ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2022 ᠣᠨ ᠤ 4 ᠳ᠋ᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/18
     4 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2022 ᠣᠨ ᠤ 4 ᠳ᠋ᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃
     ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠫᠷᠤᠹᠧᠰᠰᠤᠷ ᠵᠤᠸᠠᠩ ᠴᠢᠶᠠᠨ ᠶᠢᠦ ᠶᠢᠨ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ︽ᠲᠠᠪᠤᠨ ᠵᠠᠪᠠᠯ ᠶᠠᠪᠤᠬᠤ ᠵᠠᠮ︾ ᠤᠨ ᠴᠢᠬᠤᠯᠠ ᠶᠡᠭᠡ ᠥᠭᠦᠯᠡᠯᠲᠡ ᠶᠢᠨ ᠰᠢᠷᠢᠰ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠶᠢ ᠲᠥᠪᠯᠡᠷᠡᠭᠦᠯᠦᠨ ᠦᠵᠡᠭᠰᠡᠨ ᠪᠥᠭᠡᠳ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠳᠤᠯᠤᠨ ᠶᠠᠷᠢᠯᠴᠠᠪᠠ᠃      ᠬᠤᠷᠠᠯ ᠠᠴᠠ ᠴᠢᠩᠭᠠᠳᠬᠠᠭᠰᠠᠨ ᠨᠢ᠂ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠪᠣᠯᠤᠨ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠬᠤᠷᠠᠯ ᠪᠣᠯ ᠮᠠᠨ ᠤ ᠤᠯᠤᠰ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠨ ᠳᠤ ᠬᠤᠷᠠᠯᠳᠤᠭᠤᠯᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠃ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠨᠢ ᠰᠢᠨ᠎ᠡ ᠴᠠᠭ ᠦᠶ᠎ᠡ ᠶᠢᠨ ᠬᠥᠭᠵᠢᠯ ᠮᠠᠨᠳᠤᠯ ᠪᠣᠯᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠬᠠᠷᠠᠯᠲᠠ ᠲᠠᠢ ᠪᠠᠷ ᠵᠠᠮᠴᠢᠯᠠᠵᠤ᠂ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠪᠦᠬᠦ ᠰᠢᠶᠠᠨ ᠳᠠᠶᠠᠭᠠᠷ ᠢᠶᠠᠨ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠤᠯᠠᠮᠵᠢᠯᠠᠨ ᠰᠤᠷᠤᠯᠴᠠᠬᠤ ᠠᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠣᠳᠠᠲᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠪᠦᠬᠦ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠤᠯᠠᠮ ᠴᠢᠨᠠᠭᠰᠢᠳᠠ ᠬᠦᠳᠦᠯᠦᠨ ᠵᠢᠯᠣᠭᠤᠳᠴᠤ ᠪᠠᠶᠢᠭᠠᠳ ᠰᠤᠷᠤᠯᠴᠠᠨ ᠣᠶᠢᠯᠠᠭᠠᠵᠤ ᠨᠡᠪᠳᠡᠷᠡᠳᠡᠯ᠎ᠠ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠤᠨ ᠳᠠᠰᠤᠷᠠᠯᠳᠠ ᠦᠭᠡᠢ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ︔ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠳᠤ ᠳᠤᠷᠠᠳᠤᠭᠰᠠᠨ ︽ᠲᠠᠪᠤᠨ ᠵᠠᠪᠠᠯ ᠶᠠᠪᠤᠬᠤ ᠵᠠᠮ︾ ᠤᠨ ᠴᠢᠬᠤᠯᠠ ᠲᠠᠨᠢᠯᠲᠠ ᠶᠢ ᠭᠦᠨᠵᠡᠭᠡᠢ ᠡᠵᠡᠮᠰᠢᠬᠦ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠢᠮᠠᠭᠲᠠ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠤᠨ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠠᠬᠢᠭᠤᠯᠪᠠ︔ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠬᠦ ᠬᠡᠷᠡᠭᠲᠡᠢ᠂ ᠪᠣᠳᠠᠲᠠᠶ ᠲᠠᠢ ᠨᠢᠭᠲᠠ ᠤᠶᠠᠯᠳᠤᠭᠤᠯᠬᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠰᠡᠳᠬᠢᠴᠡ ᠪᠠ ᠠᠷᠭ᠎ᠠ ᠬᠡᠮᠵᠢᠶ᠎ᠡ ᠶᠢ ᠭᠦᠨᠵᠡᠭᠡᠶ ᠰᠤᠳᠤᠯᠤᠨ ᠪᠣᠳᠣᠯᠬᠢᠯᠠᠬᠤ ᠬᠡᠷᠡᠭᠲᠡᠶ᠂ ᠠᠵᠢᠯ ᠢᠶᠠᠨ ᠵᠥᠪ ᠣᠯᠬᠤ᠂ ᠵᠠᠩᠭᠢᠯᠠᠭ᠎ᠠ ᠶᠢᠨ ᠴᠡᠭ ᠪᠠ ᠭᠠᠷᠳᠠᠬᠤ ᠴᠡᠭ᠂ ᠬᠦᠴᠦᠯᠡᠬᠦ ᠴᠡᠭ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠦᠨ᠎ᠡ᠂ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠪᠠᠷᠢᠮᠲᠠᠯᠠᠨ᠎ᠠ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠬᠤ᠂ ᠨᠡᠮᠡᠭᠳᠡᠯ ᠢ ᠬᠠᠮᠵᠢᠯᠴᠠᠭᠤᠯᠤᠨ ᠠᠬᠢᠭᠤᠯᠬᠤ᠂ ᠡᠨᠧᠷᠭᠢ ᠶᠢᠨ ᠰᠤᠷᠪᠤᠯᠵᠢ ᠪᠠ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠬᠦ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠨ᠎ᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠂ ᠥᠪᠡᠷᠲᠡᠭᠡᠨ ᠵᠠᠰᠠᠬᠤ ᠣᠷᠣᠨ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠ᠂ ᠰᠢᠶᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠂ ᠰᠢᠨ᠎ᠡ ᠴᠠᠭ ᠦᠶ᠎ᠡ ᠶᠢᠨ ᠬᠥᠭᠵᠢᠯᠲᠡ ᠪᠠ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠪᠡᠶᠡᠯᠡᠭᠦᠯᠦᠶ᠎ᠡ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠤᠷᠢᠳᠠᠬᠤ ᠪᠤᠳᠤᠯ ᠪᠣᠯᠤᠨ ᠲᠠᠶᠢᠪᠤᠰᠢᠷᠠᠬᠤ ᠪᠤᠳᠤᠯ ᠢ ᠡᠷᠡᠰ ᠲᠡᠪᠴᠢᠵᠦ᠂ ᠳᠡᠭᠡᠳᠦ ᠱᠠᠲᠤᠨ ᠤ ᠬᠢᠵᠢᠭ ᠢ ᠰᠡᠷᠭᠡᠶᠢᠯᠡᠬᠦ ᠲᠦᠷᠦ ᠶᠢᠨ ᠪᠤᠳᠤᠯᠭ᠎ᠠ ᠶᠢᠨ ᠨᠢᠭᠡᠳᠦᠯᠲᠡᠢ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠤᠨᠢᠨ ᠳᠡᠭᠡᠷ᠎ᠡ ᠨᠢ ᠬᠢᠵᠢᠭ ᠢ ᠰᠡᠷᠭᠡᠶᠢᠯᠡᠬᠦ ᠳᠤ ︽ᠨᠤᠷᠮ᠎ᠠ ᠨᠡᠮᠡᠬᠦ ᠦᠭᠡᠢ︾᠂ ︽ᠬᠡᠯᠪᠠᠶᠢᠬᠦ ᠦᠭᠡᠢ︾ ᠪᠠᠶᠢᠬᠤ ᠶᠢ ᠦᠨᠡᠨ ᠬᠦ ᠪᠠᠲᠤᠯᠠᠬᠤ ᠶᠢᠨ ᠵᠡᠷᠭᠡ ᠪᠠᠷ ᠬᠥᠮᠦᠯᠢᠭ ᠬᠠᠯᠠᠮᠵᠢᠯᠠᠯ ᠢᠶᠠᠨ ᠴᠢᠩᠭᠠᠳᠬᠠᠵᠤ᠂ ᠠᠷᠠᠳ ᠲᠤ ᠲᠦᠬᠦᠮ ᠦᠵᠡᠭᠦᠯᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠬᠡᠷᠡᠭᠲᠡᠢ︔ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠳᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ ᠪᠣᠯᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ ᠬᠠᠷᠢᠯᠴᠠᠵᠤ᠂ ︽ᠠᠵᠢᠯ ᠡᠬᠢᠯᠡᠭᠦᠯᠬᠦ ᠶᠢ ᠳᠠᠭᠠᠭᠠᠴᠢᠯᠠᠬᠤ᠂ ᠠᠬᠢᠴᠠ ᠶᠢ ᠳᠠᠭᠠᠭᠠᠴᠢᠯᠠᠬᠤ᠂ ᠠᠰᠢᠭᠯᠠᠯᠲᠠ ᠳᠤ ᠣᠷᠣᠭᠤᠯᠬᠤ ᠶᠢ ᠳᠠᠭᠠᠭᠠᠴᠢᠯᠠᠬᠤ᠂ ᠡᠵᠡᠩᠨᠡᠯᠲᠡ ᠶᠢ ᠳᠠᠭᠠᠭᠠᠴᠢᠯᠠᠬᠤ︾ ᠪᠥᠬᠦ ᠶᠠᠪᠤᠴᠠ ᠳᠤ ᠮᠥᠷᠳᠡᠨ‌ᠦᠢᠯᠡᠴᠢᠯᠡᠬᠦ ᠶᠢ ᠪᠡᠶᠡᠯᠡᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠠᠬᠢ ᠡᠯ᠎ᠡ ᠲᠥᠷᠥᠯ ᠤᠨ ᠲᠦᠭᠵᠢᠷᠡᠯ᠂ ᠡᠪᠡᠷᠰᠢᠶᠡᠯ᠂ ᠬᠦᠴᠢᠷᠳᠡᠯ ᠢ ᠴᠠᠭ ᠲᠤᠬᠠᠶ ᠳᠤᠨᠢ  ᠰᠢᠢᠳᠪᠦᠷᠢᠯᠡᠵᠦ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠣᠳᠠᠲᠤ ᠠᠬᠢᠴᠠ ᠲᠠᠢ ᠪᠣᠯᠬᠤ ᠶᠢ ᠪᠠᠲᠤᠯᠠᠬᠤ ᠬᠡᠷᠡᠭᠲᠡᠶ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ︽ᠠᠯᠵᠠᠭᠤ ᠵᠠᠯᠬᠠᠭᠤ ᠰᠤᠯᠠ ᠵᠠᠳᠠᠭᠠᠢ᠂ ᠬᠤᠶᠢᠰᠢᠯᠠᠭᠤᠯᠵᠤ ᠤᠳᠠᠭᠠᠰᠢᠷᠠᠭᠤᠯᠬᠤ᠂ ᠬᠤᠶᠢᠷᠭᠤᠰᠢᠨ ᠬᠤᠶᠢᠷᠭᠤᠰᠢᠬᠤ︾ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠤᠨ ︽ᠢᠯᠡᠷᠡᠭᠦᠯᠬᠦ᠂ ᠳᠡᠯᠭᠡᠨ ᠦᠵᠡᠭᠦᠯᠬᠦ᠂ ᠠᠳᠠᠯᠢᠳᠬᠠᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ ᠶᠢ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮ ᠤᠨ ᠲᠡᠦᠬᠡ ᠶᠢ ᠰᠤᠷᠤᠯᠴᠠᠬᠤ ᠶᠢ ᠨᠠᠮ ᠤᠨ ᠲᠡᠦᠬᠡ ᠪᠠᠷ ᠨᠠᠰᠤᠨ ᠲᠤᠷᠰᠢᠳᠠ ᠵᠠᠪᠠᠯ ᠰᠤᠷᠬᠤ ᠬᠢᠴᠢᠶᠡᠯ ᠪᠣᠯᠭᠠᠵᠤ᠂ ᠲᠡᠦᠬᠡ ᠶᠢᠨ ᠢᠲᠡᠭᠡᠯ ᠢᠶᠠᠨ ᠪᠠᠲᠤᠳᠬᠠᠬᠤ᠂ ᠲᠡᠦᠬᠡ ᠶᠢᠨ ᠤᠬᠠᠮᠰᠠᠷ ᠢᠶᠠᠨ ᠴᠢᠩᠭᠠᠳᠬᠠᠬᠤ ᠳᠤᠮᠳᠠ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠡᠷᠡᠭᠲᠡᠢ᠃       ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3