ᠰᠠᠶᠢᠬᠤᠰᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/4/19
     4 ᠰᠠᠷ᠎ᠠ ᠶᠢᠨ 15 ᠤ ᠡᠳᠦᠷ ᠪᠣᠯ ᠮᠠᠨ ᠤ ᠤᠯᠤᠰ ᠤᠨ ᠳᠣᠯᠣᠳᠤᠭᠠᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠂ ᠰᠠᠶᠢᠠᠤᠰᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠦᠨᠡᠨᠬᠦ ᠴᠢᠩᠭᠠᠳᠬᠠᠵᠠᠢ᠃
      ᠰᠠᠶᠢᠬᠤᠰᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠰᠢᠩᠭᠡᠭᠡᠨ ᠦᠢᠯᠡᠳᠦᠭᠰᠡᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠲᠠᠭᠤᠨ ᠳᠠᠪᠲᠠᠮᠵᠢ ᠪᠠᠷ ︽ᠲᠣᠰᠬᠤᠨ ᠪᠣᠯᠭᠠᠨ ᠤ ᠲᠠᠭᠤᠨ︾ ᠢ ᠠᠰᠢᠭᠯᠠᠨ ᠲᠠᠰᠤᠷᠠᠯᠳᠡ ᠦᠭᠡᠢ ᠨᠡᠪᠲᠡᠷᠡᠭᠦᠯᠦᠨ᠎ᠡ︔ ᠪᠠᠰᠠ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠤᠰᠤᠨ ᠴᠣᠮᠣ ᠤᠬᠠᠭᠤᠯᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠬᠠᠷᠢᠶ᠎ᠠ ᠣᠷᠣᠨ ᠳᠠᠭᠠᠨ ᠤᠯᠤᠰ ᠤᠨ ᠠᠮᠤᠷ ᠲᠦᠪᠰᠢᠨ ᠢ ᠤᠬᠠᠭᠤᠯᠬᠤ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠮᠡᠭᠳᠡᠭᠦᠯᠵᠦ᠂ ᠲᠣᠰᠬᠤᠨ ᠤ ᠠᠷᠠᠳ ᠲᠤ ᠤᠬᠠᠭᠤᠯᠭ᠎ᠠ ᠶᠢᠨ ᠠᠵᠢᠯᠯᠠᠭ᠎ᠠ ᠳᠤᠮᠳᠠ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠨᠡᠶᠢᠳᠡᠮ ᠡᠵᠡᠮᠰᠢᠭᠦᠯᠵᠦ᠂ ᠤᠯᠤᠰ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠶᠢᠨ ᠬᠠᠮᠲᠤ ᠤᠬᠠᠮᠰᠠᠷ ᠠᠴᠠ ᠪᠠᠨ ᠤᠯᠤᠰ ᠤᠨ ᠠᠮᠤᠷ ᠲᠦᠪᠰᠢᠨ ᠢ ᠬᠠᠮᠠᠭᠠᠯᠠᠵᠤ ᠴᠢᠳᠠᠬᠤ ᠪᠣᠯᠭᠠᠪᠠ᠃     ᠵᠥᠪ ᠲᠠᠨᠢᠯᠲᠠ ᠲᠠᠢ ᠪᠣᠯᠪᠠᠯ᠂ ᠠᠵᠢᠯᠯᠠᠭ᠎ᠠ ᠰᠠᠶ᠋ᠢ ᠤᠬᠠᠮᠰᠠᠷ ᠲᠠᠢ ᠪᠣᠯᠵᠤ᠂ ᠦᠢᠯᠡᠳᠦᠯᠭᠡ ᠰᠠᠶ᠋ᠢ ᠴᠢᠭᠯᠡᠯ ᠲᠠᠢ ᠪᠣᠯᠵᠤ ᠴᠢᠳᠠᠨ᠎ᠠ᠃ ᠤᠯᠤᠰ ᠤᠨ ᠠᠮᠤᠷ ᠲᠦᠪᠰᠢᠨ ᠤ ᠬᠠᠤᠯᠢ᠂ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ᠂ ᠲᠠᠩᠨᠠᠭᠤᠯ ᠢ ᠡᠰᠡᠷᠭᠦᠴᠡᠬᠦ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠷᠠᠳ ᠢᠷᠭᠡᠳ ᠤᠨ ᠬᠠᠤᠯᠢ ᠪᠠᠷ ᠵᠠᠰᠠᠬᠤ ᠦᠵᠡᠯᠲᠡ ᠶᠢ ᠬᠠᠤᠯᠢ ᠴᠠᠭᠠᠵᠠ ᠪᠠᠷ ᠠᠵᠢᠯᠯᠠᠭ᠎ᠠ ᠶᠢᠨ ᠰᠠᠭᠤᠷᠢ ᠱᠤᠭᠤᠮ ᠢ ᠲᠣᠭᠲᠠᠭᠠᠵᠤ᠂ ᠤᠯᠤᠰ ᠤᠨ ᠠᠮᠤᠷ ᠲᠦᠪᠰᠢᠨ ᠳᠤ ᠬᠤᠬᠢᠷᠠᠯ ᠤᠴᠠᠷᠠᠭᠤᠯᠤᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠪᠦᠬᠦᠨ ᠳᠤ ᠶᠠᠭᠠᠬᠢᠭᠰᠠᠨ ᠴᠤ ᠪᠣᠯᠬᠤ ᠦᠭᠡᠶ ᠭᠡᠵᠦ ᠬᠡᠯᠡᠵᠦ ᠪᠣᠯᠬᠤ ᠦᠭᠡᠶ᠂ ᠰᠠᠶ᠋ᠢ ᠬᠠᠤᠯᠢ ᠪᠠᠷ ᠵᠠᠰᠠᠬᠤ ᠬᠦᠴᠦᠨ ᠢᠶᠠᠷ ᠤᠯᠤᠰ ᠤᠨ ᠠᠮᠤᠷ ᠲᠦᠪᠰᠢᠨ ᠢ ᠬᠠᠮᠠᠭᠠᠯᠠᠵᠤ ᠴᠢᠳᠠᠨ᠎ᠠ᠂ ᠡᠯ᠎ᠡ ᠵᠦᠢᠯ ᠤᠨ ᠠᠮᠢᠳᠤ ᠴᠣᠪᠣᠭᠤᠯᠢᠭ᠂ ᠪᠣᠳᠠᠲᠤ ᠠᠬᠤᠶ ᠲᠠᠢ ᠵᠣᠯᠭᠠᠭᠤᠯᠬᠤ ᠤᠬᠠᠭᠤᠯᠭ᠎ᠠ ᠬᠥᠮᠦᠵᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠥᠮᠦᠰ ᠲᠤ ᠤᠯᠤᠰ ᠤᠨ ᠠᠮᠤᠷ ᠲᠦᠪᠰᠢᠨ ᠪᠠ ᠬᠤᠪᠢ ᠬᠥᠮᠦᠨ ᠤ ᠠᠮᠤᠷ ᠲᠦᠪᠰᠢᠨ ᠨᠢᠭᠲᠠ ᠬᠤᠯᠪᠣᠭ᠎ᠠ ᠲᠠᠢ ᠭᠡᠳᠡᠭ ᠢ ᠭᠦᠨᠵᠡᠭᠡᠢ ᠣᠶᠢᠯᠠᠭᠠᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶᠢᠯᠠᠪᠠᠯ ᠰᠠᠶ᠋ᠢ ︽ᠤᠯᠤᠰ ᠤᠨ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠭᠡᠬᠦ ᠬᠠᠷᠢᠭᠤᠴᠠᠯᠭ᠎ᠠ ᠶᠢᠨ ᠤᠬᠠᠮᠰᠠᠷ ᠢ ᠪᠤᠢ ᠪᠣᠯᠭᠠᠵᠤ᠂ ᠤᠯᠤᠰ ᠤᠨ ᠠᠮᠤᠷ ᠲᠦᠪᠰᠢᠨ ᠤ ᠶᠡᠷᠦᠩᠬᠡᠢ ᠴᠣᠭᠴᠠ ᠶᠢᠨ ᠦᠵᠡᠯᠲᠡ ᠶᠢ ᠰᠡᠳᠬᠢᠯ ᠳᠡᠭᠡᠨ ᠬᠠᠳᠠᠩᠰᠢᠭᠤᠯᠵᠤ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ︽ᠪᠤᠯᠤᠳ ᠬᠡᠷᠡᠮ ᠪᠤᠯᠤᠳ ᠬᠠᠨ᠎ᠠ︾ ᠶᠢ ᠬᠠᠮᠲᠤᠪᠠᠷ ᠴᠣᠭᠴᠠᠯᠠᠵᠤ ᠴᠢᠳᠠᠨ᠎ᠠ                                   ᠢᠷᠡᠯᠲᠡ  ᠄  ᠰᠠᠶᠢᠤᠰᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ                               ᠵᠤᠬᠢᠶᠠᠭᠴᠢ᠄  ᠰᠠᠶᠢᠬᠤᠰᠤ ᠪᠠᠯᠭᠠᠰᠤ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3