ᠮᠠᠨ ᠤ ᠰᠢᠶᠠᠨ ᠬᠤᠯᠪᠣᠭᠠᠯᠠᠨ ᠲᠥᠪᠯᠡᠷᠡᠭᠦᠯᠬᠦ ᠪᠠ ᠪᠠᠶᠢᠩᠭᠤᠵᠢᠭᠤᠯᠬᠤ ᠠᠵᠢᠯᠯᠠᠭ᠎ᠠ ᠥᠷᠨᠢᠭᠦᠯᠵᠦ ᠪᠦᠬᠦ ᠰᠢᠶᠠᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠨ ᠠᠷᠢᠯᠭᠠᠬᠤ ᠲᠤᠰᠬᠠᠢ ᠠᠵᠢᠯᠯᠠᠭ᠎ᠠ ᠶᠢ ᠠᠬᠢᠭᠤᠯᠬᠤ ᠬᠤᠷᠠᠯ ᠵᠢᠴᠢ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/19
     ᠪᠥᠬᠦ ᠰᠢᠶᠠᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠠᠷᠢᠯᠭᠠᠬᠤ ᠲᠤᠰᠬᠠᠶ ᠠᠵᠢᠯᠯᠠᠭ᠎ᠠ ᠶᠢ ᠬᠤᠯᠪᠣᠭᠠᠯᠠᠨ ᠲᠥᠪᠯᠡᠷᠡᠭᠦᠯᠬᠦ ᠪᠠ ᠪᠠᠶᠢᠩᠭᠤᠵᠢᠭᠤᠯᠬᠤ ᠶᠢᠨ ᠲᠥᠯᠥᠭᠡ ᠳᠠᠬᠢᠨ ᠳᠠᠶᠢᠴᠢᠯᠠᠵᠤ᠂ ᠳᠠᠬᠢᠨ ᠪᠠᠶᠢᠷᠢᠯᠠᠭᠤᠯᠵᠤ᠂ ᠳᠠᠬᠢᠨ ᠪᠣᠯᠪᠠᠰᠤᠷᠠᠭᠤᠯᠵᠤ᠂ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠥᠷᠨᠢᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠪᠠ᠃ 4 ᠰᠠᠷ᠎ᠠ ᠶᠢᠨ 18 ᠤ ᠡᠳᠦᠷ᠂ ᠮᠠᠨ ᠤ ᠰᠢᠶᠠᠨ ᠪᠥᠬᠦ ᠰᠢᠶᠠᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠨ ᠠᠷᠢᠯᠭᠠᠬᠤ ᠲᠤᠰᠬᠠᠶ ᠠᠵᠢᠯᠯᠠᠭ᠎ᠠ ᠶᠢ ᠬᠠᠮᠲᠤᠷᠠᠨ ᠲᠥᠪᠯᠡᠷᠡᠭᠦᠯᠬᠦ ᠪᠠ ᠪᠠᠶᠢᠩᠭᠤᠵᠢᠭᠤᠯᠬᠤ ᠠᠵᠢᠯ ᠢ ᠥᠷᠨᠢᠭᠦᠯᠬᠦ ᠠᠬᠢᠭᠤᠯᠬᠤ ᠬᠤᠷᠠᠯ ᠵᠢᠴᠢ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠦᠨ ᠬᠠᠶ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
     ᠬᠤᠷᠠᠯ ᠠᠴᠠ ᠪᠦᠬᠦ ᠬᠤᠳᠠ ᠶᠢᠨ ᠬᠤᠯᠪᠣᠭᠠᠯᠠᠨ ᠲᠥᠪᠯᠡᠷᠡᠭᠦᠯᠦᠭᠰᠡᠨ ᠪᠠ ᠪᠠᠶᠢᠩᠭᠤᠵᠢᠭᠤᠯᠤᠭᠰᠠᠨ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠨ ᠠᠷᠢᠯᠭᠠᠬᠤ ᠸᠢᠳᠢᠣ᠋ ᠪᠠᠷ ᠲᠤᠬᠢᠷᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ︔ ︽ᠰᠢᠩ ᠡᡁᠧ ᠰᠢᠶᠠᠨ ᠤ ᠬᠤᠯᠪᠣᠭᠠᠯᠠᠨ ᠲᠥᠪᠯᠡᠷᠡᠭᠦᠯᠦᠭᠰᠡᠨ ᠪᠠ ᠪᠠᠶᠢᠩᠭᠤᠵᠢᠭᠤᠯᠤᠭᠰᠠᠨ ᠪᠦᠬᠦ ᠰᠢᠶᠠᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠨ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠬᠦ ᠠᠵᠢᠯ ᠤᠨ ᠲᠥᠰᠦᠯ︾ ᠢ ᠤᠯᠠᠮᠵᠢᠯᠠᠨ ᠲᠠᠶᠢᠯᠪᠤᠷᠢᠯᠠᠬᠤ ᠶᠢᠨ ᠬᠠᠮᠲᠤ ᠬᠠᠮᠢᠶ᠎ᠠ ᠪᠦᠬᠦᠢ ᠠᠵᠢᠯ ᠳᠤ ᠪᠣᠯᠪᠠᠰᠤᠷᠠᠯ ᠥᠷᠨᠢᠭᠦᠯᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ 2022 ᠣᠨ ᠪᠣᠯ ᠤᠯᠤᠰ ᠲᠦᠷᠦ ᠶᠢᠨ ᠶᠡᠭᠡ ᠵᠢᠯ ᠪᠣᠯᠤᠨ᠎ᠠ᠂ ᠪᠦᠬᠦ ᠰᠢᠶᠠᠨ ᠤ ᠤᠯᠤᠰ ᠲᠦᠷᠦ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ᠂ ᠨᠡᠶᠢᠰᠯᠡᠯ ᠤᠨ ︽ᠬᠤᠲᠠ ᠶᠢ ᠬᠠᠮᠠᠭᠠᠯᠠᠬᠤ ᠭᠤᠣᠯ︾ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠦᠢᠯᠡᠴᠢᠯᠡᠬᠦ ᠶᠢ ᠪᠠᠲᠤᠯᠠᠵᠤ᠂ ᠲᠡᠭᠦᠨ ᠢ ᠤᠭᠲᠤᠬᠤ ᠪᠣᠯ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠨ ᠠᠷᠢᠯᠭᠠᠬᠤ ᠲᠤᠰᠬᠠᠶ ᠠᠵᠢᠯᠯᠠᠭ᠎ᠠ ᠶᠢ ᠥᠷᠨᠢᠭᠦᠯᠬᠦ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ᠂ ᠡᠨᠡ ᠪᠣᠯ ᠠᠮᠤᠷ ᠲᠦᠪᠰᠢᠨ ᠲᠣᠭᠲᠠᠭᠤᠨ ᠤᠯᠤᠰ ᠲᠥᠷᠥ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠬᠤ ᠴᠢᠬᠤᠯᠠ ᠠᠷᠭ᠎ᠠ ᠬᠡᠮᠵᠢᠶ᠎ᠡ ᠮᠥᠨ      ᠬᠤᠷᠠᠯ ᠠᠴᠠ ᠱᠠᠭᠠᠷᠳᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰᠬᠠᠢ ᠠᠵᠢᠯᠯᠠᠭ᠎ᠠ ᠥᠷᠨᠢᠭᠦᠯᠬᠦ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠲᠤᠰ ᠤᠳᠠᠭ᠎ᠠ ᠶᠢᠨ ᠲᠤᠰᠬᠠᠢ ᠠᠵᠢᠯᠯᠠᠭ᠎ᠠ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠤᠨ ᠰᠠᠭᠤᠷᠢ ᠲᠤᠭ᠎ᠠ ᠶᠢ ᠣᠨᠣᠪᠴᠢᠲᠠᠢ ᠡᠵᠡᠮᠰᠢᠵᠦ᠂ ᠨᠠᠮᠳᠠᠭᠤᠯᠬᠤ᠂ ᠲᠣᠭᠲᠠᠭᠤᠨ ᠢᠶᠠᠷ ᠡᠵᠡᠮᠳᠡᠬᠦ ᠠᠵᠢᠯ ᠢ ᠢᠳᠡᠪᠬᠢᠲᠡᠢ ᠯᠠᠪᠳᠠᠭᠤᠨ ᠢᠶᠠᠷ ᠰᠠᠶᠢᠲᠤᠷ ᠬᠢᠵᠦ᠂ ︽ᠶᠡᠭᠡ ᠶᠠᠪᠤᠳᠠᠯ ᠢ ᠪᠦᠲᠦᠭᠡᠵᠦ ᠳᠡᠶᠢᠯᠬᠦ ᠦᠭᠡᠢ᠂ ᠪᠠᠭ᠎ᠠ ᠶᠠᠪᠤᠳᠠᠯ ᠢ ᠴᠤ ᠪᠦᠲᠦᠭᠡᠵᠦ ᠳᠡᠶᠢᠯᠬᠦ ᠦᠭᠡᠢ︾ ᠭᠡᠬᠦ ᠬᠤᠷᠢᠭ᠎ᠠ ᠱᠤᠭᠤᠮ ᠤᠨ ᠬᠠᠷᠠᠯᠲᠠ ᠶᠢ ᠡᠷᠡᠰ ᠪᠠᠲᠤ ᠰᠠᠬᠢᠬᠤ ᠬᠡᠷᠡᠭᠲᠡᠢ᠃ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠲᠤᠰᠬᠠᠶ ᠠᠵᠢᠯᠯᠠᠭ᠎ᠠ ᠶᠢᠨ ᠯᠠᠪᠳᠠᠭᠤᠨ ᠪᠠᠲᠤᠲᠠᠶ ᠠᠭᠢᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠵᠤ᠂ ᠬᠠᠮᠵᠢᠯᠴᠠᠨ ᠬᠠᠮᠵᠢᠯᠴᠠᠵᠤ᠂ ᠵᠢᠭᠰᠠᠭᠠᠨ ᠪᠠᠶᠢᠴᠠᠭᠠᠬᠤ ᠶᠠᠪᠤᠴᠠ ᠳᠤ ᠬᠤᠯᠪᠣᠭᠠᠯᠠᠨ ᠲᠥᠪᠯᠡᠷᠡᠭᠦᠯᠬᠦ᠂ ᠡᠳᠦᠷ ᠲᠤᠲᠤᠮ ᠤᠨ ᠬᠥᠳᠡᠯᠦᠯ ᠪᠠᠶᠢᠳᠠᠯ᠂ ᠰᠦᠯᠵᠢᠶᠡᠨ ᠤ ᠪᠦᠬᠦ ᠴᠠᠷᠠᠭ᠎ᠠ᠂ ᠭᠤᠣᠯᠳᠠᠯᠭ᠎ᠠ ᠲᠠᠢ ᠴᠠᠭ ᠬᠤᠭᠤᠴᠠᠭ᠎ᠠ ᠵᠡᠷᠭᠡ ᠵᠢᠭᠰᠠᠭᠠᠨ ᠪᠠᠶᠢᠴᠠᠭᠠᠬᠤ ᠠᠷᠭ᠎ᠠ ᠬᠡᠯᠪᠡᠷᠢ ᠶᠢ ᠰᠠᠶᠢᠲᠤᠷ ᠬᠡᠷᠡᠭᠯᠡᠵᠦ᠂ ᠨᠠᠮᠳᠠᠭᠤᠯᠬᠤ ᠳᠠᠭᠠᠨ ᠬᠤᠯᠪᠣᠭᠠᠯᠠᠵᠤ ᠲᠥᠪᠯᠡᠷᠡᠭᠦᠯᠦᠨ ᠨᠠᠮᠳᠠᠭᠤᠯᠬᠤ᠂ ᠲᠤᠬᠠᠢ ᠶᠢᠨ ᠭᠠᠵᠠᠷ ᠲᠤᠨᠢ ᠴᠠᠭ ᠲᠤᠬᠠᠢ ᠳᠤᠨᠢ ᠨᠠᠮᠳᠠᠭᠤᠯᠬᠤ᠂ ᠱᠠᠳᠤ ᠬᠤᠪᠢᠶᠠᠨ ᠲᠦᠷᠦᠯ ᠬᠤᠪᠢᠶᠠᠨ ᠨᠠᠮᠳᠠᠭᠤᠯᠬᠤ᠂ ᠡᠬᠢ ᠡᠭᠦᠰᠦᠯ ᠠᠴᠠ ᠨᠢ ᠵᠠᠰᠠᠬᠤ ᠶᠢ ᠴᠢᠬᠤᠯᠠᠴᠢᠯᠠᠬᠤ ᠵᠡᠷᠭᠡ ᠨᠠᠮᠳᠠᠭᠤᠯᠬᠤ ᠠᠷᠭ᠎ᠠ ᠵᠠᠮ ᠢ ᠲᠤᠪᠤᠶᠢᠯᠭᠠᠵᠦ᠂ ︽ᠨᠡᠶᠢᠳᠬᠡᠬᠦ᠂ ᠤᠶᠠᠯᠳᠤᠭᠤᠯᠬᠤ᠂ ᠬᠤᠯᠪᠣᠭᠠᠯᠠᠬᠤ᠂ ᠠᠭᠤᠰᠤᠯᠴᠠᠭᠤᠯᠬᠤ︾ ᠠᠵᠢᠯ ᠢ ᠰᠠᠶᠢᠲᠤᠷ ᠬᠢᠵᠦ᠂ ᠵᠥᠷᠢᠴᠡᠯ ᠵᠠᠭᠤᠷᠠᠯᠳᠤᠭᠠᠨ ᠢ ᠦᠨᠡᠨᠬᠦ ᠲᠤᠬᠠᠢ ᠶᠢᠨ ᠭᠠᠵᠠᠷ ᠲᠤᠨᠢ ᠰᠢᠩᠭᠡᠭᠡᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠴᠤᠬᠤᠶᠢᠵᠤ ᠪᠠᠶᠢᠭ᠎ᠠ ᠦᠶ᠎ᠡ ᠳᠤᠨᠢ ᠠᠷᠢᠯᠭᠠᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠤᠰᠬᠠᠢ ᠠᠵᠢᠯᠯᠠᠭ᠎ᠠ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠰᠢᠶᠠᠩ ᠪᠠᠯᠭᠠᠰᠤ ᠪᠣᠯᠤᠨ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠪᠣᠯ ᠲᠤᠰ ᠬᠠᠷᠢᠶ᠎ᠠ ᠣᠷᠣᠨ᠂ ᠲᠤᠰ ᠨᠢᠭᠡᠴᠡ᠂ ᠲᠤᠰ ᠠᠵᠢᠯ ᠲᠦᠷᠦᠯ ᠤᠨ ᠬᠦᠷᠢᠶᠡᠨ ᠳᠠᠬᠢ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠨ ᠠᠷᠢᠯᠭᠠᠬᠤ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠃ ᠴᠢᠬᠤᠯᠠ ᠠᠵᠢᠯ ᠢ ᠰᠢᠭᠤᠳ ᠰᠤᠳᠤᠯᠤᠨ ᠪᠠᠶᠢᠷᠢᠯᠠᠭᠤᠯᠵᠤ᠂ ᠴᠢᠬᠤᠯᠠ ᠭᠤᠭᠴᠤᠭ᠎ᠠ ᠶᠢ ᠰᠢᠭᠤᠳ ᠵᠣᠬᠢᠶᠠᠨ ᠪᠠᠶᠢᠭᠤᠯᠤᠨ ᠵᠣᠬᠢᠴᠠᠭᠤᠯᠵᠤ᠂ ᠴᠢᠬᠤᠯᠠ ᠶᠡᠭᠡ ᠠᠰᠠᠭᠤᠳᠠᠯ ᠢ ᠰᠢᠭᠤᠳ ᠠᠬᠢᠭᠤᠯᠤᠨ ᠰᠢᠢᠳᠪᠦᠷᠢᠯᠡᠵᠦ᠂ ᠠᠵᠢᠯ ᠤᠨ ᠬᠠᠷᠢᠭᠤᠴᠠᠯᠭ᠎ᠠ ᠶᠢ ᠱᠠᠳᠤ ᠱᠠᠳᠤ ᠪᠠᠷ ᠴᠢᠩᠭ᠎ᠠ ᠳᠠᠷᠤᠵᠤ᠂ ᠲᠤᠰᠬᠠᠢ ᠠᠵᠢᠯᠯᠠᠭ᠎ᠠ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠤᠯᠤᠰ ᠲᠦᠷᠦ ᠨᠡᠶᠢᠭᠡᠮ ᠤᠨ ᠠᠮᠤᠷ ᠲᠦᠪᠰᠢᠨ ᠲᠣᠭᠲᠠᠭᠤᠨ ᠤ ᠪᠣᠳᠠᠲᠠᠢ ᠦᠷ᠎ᠡ ᠪᠦᠲᠦᠮᠵᠢ ᠪᠣᠯᠤᠨ ᠰᠢᠯᠢᠳᠡᠭ ᠠᠮᠵᠢᠯᠲᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ︔ ᠪᠦᠬᠦ ᠰᠢᠶᠠᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠨ ᠠᠷᠢᠯᠭᠠᠬᠤ ᠲᠤᠰᠬᠠᠢ ᠠᠵᠢᠯᠯᠠᠭ᠎ᠠ ᠶᠢ ᠲᠥᠪᠯᠡᠷᠡᠭᠦᠯᠦᠨ ᠪᠠᠶᠢᠩᠭᠤ ᠥᠷᠨᠢᠭᠦᠯᠬᠦ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃                                 ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3