ᠸᠠᠩ ᠬᠤᠢ ᠢᠦᠢ ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/2
     3 ᠳ᠋ᠤᠭᠠᠷ ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠸᠠᠩ ᠬᠤᠶ ᠢᠦᠶ ᠰᠢᠶᠠᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠩᠬᠠᠳᠤᠭᠠᠷ ᠤᠳᠠᠭᠠᠨ ᠤ ᠬᠤᠷᠠᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠵᠣᠯᠭᠠᠯᠴᠠᠭ᠎ᠠ ᠶᠢ ᠴᠢᠨᠠᠭᠰᠢᠳᠠ ᠴᠢᠩᠭᠠᠳᠬᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠥᠬᠦᠪᠥᠷᠢ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠠᠬᠢᠭᠤᠯᠬᠤ ᠲᠤᠬᠠᠢ ᠰᠠᠨᠠᠯ︾ ᠢ ᠤᠯᠠᠮᠵᠢᠯᠠᠨ ᠰᠤᠷᠤᠯᠴᠠᠪᠠ︔ ︽ᠰᠢᠩ ᠡᡁᠧ ᠰᠢᠶᠠᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠲᠥᠯᠥᠪᠵᠢᠭᠦᠯᠭᠡ︾᠂ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠠᠬᠢ ᠶᠠᠨᠴᠢᠩ ᠲᠣᠭᠤᠷᠢᠭ — ᠰᠢᠩ ᠡᡁᠧ ᠰᠢᠶᠠᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠲᠥᠯᠥᠪᠵᠢᠭᠦᠯᠭᠡ 2021 — 2025 ᠣᠨ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃      ᠬᠤᠷᠠᠯ ᠠᠴᠠ ᠴᠢᠩᠭᠠᠳᠬᠠᠭᠰᠠᠨ ᠨᠢ᠂ ᠡᠨᠡ ᠵᠢᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠨᠢ ᠠᠵᠤ ᠠᠬᠤᠢ ᠶᠢᠨ ᠲᠣᠭᠲᠠᠭᠤᠨ ᠡᠷᠡᠭᠦᠯ ᠬᠥᠭᠵᠢᠯᠲᠡ ᠶᠢ ᠪᠠᠲᠤᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠬᠤ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠪᠠᠶᠢᠳᠠᠯ ᠦᠯᠦ ᠡᠭᠦᠰᠬᠦ ᠬᠤᠶᠠᠷ ᠬᠤᠷᠢᠭ᠎ᠠ ᠱᠤᠭᠤᠮ ᠢ ᠪᠠᠲᠤ ᠰᠠᠬᠢᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠥᠳᠡᠭᠡ ᠠᠵᠤ ᠠᠬᠤᠢ ᠶᠢᠨ ᠭᠠᠷᠤᠯᠲᠠ ᠶᠢ ᠲᠣᠭᠲᠠᠪᠤᠷᠢᠵᠢᠭᠤᠯᠤᠨ ᠨᠡᠮᠡᠭᠳᠡᠭᠦᠯᠬᠦ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ᠂ ᠲᠠᠷᠢᠶᠠᠯᠠᠬᠤ ᠣᠷᠣᠨ ᠤ ᠲᠣᠭᠲᠠᠭᠤᠨ ᠠᠮᠤᠷ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠲᠥᠷᠥᠯ ᠵᠦᠢᠯ ᠢ ᠵᠣᠯᠭᠠᠭᠤᠯᠬᠤ ᠪᠠᠯᠠ ᠮᠥᠩᠭᠦ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠲᠤᠰᠬᠠᠶ ᠮᠡᠷᠭᠡᠵᠢᠯᠲᠡᠨ ᠤ ᠪᠦᠯᠬᠦᠮ ᠨᠡᠶᠢᠲᠡ ᠶᠢ ᠬᠢᠨᠠᠨ ᠲᠣᠭᠲᠠᠭᠠᠬᠤ ᠲᠦᠷᠢᠮ ᠪᠠ ᠵᠣᠯᠭᠠᠭᠤᠯᠬᠤ ᠪᠠᠯᠠ ᠮᠥᠩᠭᠦ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠦᠷᠢᠮ ᠢ ᠪᠠᠶᠢᠭᠤᠯᠵᠤ᠂ ᠲᠥᠷᠥᠯ  ᠵᠦᠢᠯ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠂ ᠨᠢᠭᠡᠨᠲᠡ ᠴᠤᠬᠤᠯᠠᠪᠤᠷᠢᠯᠠᠭᠰᠠᠨ ᠲᠥᠷᠥᠯ ᠵᠦᠢᠯ ᠢ ᠭᠦᠢᠴᠡᠳᠭᠡᠬᠦ ᠶᠢᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠪᠠ ᠰᠢᠮᠳᠠᠭᠤᠯᠤᠨ ᠪᠠᠶᠢᠴᠠᠭᠠᠬᠤ ᠡᠷᠴᠢᠮ ᠢ ᠲᠦᠷᠭᠡᠳᠬᠡᠵᠦ᠂ ᠨᠢᠭᠡᠨᠲᠡ ᠴᠤᠬᠤᠯᠠᠪᠤᠷᠢᠯᠠᠭᠰᠠᠨ ᠲᠥᠷᠥᠯ ᠵᠦᠢᠯ ᠢ ᠡᠷᠲᠡ ᠠᠵᠢᠯ ᠡᠬᠢᠯᠡᠭᠦᠯᠬᠦ᠂ ᠡᠷᠲᠡ ᠠᠵᠢᠯ ᠳᠠᠭᠤᠰᠬᠠᠬᠤ᠂ ᠡᠷᠲᠡ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠢᠯᠡ᠂ ᠪᠦᠲᠦᠮᠵᠢᠲᠡᠶ᠂ ᠦᠷᠭᠦᠯᠵᠢᠯᠡᠬᠦ ᠶᠢ ᠪᠠᠲᠤᠯᠠᠬᠤ ᠬᠡᠷᠡᠭᠲᠡᠶ︔ ᠡᠵᠡᠩᠨᠡᠯᠲᠡ ᠶᠢᠨ ᠭᠤᠣᠯ ᠴᠣᠭᠴᠠ ᠶᠢᠨ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠪᠡᠯᠡ ᠮᠥᠩᠭᠦ ᠶᠢᠨ ᠣᠷᠣᠭᠤᠯᠤᠯᠲᠠ᠂ ᠬᠥᠳᠡᠭᠡ ᠠᠵᠤ ᠠᠬᠤᠢ ᠲᠠᠢ ᠬᠤᠯᠪᠣᠭᠠᠯᠠᠨ ᠡᠷᠦᠬᠡ ᠶᠢ ᠳᠠᠶᠢᠴᠢᠯᠠᠬᠤ᠂ ᠡᠳ᠋ ᠬᠦᠷᠦᠩᠬᠡ ᠶᠢᠨ ᠦᠷ᠎ᠡ ᠠᠰᠢᠭ ᠢ ᠲᠣᠳᠣᠷᠬᠠᠢ ᠣᠶᠢᠯᠠᠭᠠᠵᠤ᠂ ᠠᠶᠤᠯ ᠲᠦᠭᠰᠢᠭᠦᠷᠢ ᠶᠢ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠶᠢᠯᠠᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ︔ ᠡᠯ᠎ᠡ ᠰᠢᠶᠠᠩ ᠪᠠᠯᠭᠠᠰᠤᠨ ᠤ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠨ ᠮᠥᠷᠳᠡᠨ ᠬᠠᠮᠢᠶᠠᠷᠤᠯᠲᠠ ᠶᠢ ᠴᠢᠩᠭᠠᠳᠬᠠᠵᠤ᠂ ᠦᠢᠯᠡᠳᠪᠦᠷᠢ ᠶᠢᠨ ᠲᠠᠰᠤᠭ ᠤᠨ ᠡᠵᠡᠩᠨᠡᠯᠲᠡ ᠬᠠᠮᠢᠶᠠᠷᠤᠯᠲᠠ ᠶᠢᠨ ᠣᠳᠣᠬᠢ ᠪᠠᠶᠢᠳᠠᠯ ᠢ ᠦᠨᠡᠨᠬᠦ ᠡᠵᠡᠮᠰᠢᠵᠦ᠂ ᠦᠷ᠎ᠡ ᠠᠰᠢᠭ ᠢᠶᠠᠷ ᠠᠨᠠᠢ᠂ ᠳᠠᠶᠢᠴᠢᠯᠠᠬᠤ ᠦᠷ᠎ᠡ ᠠᠰᠢᠭ ᠢᠶᠠᠷ ᠠᠨᠠᠢ ᠦᠢᠯᠡᠳᠪᠦᠷᠢ ᠶᠢᠨ ᠲᠠᠰᠤᠭ ᠲᠤ ᠴᠢᠭᠯᠡᠭᠦᠯᠬᠦ ᠴᠢᠨᠠᠷᠲᠠᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠵᠠᠬᠢᠶᠠᠯᠠᠭ᠎ᠠ ᠶᠢᠨ ᠬᠠᠭᠤᠳᠠᠰᠤ᠂ ᠪᠣᠷᠣᠯᠠᠭᠤᠯᠭ᠎ᠠ ᠶᠢᠨ ᠵᠠᠮ ᠵᠡᠷᠭᠡ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠨ ᠦᠷ᠎ᠡ ᠠᠰᠢᠭ ᠢ ᠦᠷᠭᠦᠯᠵᠢᠯᠡᠨ ᠲᠣᠭᠲᠠᠭᠤᠨ ᠢᠶᠠᠷ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠪᠠᠷ ᠲᠥᠯᠥᠪᠵᠢᠭᠦᠯᠬᠦ᠂ ᠠᠯᠬᠤᠮ ᠬᠤᠪᠢᠶᠠᠨ ᠬᠡᠷᠡᠭᠵᠢᠭᠦᠯᠬᠦ᠂ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ᠂ ᠯᠠᠪᠳᠠᠭᠤᠨ ᠢᠶᠠᠷ ᠠᠬᠢᠭᠤᠯᠬᠤ ᠵᠠᠷᠴᠢᠮ ᠶᠣᠰᠣᠭᠠᠷ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠪᠣᠯᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠵᠢᠱᠢᠶ᠎ᠡ ᠦᠵᠡᠭᠦᠯᠬᠦ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠪᠣᠳᠠᠲᠤ ᠬᠡᠷᠡᠭᠴᠡᠭᠡ ᠲᠠᠢ᠂ ᠲᠣᠬᠢᠷᠠᠮᠵᠢᠲᠠᠢ᠂ ᠴᠢᠳᠠᠯ ᠤᠨ ᠢᠶᠠᠨ ᠬᠢᠷᠢ ᠪᠠᠷ ᠬᠢᠵᠦ᠂ ᠰᠠᠭᠤᠷᠢ ᠲᠥᠬᠦᠭᠡᠷᠦᠮᠵᠢ ᠪᠣᠯᠤᠨ ᠠᠵᠤ ᠦᠢᠯᠡᠰ ᠤᠨ ᠬᠥᠭᠵᠢᠯᠲᠡ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ︽ᠨᠢᠭᠡ ᠪᠠᠯᠭᠠᠰᠤ ᠨᠢᠭᠡ ᠦᠢᠯᠡᠰ︾᠂ ︽ᠨᠢᠭᠡ ᠲᠣᠰᠬᠤᠨ ᠨᠢᠭᠡ ᠦᠢᠯᠡᠳᠬᠦᠨ︾ ᠤ ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠦᠷᠢᠯᠳᠦᠭᠦᠯᠬᠦ ᠬᠡᠷᠡᠭᠲᠡᠢ︔ ᠰᠢᠶᠠᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠬᠢᠭᠡᠳ ᠰᠢᠶᠠᠩ᠂ ᠲᠣᠰᠬᠤᠨ ᠬᠤᠶᠠᠷ ᠱᠠᠲᠤᠨ ᠤ ᠬᠠᠮᠲᠤ ᠪᠠᠷ ᠣᠷᠣᠯᠴᠠᠭᠰᠠᠨ ᠵᠥᠪᠳᠡᠯᠴᠡᠨ ᠨᠤᠲᠠᠯᠠᠬᠤ ᠲᠣᠭᠲᠠᠴᠠ ᠶᠢ ᠪᠠᠶᠢᠭᠤᠯᠵᠤ᠂ ᠡᠷᠦᠬᠡ ᠶᠢᠨ ᠵᠣᠷᠯᠣᠩ ᠢ ᠥᠭᠡᠷᠡᠴᠢᠯᠡᠬᠦ᠂ ᠰᠦᠯᠢᠶᠣᠣ ᠪᠦᠷᠬᠦᠪᠴᠢ ᠶᠢ ᠬᠤᠷᠢᠶᠠᠨ ᠠᠪᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠰᠢᠲᠠᠭᠠᠬᠤ ᠶᠢ ᠴᠠᠭᠠᠵᠠᠯᠠᠬᠤ᠂ ᠣᠷᠴᠢᠨ ᠲᠣᠭᠤᠷᠢᠨ ᠢ ᠵᠠᠰᠠᠬᠤ ᠵᠡᠷᠭᠡ ᠠᠵᠢᠯ ᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠶ︔ ᠲᠤᠰᠬᠠᠢ ᠮᠡᠷᠭᠡᠵᠢᠯᠲᠡᠳ ᠲᠠᠢ ᠵᠣᠯᠭᠠᠭᠤᠯᠬᠤ ᠪᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ︔ ᠡᠯ᠎ᠡ ᠱᠠᠲᠤᠨ ᠤ ᠬᠠᠮᠢᠶ᠎ᠠ ᠪᠦᠬᠦᠢ ᠤᠳᠤᠷᠢᠳᠤᠯᠭ᠎ᠠ ᠲᠦᠷᠦᠭᠦᠯᠡᠨ ᠵᠢᠯᠣᠭᠤᠳᠬᠤ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠪᠠᠨ ᠴᠢᠩᠭᠠᠳᠬᠠᠵᠤ᠂ ᠠᠵᠢᠯ ᠤᠨ ᠳᠤᠮᠳᠠ ᠢᠯᠡᠷᠡᠭᠰᠡᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃      ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠷᠦᠢ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠩ ᠵᠧᠨ ᠳ᠋ᠦᠩ ᠵᠢᠴᠢ ᠳᠥᠷᠪᠡᠨ ᠶᠡᠭᠡ ᠤᠳᠤᠷᠢᠳᠬᠤ ᠪᠠᠭ ᠤᠨ ᠬᠢᠨ ᠬᠡᠷ ᠲᠡᠭᠡᠨ ᠤᠳᠤᠷᠢᠳᠴᠤ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠬᠤᠷᠠᠯ ᠳᠤ ᠣᠷᠣᠯᠴᠠᠵᠠᠶ᠃                         ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                         ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                         ᠤᠷᠴᠢᠭᠤᠯᠤᠭᠴᠢ᠄ ᠨᠠᠷᠠᠰᠤ                         ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3