ᠴᠧᠩ ᠭᠤᠸᠠᠨ ᠪᠠᠯᠭᠠᠰᠤ ︽ᠳᠣᠯᠣᠳᠤᠭᠠᠷ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ 4 ᠰᠠᠷ᠎ᠠ ᠶᠢᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/4/19
     ᠡᠨᠡ ᠵᠢᠯ ᠮᠠᠨ ᠤ ᠤᠯᠤᠰ ᠤᠨ ᠳᠣᠯᠣᠳᠤᠭᠠᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠲᠤ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠤᠯᠤᠰ ᠤᠨ ᠠᠮᠤᠷ ᠲᠦᠪᠰᠢᠨ ᠤ ᠠᠮᠵᠢᠯᠲᠠ ᠶᠢ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠶ᠎ᠠ︾ ᠭᠡᠬᠦ ᠭᠤᠣᠯ ᠰᠡᠳᠦᠪ ᠢᠶᠠᠷ ᠥᠷᠨᠢᠭᠦᠯᠵᠡᠢ᠃ ᠰᠢ ᠶᠢᠨ ᠫᠢᠩ ᠶᠡᠷᠦᠩᠬᠡᠢ ᠱᠦᠵᠢ ᠶᠢᠨ ᠳᠤᠷᠠᠳᠤᠭᠰᠠᠨ ︽ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠠᠲᠤᠳᠬᠠᠬᠤ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠴᠧᠩ ᠭᠤᠸᠠᠨ ᠪᠠᠯᠭᠠᠰᠤᠨ ᠤ ᠪᠠᠶᠢᠭᠤᠯᠤᠯᠭ᠎ᠠ ᠶᠢᠨ ᠨᠠᠮ ᠤᠨ ᠡᠭᠦᠷ ᠰᠢᠩ ᠬᠤᠸᠠ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠲᠠᠢ ᠬᠠᠮᠲᠤᠷᠠᠨ ︽ᠳᠣᠯᠣᠳᠤᠭᠠᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ 4 ᠰᠠᠷ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠬᠤᠷᠠᠯᠳᠤᠭᠤᠯᠪᠠ᠃
     ᠡᠩ ᠲᠡᠷᠢᠭᠦᠨ ᠳᠤ᠂ ᠪᠥᠬᠦ ᠨᠠᠮ ᠤᠨ ᠭᠡᠰᠢᠭᠦᠳ ᠪᠠᠯᠭᠠᠰᠤᠨ ᠤ ᠭᠤᠷᠪᠠᠳᠤᠭᠠᠷ ᠳᠠᠪᠬᠤᠷᠯᠢᠭ ᠤᠨ ᠬᠤᠷᠠᠯ ᠤᠨ ᠬᠡᠷ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ᠶᠢ ᠲᠥᠪᠯᠡᠷᠡᠭᠦᠯᠦᠨ ᠰᠤᠷᠤᠯᠴᠠᠵᠤ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠪᠢᠴᠢᠯ ᠸᠢᠳᠢᠣ᠋ ᠶᠢ ᠦᠵᠡᠪᠡ᠃
     ᠳᠠᠷᠠᠭ᠎ᠠ ᠳᠤᠨᠢ᠂ ᠰᠢᠩ ᠬᠤᠸᠠ ᠨᠡᠶᠢᠭᠡᠮ ᠲᠣᠭᠤᠷᠢᠭ ᠤᠨ ᠪᠢ ᠬᠠᠢ ᠵᠢᠶᠠ ᠶᠤᠸᠠᠨ ᠵᠡᠷᠭᠡ ᠰᠠᠭᠤᠭᠠᠯᠢ ᠠᠷᠠᠳ ᠤᠨ ᠲᠣᠭᠤᠷᠢᠭ ᠲᠤ ︽ᠳᠣᠯᠣᠳᠤᠭᠠᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠦᠬᠦ ᠨᠠᠮ ᠤᠨ ᠭᠡᠰᠢᠭᠦᠨ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠡᠷᠭᠢᠴᠡᠭᠦᠯᠵᠦ᠂ ᠳᠠᠷᠠᠭ᠎ᠠ ᠨᠢ ᠨᠠᠮ ᠤᠨ ᠭᠡᠰᠢᠭᠦᠨ ᠺᠠᠳ᠋ᠷ ᠤᠨ ᠬᠤᠪᠢᠯᠭᠠᠨ ᠰᠠᠶᠢᠨ ᠳᠤᠷ᠎ᠠ ᠶᠢᠨ ᠠᠵᠢᠯᠯᠠᠭᠴᠢ ᠰᠠᠭᠤᠭᠠᠯᠢ ᠠᠷᠠᠳ ᠲᠤ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ᠵᠡᠷᠭᠡ ᠤᠬᠠᠭᠤᠯᠭ᠎ᠠ ᠶᠢᠨ ᠮᠠᠲᠧᠷᠢᠶᠠᠯ ᠢ ᠲᠠᠷᠬᠠᠭᠠᠬᠤ ᠶᠢᠨ ᠬᠠᠮᠲᠤ ᠨᠢᠭᠤᠷᠳᠠᠨ ᠤᠬᠠᠭᠤᠯᠤᠨ ᠲᠠᠶᠢᠯᠪᠤᠷᠢᠯᠠᠪᠠ᠃ ᠡᠭᠦᠨ ᠤ ᠬᠠᠮᠲᠤ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠮᠡᠳᠡᠯᠭᠡ ᠶᠢᠨ ᠱᠠᠩᠨᠠᠯ ᠲᠠᠢ ᠠᠰᠠᠭᠤᠯᠲᠠ ᠬᠠᠷᠢᠭᠤᠯᠲᠠ ᠶᠢᠨ ᠭᠤᠭᠴᠤᠭ᠎ᠠ ᠶᠢ ᠥᠷᠨᠢᠭᠦᠯᠵᠦ᠂ ᠵᠥᠪ ᠬᠠᠷᠢᠭᠤᠯᠤᠭᠰᠠᠨ ᠰᠠᠭᠤᠭᠠᠯᠢ ᠠᠷᠠᠳ ᠲᠤ ᠨᠢᠭᠡ ᠪᠦᠯᠦᠭ ᠵᠢᠵᠢᠭ ᠪᠡᠯᠡᠭ ᠰᠡᠯᠲᠡ ᠥᠭᠴᠦ᠂ ᠰᠠᠭᠤᠭᠠᠯᠢ ᠠᠷᠠᠳ ᠢᠳᠡᠪᠬᠢᠲᠡᠶ ᠣᠷᠣᠯᠴᠠᠵᠤ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠮᠡᠳᠡᠯᠭᠡ ᠶᠢᠨ ᠲᠤᠬᠠᠶ ᠲᠠᠨᠢᠯᠲᠠ ᠪᠠ ᠣᠶᠢᠯᠠᠭᠠᠯᠲᠠ ᠪᠠᠨ ᠤᠯᠠᠮ ᠨᠢᠭᠡ ᠠᠯᠬᠤᠮ ᠴᠢᠩᠭᠠᠳᠬᠠᠪᠠ᠃      ᠠᠵᠢᠯᠯᠠᠭ᠎ᠠ ᠪᠠᠷ ᠳᠠᠮᠵᠢᠭᠤᠯᠤᠨ ᠤᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠮᠡᠳᠡᠯᠭᠡ ᠶᠢᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠤᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ᠂ ᠨᠢᠭᠤᠴᠠ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠡᠰᠡᠷᠭᠦᠴᠡᠨ ᠬᠤᠷᠢᠭᠯᠠᠬᠤ ᠴᠢᠳᠠᠪᠤᠷᠢ ᠶᠢ ᠨᠡᠮᠡᠭᠳᠡᠭᠦᠯᠵᠦ᠂ ᠲᠡᠳᠡᠨ ᠳᠤ ᠤᠯᠤᠰ ᠤᠨ ᠠᠮᠤᠷ ᠲᠦᠪᠰᠢᠨ ᠤ ᠴᠢᠬᠤᠯᠠ ᠶᠡᠭᠡ ᠠᠴᠢ ᠬᠤᠯᠪᠣᠭᠳᠠᠯ ᠪᠠ ᠲᠤᠰ ᠪᠡᠶ᠎ᠡ ᠶᠢᠨ ᠡᠷᠬᠡ ᠡᠭᠦᠷᠭᠡ ᠶᠢ ᠤᠯᠠᠮ ᠨᠢᠭᠡ ᠠᠯᠬᠤᠮ ᠲᠠᠨᠢᠭᠤᠯᠤᠭᠰᠠᠨ ᠪᠠᠶᠢᠨ᠎ᠠ᠃ ᠡᠭᠦᠨ ᠤ ᠬᠠᠮᠲᠤ ᠪᠠᠰᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠭᠡᠳᠡᠭ ᠢ ᠨᠡᠩ ᠲᠣᠳᠣᠷᠬᠠᠶ ᠲᠠᠨᠢᠵᠤ᠂ ᠲᠡᠳᠡᠨ ᠳᠤ ᠭᠠᠷ ᠤᠲᠠᠰᠤᠨ ᠤ ᠰᠦᠯᠵᠢᠶ᠎ᠡ ᠵᠡᠷᠭᠡ ᠠᠷᠭ᠎ᠠ ᠵᠠᠮ ᠢᠶᠠᠷ ᠤᠯᠤᠰ ᠤᠨ ᠨᠢᠭᠤᠴᠠ ᠶᠢ ᠵᠠᠳᠠᠷᠠᠭᠤᠯᠬᠤ ᠠᠴᠠ ᠰᠡᠷᠭᠡᠶᠢᠯᠡᠬᠦ ᠶᠢ ᠡᠵᠡᠮᠰᠢᠭᠦᠯᠵᠦ᠂ ᠵᠢᠴᠢ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠪᠤᠰᠤᠳ ᠦᠨᠳᠦᠰᠦᠨ ᠶᠡᠷᠦ ᠶᠢᠨ ᠮᠡᠳᠡᠯᠭᠡ ᠨᠢ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠢᠳᠡᠪᠬᠢᠲᠡᠶ ᠪᠠᠷ ᠦᠢᠯᠡᠳᠦᠯᠭᠡᠵᠢᠭᠦᠯᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠤᠳᠤ ᠠᠴᠠ ᠡᠬᠢᠯᠡᠨ ᠬᠢᠵᠦ᠂ ᠪᠣᠯᠪᠠᠰᠤᠨ ᠪᠥᠭᠡᠳ ᠰᠠᠬᠢᠯᠭ᠎ᠠ ᠪᠠᠲᠤ ᠶᠢ ᠰᠠᠬᠢᠳᠠᠭ ᠰᠠᠶᠢᠨ ᠢᠷᠭᠡᠨ ᠪᠣᠯᠬᠤ ᠪᠠᠷ ᠴᠢᠷᠮᠠᠶᠢᠵᠤ᠂ ᠠᠮᠤᠷ ᠠᠮᠤᠭᠤᠯᠠᠩ᠂ ᠬᠠᠤᠯᠢ ᠪᠠᠷ ᠵᠠᠰᠠᠬᠤ᠂ ᠡᠶ᠎ᠡ ᠵᠣᠬᠢᠴᠠᠯ ᠲᠠᠢ ᠠᠮᠢᠳᠤᠷᠠᠯ ᠤᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠪᠤᠢ ᠪᠣᠯᠭᠠᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠳᠤ ᠬᠠᠤᠯᠢ ᠪᠠᠷ ᠵᠠᠰᠠᠬᠤ ᠢᠳᠡᠪᠬᠢ ᠬᠦᠴᠦᠨ ᠢ ᠨᠡᠮᠡᠷᠢᠯᠡᠨ᠎ᠡ᠃                                   ᠵᠤᠬᠢᠶᠠᠭᠴᠢ᠄  ᠴᠧᠩ ᠭᠤᠸᠠᠨ ᠪᠠᠯᠭᠠᠰᠤ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3