ᠤ ᠣᠶᠢᠷ᠎ᠠ ᠶᠢᠨ ᠵᠢᠯ ᠤᠨ ᠲᠤᠷᠰᠢᠬᠢ ᠬᠦᠨᠳᠦ ᠶᠡᠭᠡ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠ ᠬᠥᠳᠡᠭᠡ ᠲᠣᠰᠬᠤᠨ ᠤ ᠢᠲᠡᠭᠡᠮᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠳᠤᠮᠳᠠ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᠲᠡᠷᠡ᠂ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠬᠥᠳᠡᠭᠡ ᠲᠣᠰᠬᠤᠨ ᠤ ᠢᠲᠡᠭᠡᠮᠵᠢ ᠶᠢᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠬᠤ ᠬᠡᠷᠡᠭᠲᠡᠢ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠨ᠂ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠣᠰ ᠪᠡᠶ᠎ᠡ ᠶᠢᠨ ᠥᠭᠡᠷᠡᠴᠢᠯᠡᠯᠲᠡ ᠬᠥᠭᠵᠢᠯᠲᠡ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠪᠠ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠬᠤ ᠬᠡᠷᠡᠭᠲᠡᠶ︔ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠲᠤ ᠰᠠᠭᠤᠷᠢᠯᠠᠨ ᠭᠤᠤᠯᠳᠠᠯᠭ᠎ᠠ ᠶᠢ ᠳᠣᠪᠤᠶᠢᠯᠭᠠᠵᠤ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠡᠷᠦᠩᠬᠡᠶ ᠬᠠᠷᠠᠯᠲᠠ ᠶᠢ ᠣᠨᠣᠪᠴᠢᠲᠠᠶ ᠡᠵᠡᠮᠳᠡᠬᠦ ᠬᠡᠷᠡᠭᠲᠡᠶ᠃ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ᠂ ᠶᠡᠭᠡ ᠲᠠᠯ᠎ᠠ ᠪᠠ ᠶᠡᠷᠦᠩᠬᠡᠶ ᠠᠵᠢᠯ ᠤᠨ ᠲᠣᠭᠤᠷᠢᠨ ᠳᠤ᠂ ᠲᠣᠰ ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠤᠨ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠣᠯᠠᠨ ᠮᠥᠩᠭᠦᠨ ᠭᠦᠶ᠋ᠯᠭᠡᠭᠡᠨ ᠤ ᠡᠬᠢ ᠪᠠᠶᠠᠯᠢᠭ ᠢ ᠰᠢᠶᠠᠨ ᠤ ᠬᠡᠪᠴᠢᠶᠡᠨ ᠤ ᠠᠵᠤ ᠠᠬᠤᠶ᠂ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠶᠢᠨ ᠪᠠᠭᠤᠷᠠᠶ ᠲᠠᠯ᠎ᠠ ᠪᠠ ᠭᠤᠤᠯᠳᠠᠯᠭ᠎ᠠ ᠲᠠᠢ ᠭᠤᠭᠴᠤᠭ᠎ᠠ ᠳᠤ ᠳᠣᠭᠢᠷᠠᠭᠤᠯᠬᠤ ᠬᠡᠷᠡᠭᠲᠡᠶ᠃ ︽ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠮᠠᠯᠴᠢᠨ ᠲᠠᠷᠢᠶᠠᠴᠢᠨ︾ ᠳᠤ ᠦᠢᠯᠡᠴᠢᠯᠡᠬᠦ ᠶᠢ ᠪᠠᠷᠢᠮᠲᠠᠯᠠᠵᠤ᠂ ᠤᠭ ᠦᠨᠳᠦᠰᠦ ᠳᠡᠭᠡᠨ ᠪᠤᠴᠠᠵᠤ᠂ ᠡᠭᠦᠷᠭᠡ ᠪᠠᠨ ᠡᠭᠦᠷᠭᠡᠯᠡᠨ ᠠᠵᠢᠯ ᠶᠠᠪᠤᠳᠠᠯ ᠬᠢᠵᠦ᠂ ᠲᠠᠷᠢᠶᠠᠯᠠᠩ ᠢ ᠳᠡᠮᠵᠢᠬᠦ ᠵᠢᠵᠢᠭ ᠠᠵᠤ ᠠᠬᠤᠢ ᠶᠢ ᠳᠡᠮᠵᠢᠬᠦ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠴᠡᠭᠡᠵᠢᠯᠡᠵᠦ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠢ ᠣᠷᠣᠯᠴᠠᠵᠤ᠂ ︽ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠮᠠᠯᠴᠢᠨ ᠲᠠᠷᠢᠶᠠᠴᠢᠨ︾ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠠᠶᠤᠯ ᠲᠦᠭᠰᠢᠭᠦᠷᠢ ᠶᠢ ᠪᠠᠭᠠᠰᠬᠠᠨ ᠥᠭᠡᠷᠡᠴᠢᠯᠡᠯᠲᠡ ᠶᠢ ᠠᠬᠢᠭᠤᠯᠵᠤ ᠬᠥᠭᠵᠢᠯᠲᠡ ᠶᠢ ᠬᠥᠭᠵᠢᠭᠦᠯᠬᠦ ᠬᠡᠷᠡᠭᠲᠡᠢ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ᠂ ᠡᠯ᠎ᠡ ᠱᠠᠲᠤᠨ ᠤ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠣᠯᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃      ᠸᠠᠩ ᠬᠤᠢ ᠢᠦᠢ ᠢᠯᠡᠳᠭᠡᠭᠰᠡᠨ ᠨᠢ᠂ ᠡᠨᠡ ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠰᠠᠨᠠᠯ ᠪᠣᠯᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠮᠡᠳᠡᠭᠡ ᠵᠠᠩᠭᠢᠵᠢᠯᠲᠠ ᠶᠢᠨ ᠬᠤᠷᠢᠶ᠎ᠠ ᠶᠢᠨ ᠥᠭᠡᠷᠡᠴᠢᠯᠡᠯᠲᠡ ᠶᠢᠨ ᠠᠵᠢᠯ ᠢ ᠭᠦᠨᠵᠡᠭᠡᠢ ᠠᠬᠢᠭᠤᠯᠬᠤ ᠬᠡᠷᠡᠭᠲᠡᠢ︔ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠠᠶᠤᠯ ᠲᠦᠭᠰᠢᠭᠦᠷᠢ ᠶᠢ ᠳᠡᠭᠡᠭᠰᠢᠯᠡᠭᠦᠯᠬᠦ ᠬᠠᠮᠢᠶᠠᠷᠤᠯᠲᠠ ᠶᠢᠨ ᠲᠦᠪᠰᠢᠨ ᠢ ᠬᠠᠮᠲᠤᠪᠠᠷ ᠠᠬᠢᠭᠤᠯᠬᠤ ᠪᠠ ᠨᠠᠮᠳᠠᠭᠤᠯᠤᠨ ᠰᠢᠢᠳᠪᠦᠷᠢᠯᠡᠵᠦ᠂ ᠬᠡᠪᠴᠢᠶᠡᠵᠢᠭᠰᠡᠨ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ︔ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠰᠤᠳᠤᠯᠵᠤ᠂ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠥᠭᠡᠷᠡᠴᠢᠯᠡᠯᠲᠡ ᠶᠢᠨ ᠳᠠᠭᠠᠳᠬᠠᠯ ᠤᠨ ᠠᠵᠢᠯ ᠳᠤ ᠦᠷ᠎ᠡ ᠪᠦᠲᠦᠮᠵᠢ ᠣᠯᠵᠤ᠂ ᠰᠢᠨ᠎ᠡ ᠠᠶᠠᠨ ᠵᠠᠮ ᠳᠤ ᠣᠷᠣᠭᠤᠯᠤᠨ᠎ᠠ᠃      ᠶᠠᠷᠢᠯᠴᠠᠬᠤ ᠬᠤᠷᠠᠯ ᠤᠨ ᠲᠠᠷᠠᠭ᠎ᠠ᠂ ᠳ᠋ᠤᠸᠠᠨ ᡁᠢ ᠴᠢᠶᠠᠩ ᠨᠠᠷ ᠬᠥᠳᠡᠭᠡ ᠲᠣᠰᠬᠤᠨ ᠤ ᠮᠡᠳᠡᠭᠡ ᠵᠠᠩᠭᠢᠵᠢᠯᠲᠠ ᠶᠢᠨ ᠬᠤᠯᠪᠣᠭᠠᠲᠤ ᠬᠤᠷᠰᠢᠶ᠎ᠠ ᠶᠢᠨ ᠵᠢᠭᠡᠯᠡᠯᠭᠡ ᠶᠢᠨ ᠲᠥᠪ᠂ ᠬᠥᠳᠡᠭᠡ ᠲᠣᠰᠬᠤᠨ ᠤ ᠮᠡᠳᠡᠭᠡ ᠵᠠᠩᠭᠢᠵᠢᠯᠲᠠ ᠶᠢᠨ ᠤᠶᠤᠨᠲᠤ ᠯᠠᠩᠭᠦᠶ ᠪᠣᠯᠤᠨ ᠨᠡᠭᠦᠳᠡᠯ ᠪᠠᠩᠬᠢ ᠶᠢᠨ ᠲᠡᠷᠭᠡ ᠶᠢ ᠲᠣᠭᠤᠷᠢᠨ ᠦᠵᠡᠵᠦ᠂ ᠰᠢᠶᠠᠨ ᠤ ᠬᠥᠳᠡᠭᠡ ᠲᠣᠰᠬᠤᠨ ᠤ ᠮᠡᠳᠡᠭᠡ ᠵᠠᠩᠭᠢᠵᠢᠯᠲᠠ ᠶᠢᠨ ᠬᠤᠯᠪᠣᠭᠠᠲᠤ ᠬᠤᠷᠰᠢᠶ᠎ᠠ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠠᠶᠢᠳᠠᠯ ᠢ ᠨᠠᠷᠢᠨ ᠣᠶᠢᠯᠠᠭᠠᠪᠠ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠯᠢᠶᠠᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠢᠦ ᠹᠸᠢ ᠮᠢᠩ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᡁᠢ ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠸᠠᠩ ᠬᠤᠶ ᠢᠦᠶ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠣᠣ ᠷᠦᠢ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠾᠧ ᠶᠢᠩ ᠽᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠳᠤ ᠣᠷᠣᠯᠴᠠᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3