ᠮᠠᠨ ᠤ ᠰᠢᠶᠠᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠰᠢᠨ᠎ᠡ ᠲᠢᠲᠢᠮ ᠤᠨ ᠸᠢᠷᠦ᠋ᠰ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠪᠣᠯᠪᠠᠰᠤᠷᠠᠭᠤᠯᠤᠯ ᠤᠨ ᠬᠤᠷᠠᠯ ᠡᠷᠭᠢᠯᠡᠵᠦ᠂ ᠰᠢᠨ᠎ᠡ ᠲᠢᠲᠢᠮ ᠤᠨ ᠸᠢᠷᠦ᠋ᠰ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠦᠨ᠎ᠡ    - ᠰᠢᠨ᠎ᠡ ᠲᠢᠲᠢᠮ ᠤᠨ ᠸᠢᠷᠦ᠋ᠰ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠠᠵᠢᠯ ᠢ ᠪᠦᠬᠦ ᠲᠠᠯ᠎ᠠ ᠪᠠᠷ ᠡᠬᠢᠯᠡᠭᠦ
ᠨᠡᠶᠢᠲᠡᠯᠡᠭᠰᠡᠨ ᠴᠠᠭ᠄
2022/4/2
     ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠰᠢᠨ᠎ᠡ ᠪᠠᠶᠢᠳᠠᠯ ᠢ ᠠᠷᠭᠠᠴᠠᠬᠤ ᠶᠢᠨ ᠲᠥᠯᠥᠭᠡ᠂ ᠰᠢᠨ᠎ᠡ ᠲᠢᠲᠢᠮ ᠤᠨ ᠸᠢᠷᠦ᠋ᠰ ᠢ ᠪᠠᠶᠢᠴᠠᠭᠠᠨ ᠰᠢᠯᠭᠠᠬᠤ ᠠᠷᠭ᠎ᠠ ᠪᠣᠳᠣᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠩ ᠾᠧ ᠰᠢᠶᠠᠨ ᠤ ᠰᠢᠨ ᠭᠤᠸᠠᠨ ᠸᠢᠷᠦ᠋ᠰ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠲᠢᠲᠢᠮ ᠤᠨ ᠸᠢᠷᠦ᠋ᠰ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠰᠢᠨᠵᠢᠯᠡᠬᠦ ᠤᠬᠠᠭᠠᠨᠴᠢ᠂ ᠠᠮᠤᠷ ᠲᠦᠪᠰᠢᠨ᠂ ᠵᠢᠷᠤᠮᠵᠢᠯ ᠲᠠᠢ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠳᠠᠷᠤᠮᠠᠯᠯᠠᠨ ᠲᠠᠷᠬᠠᠭᠠᠭᠰᠠᠨ ︽ᠰᠢᠨ᠎ᠡ ᠲᠢᠲᠢᠮ ᠤᠨ ᠸᠢᠷᠦ᠋ᠰ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠬᠡᠷᠡᠭᠯᠡᠭᠡᠨ ᠤ ᠲᠥᠰᠦᠯ ︵ᠲᠤᠷᠰᠢᠨ ᠬᠡᠷᠡᠭᠵᠢᠭᠦᠯᠬᠦ︶︾ ᠤᠨ ᠵᠣᠷᠢᠭ ᠰᠠᠨᠠᠭ᠎ᠠ ᠶᠢ ᠦᠨᠳᠦᠰᠦᠯᠡᠨ᠂ 3 ᠰᠠᠷ᠎ᠠ ᠶᠢᠨ 31 ᠤ ᠡᠳᠦᠷ᠂ ᠰᠢᠩ ᠾᠧ ᠰᠢᠶᠠᠨ ᠤ ᠬᠢᠨ ᠪᠥᠬᠦ ᠰᠢᠶᠠᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠰᠢᠨ᠎ᠡ ᠲᠢᠲᠢᠮ ᠤᠨ ᠸᠢᠷᠦ᠋ᠰ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠪᠡ᠃
         ᠪᠣᠯᠪᠠᠰᠤᠷᠠᠯ ᠤᠨ ᠬᠤᠭᠤᠴᠠᠭᠠᠨ ᠳᠤ᠂ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠯᠭᠠᠨ ᠪᠠᠶᠢᠴᠠᠭᠠᠬᠤ ᠰᠠᠯᠠᠭᠠᠨ ᠤ ᠡᠷᠬᠢᠯᠡᠭᠴᠢ ᠲᠤᠰ ᠤᠳᠠᠭᠠᠨ ᠤ ᠬᠤᠷᠠᠯ ᠳᠤ ᠣᠷᠣᠯᠴᠠᠭᠰᠠᠳ ᠲᠤ ︽ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠸᠢᠷᠦ᠋ᠰ ᠤᠨ ᠥᠳᠥᠭᠡᠭᠴᠢ ᠶᠢ ᠰᠢᠯᠭᠠᠨ ᠪᠠᠶᠢᠴᠠᠭᠠᠬᠤ ᠰᠢᠨ᠎ᠡ ᠵᠠᠭᠪᠤᠷ ᠢ ᠴᠤᠭᠯᠠᠭᠤᠯᠬᠤ ᠦᠨᠳᠦᠰᠦᠨ ᠱᠠᠭᠠᠷᠳᠠᠯᠭ᠎ᠠ ᠵᠢᠴᠢ ᠶᠠᠪᠤᠴᠠ︾ ᠶᠢ ᠲᠠᠶᠢᠯᠪᠤᠷᠢᠯᠠᠨ ᠥᠭᠴᠦ᠂ ᠥᠳᠥᠭᠡᠭᠴᠢ ᠶᠢ ᠪᠠᠶᠢᠴᠠᠭᠠᠨ ᠰᠢᠯᠭᠠᠬᠤ ᠳᠤ ᠳᠣᠭᠢᠷᠠᠬᠤ ᠬᠥᠮᠦᠰ᠂ ᠥᠳᠥᠭᠡᠭᠴᠢ ᠶᠢ ᠪᠠᠶᠢᠴᠠᠭᠠᠨ ᠰᠢᠯᠭᠠᠵᠤ ᠬᠡᠷᠡᠭᠯᠡᠬᠦ ᠳᠤ ᠬᠠᠩᠭᠠᠭᠰᠠᠨ ᠭᠤᠤᠯ ᠨᠥᠬᠦᠴᠡᠯ᠂ ᠰᠢᠨ᠎ᠡ ᠲᠢᠲᠢᠮ ᠤᠨ ᠸᠢᠷᠦ᠋ᠰ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠵᠠᠭᠪᠤᠷ ᠢ ᠴᠤᠭᠯᠠᠭᠤᠯᠬᠤ ᠦᠨᠳᠦᠰᠦᠨ ᠱᠠᠭᠠᠷᠳᠠᠯᠭ᠎ᠠ ᠳᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠨᠠᠷᠢᠨ ᠨᠢᠮᠪᠠᠶ ᠵᠢᠭᠠᠨ ᠰᠤᠷᠭᠠᠯᠲᠠ ᠶᠢ ᠭᠤᠤᠯᠳᠠᠯᠭ᠎ᠠ ᠲᠠᠢ ᠶᠠᠪᠤᠭᠳᠠᠭᠤᠯᠤᠨ᠎ᠠ᠃ ᠬᠤᠷᠠᠯ ᠳᠤ ᠣᠷᠣᠯᠴᠠᠭᠰᠠᠳ ᠲᠤ ᠥᠳᠥᠭᠡᠭᠴᠢ ᠶᠢ ᠰᠢᠯᠭᠠᠨ ᠪᠠᠶᠢᠴᠠᠭᠠᠬᠤ ᠳᠤ ᠬᠡᠷᠡᠭᠯᠡᠬᠦ ᠳᠤ ᠳᠥᠭᠦᠮ᠂ ᠲᠦᠷᠭᠡᠨ᠂ ᠥᠪᠡᠷ ᠢ ᠪᠠᠨ ᠰᠢᠯᠭᠠᠨ ᠪᠠᠶᠢᠴᠠᠭᠠᠬᠤ ᠳᠤ ᠳᠥᠭᠦᠮ ᠳᠠᠪᠠᠭᠤᠯᠢᠭ ᠲᠠᠯ᠎ᠠ ᠲᠠᠢ ᠭᠡᠳᠡᠭ ᠢ ᠣᠶᠢᠯᠠᠭᠠᠭᠤᠯᠵᠤ᠂ ᠲᠡᠭᠦᠨ ᠢᠶᠠᠷ ᠪᠥᠭᠡᠮ ᠬᠦᠴᠢᠯ ᠢ ᠰᠢᠯᠭᠠᠨ ᠪᠠᠶᠢᠴᠠᠭᠠᠬᠤ ᠶᠢᠨ ᠴᠢᠬᠤᠯᠠ ᠨᠥᠬᠦᠪᠥᠷᠢ ᠪᠣᠯᠭᠠᠵᠤ᠂ ︽ᠡᠷᠲᠡ ᠢᠯᠡᠷᠡᠭᠦᠯᠬᠦ︾ ᠴᠢᠳᠠᠪᠤᠷᠢ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠭᠦᠨ ᠤ ᠵᠡᠷᠭᠡ ᠳᠤ ᠦᠯᠢᠭᠡᠷ ᠠᠪᠬᠤ ᠳᠦᠷᠢᠮᠵᠢᠯ ᠤᠨ ᠴᠢᠨᠠᠷ ᠨᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠳᠤ ᠨᠥᠯᠥᠭᠡ ᠦᠵᠡᠭᠦᠯᠳᠡᠭ᠂ ᠡᠶᠢᠮᠦ ᠠᠴᠠ ᠦᠯᠢᠭᠡᠷ ᠠᠪᠬᠤ ᠲᠤᠰᠬᠠᠶ ᠮᠡᠷᠭᠡᠵᠢᠯ᠂ ᠵᠢᠷᠤᠮᠵᠢᠭᠰᠠᠨ ᠮᠡᠷᠭᠡᠵᠢᠯ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠨᠠᠶᠢᠳᠠᠪᠤᠷᠢᠵᠢᠭᠤᠯᠬᠤ ᠳᠤ ᠲᠦᠢᠯ ᠤᠨ ᠴᠢᠬᠤᠯᠠ ᠪᠠᠶᠢᠳᠠᠭ ᠭᠡᠳᠡᠭ ᠢ ᠤᠯᠠᠮ ᠨᠢᠭᠡ ᠠᠯᠬᠤᠮ ᠲᠠᠨᠢᠵᠤ ᠣᠯᠤᠭᠰᠠᠨ ᠪᠠᠶᠢᠨ᠎ᠠ᠃      ᠬᠤᠷᠠᠯ ᠳᠡᠭᠡᠷ᠎ᠡ ᠪᠠᠰᠠ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮᠴᠢ ᠰᠤᠪᠢᠯᠠᠭᠴᠢᠳ ᠲᠤ ᠰᠢᠨ᠎ᠡ ᠲᠢᠲᠢᠮ ᠤᠨ ᠸᠢᠷᠦ᠋ᠰ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠠᠵᠢᠯᠯᠠᠭᠠᠨ ᠤ ᠦᠵᠡᠭᠦᠯᠦᠨ ᠵᠢᠭᠠᠬᠤ ᠸᠢᠳᠢᠣ᠋ ᠶᠢ ᠨᠡᠪᠲᠡᠷᠡᠭᠦᠯᠵᠦ᠂ ᠥᠳᠥᠭᠡᠭᠴᠢ ᠶᠢ ᠪᠠᠶᠢᠴᠠᠭᠠᠨ ᠰᠢᠯᠭᠠᠬᠤ ᠠᠴᠢ ᠬᠤᠯᠪᠣᠭᠳᠠᠯ᠂ ᠪᠠᠶᠢᠴᠠᠭᠠᠨ ᠰᠢᠯᠭᠠᠬᠤ ᠦᠨᠳᠦᠰᠦᠯᠡᠯ᠂ ᠠᠵᠢᠯᠯᠠᠬᠤ ᠠᠷᠭ᠎ᠠ᠂ ᠦᠷ᠎ᠡ ᠳ᠋ᠦᠩ ᠢ ᠮᠠᠭᠠᠳᠯᠠᠬᠤ ᠪᠠ ᠬᠡᠷᠡᠭᠯᠡᠬᠦ ᠬᠥᠮᠦᠰ᠂ ᠦᠵᠡᠭᠳᠡᠯ᠂ ᠬᠦᠷᠢᠶ᠎ᠡ ᠬᠡᠪᠴᠢᠶ᠎ᠡ ᠵᠡᠷᠭᠡ ᠲᠠᠯ᠎ᠠ ᠪᠠᠷ ᠲᠤᠰᠬᠠᠢ ᠰᠡᠳᠦᠪᠲᠦ ᠪᠣᠯᠪᠠᠰᠤᠷᠠᠯ ᠬᠦᠷᠲᠡᠭᠡᠭᠰᠡᠨ ᠪᠥᠭᠡᠳ ᠲᠤᠬᠠᠢ ᠶᠢᠨ ᠲᠠᠯᠠᠪᠤᠷ ᠲᠤ ᠪᠣᠳᠠᠲᠠᠢ ᠠᠵᠢᠯᠯᠠᠭ᠎ᠠ ᠬᠢᠵᠡᠢ᠃      ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠡᠷᠬᠢᠯᠡᠭᠴᠢ ᠰᠢᠨ᠎ᠡ ᠲᠢᠲᠢᠮ ᠤᠨ ᠥᠳᠥᠭᠡᠭᠴᠢ ᠶᠢ ᠰᠢᠯᠭᠠᠨ ᠪᠠᠶᠢᠴᠠᠭᠠᠬᠤ ᠶᠢᠨ ᠴᠢᠬᠤᠯᠠ ᠴᠢᠨᠠᠷ ᠪᠣᠯᠤᠨ ᠴᠢᠬᠤᠯᠠ ᠴᠢᠨᠠᠷ ᠢ ᠴᠢᠬᠤᠯᠠᠴᠢᠯᠠᠵᠤ᠂ ᠲᠡᠷᠡ ᠵᠢᠭᠠᠵᠤ ᠭᠠᠷᠭᠠᠭᠰᠠᠨ ᠨᠢ᠂ ᠰᠢᠨ᠎ᠡ ᠮᠠᠯᠠᠭᠠᠶ ᠶᠢᠨ ᠥᠳᠥᠭᠡᠭᠴᠢ ᠶᠢᠨ ᠰᠢᠯᠭᠠᠨ ᠪᠠᠶᠢᠴᠠᠭᠠᠯᠲᠠ ᠶᠢ ᠨᠥᠬᠦᠪᠥᠷᠢᠯᠡᠬᠦ ᠠᠷᠭ᠎ᠠ ᠪᠠᠷᠢᠯ ᠪᠣᠯᠭᠠᠨ ᠣᠨᠴᠠ ᠲᠣᠭᠲᠠᠭᠰᠠᠨ ᠬᠥᠮᠦᠰ ᠢ ᠰᠢᠭᠰᠢᠨ ᠪᠠᠶᠢᠴᠠᠭᠠᠬᠤ ᠳᠤ ᠬᠡᠷᠡᠭᠯᠡᠵᠦ᠂ ︽ᠡᠷᠲᠡ ᠢᠯᠡᠷᠡᠭᠦᠯᠬᠦ︾ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠶ᠂ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠵᠢᠴᠢ ᠪᠦᠬᠦ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠰᠢᠯᠭᠠᠨ ᠪᠠᠶᠢᠴᠠᠭᠠᠬᠤ ᠠᠵᠢᠯᠲᠠᠨ᠂ ᠦᠯᠢᠭᠡᠷ ᠠᠪᠬᠤ ᠠᠵᠢᠯᠲᠠᠨ ᠴᠥᠮ ᠡᠨᠡ ᠬᠦ ᠠᠵᠢᠯᠯᠠᠭᠠᠨ ᠤ ᠮᠡᠷᠭᠡᠵᠢᠯ ᠢ ᠪᠣᠯᠪᠠᠰᠤᠷᠠᠩᠭᠤᠶ ᠡᠵᠡᠮᠰᠢᠵᠦ᠂ ᠬᠢᠵᠢᠭ ᠤᠨ ᠪᠠᠶᠢᠳᠠᠯ ᠢ ᠲᠦᠷᠭᠡᠨ ᠬᠢᠵᠠᠭᠠᠷᠯᠠᠬᠤ ᠬᠡᠷᠡᠭᠴᠡᠭᠡ ᠳᠤ ᠵᠣᠬᠢᠴᠠᠭᠤᠯᠬᠤ ᠶᠢᠨ ᠬᠠᠮᠲᠤ᠂ ᠲᠤᠬᠠᠶ ᠶᠢᠨ ᠲᠠᠯᠠᠪᠤᠷ ᠤᠨ ᠠᠵᠢᠯᠲᠠᠳ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠵᠢᠯ ᠬᠤᠪᠢᠶᠠᠷᠢᠯᠠᠨ ᠬᠠᠷᠢᠭᠤᠴᠠᠵᠤ᠂ ᠠᠵᠢᠯᠯᠠᠬᠤ ᠲᠦᠷᠢᠮ ᠢ ᠴᠢᠩᠭ᠎ᠠ ᠵᠢᠷᠤᠮᠯᠠᠨ᠂ ᠥᠯᠢᠭᠡᠷ ᠠᠪᠬᠤ᠂ ᠰᠢᠯᠵᠢᠭᠦᠯᠦᠨ ᠲᠡᠭᠡᠭᠡᠪᠦᠷᠢᠯᠡᠬᠦ᠂ ᠪᠠᠶᠢᠴᠠᠭᠠᠨ ᠬᠡᠮᠵᠢᠬᠦ᠂ ᠦᠷ᠎ᠡ ᠳ᠋ᠦᠩ ᠢ ᠬᠠᠷᠢᠭᠤ ᠲᠤᠰᠬᠠᠬᠤ ᠪᠥᠬᠦ ᠬᠡᠯᠬᠢᠶ᠎ᠡ ᠶᠢ ᠵᠠᠪᠰᠠᠷ ᠥᠬᠡᠶ ᠵᠣᠯᠭᠠᠭᠤᠯᠵᠤ᠂ ᠦᠷ᠎ᠡ ᠪᠦᠲᠦᠮᠵᠢ ᠪᠠ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃      ᠬᠤᠷᠠᠯ ᠤᠨ ᠳᠠᠷᠠᠭ᠎ᠠ᠂ ᠮᠠᠨ ᠤ ᠰᠢᠶᠠᠨ ᠤ ᠡᠯ᠎ᠡ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠪᠥᠭᠡᠮ ᠬᠦᠴᠢᠯ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠡᠮ ᠤᠨ ᠬᠠᠶᠢᠷᠴᠠᠭ ᠲᠦᠭᠡᠭᠡᠵᠦ᠂ ᠡᠯ᠎ᠡ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠬᠤᠷᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠯᠠᠬᠤ ᠶᠠᠪᠤᠴᠠ ᠶᠢ ᠵᠢᠷᠤᠮᠵᠢᠭᠤᠯᠤᠨ᠂ ᠥᠳᠥᠭᠡᠭᠴᠢ ᠶᠢᠨ ᠠᠩᠬᠠᠨ ᠤ ᠰᠢᠯᠢᠯᠲᠡ ᠵᠢᠨ‌ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠰᠠ ᠨᠢᠭᠡ ᠬᠦᠴᠦᠲᠡᠶ ᠬᠠᠯᠬᠠᠪᠴᠢ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃      ᠲᠤᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠪᠦᠬᠦ ᠰᠢᠶᠠᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮᠴᠢ ᠰᠤᠪᠢᠯᠠᠭᠴᠢᠳ ᠥᠳᠥᠭᠡᠭᠴᠢ ᠶᠢ ᠰᠢᠯᠭᠠᠨ ᠪᠠᠶᠢᠴᠠᠭᠠᠬᠤ ᠦᠨᠳᠦᠰᠦᠨ ᠱᠠᠭᠠᠷᠳᠠᠯᠭ᠎ᠠ ᠵᠢᠴᠢ ᠠᠵᠢᠯᠯᠠᠭᠠᠨ ᠤ ᠶᠠᠪᠤᠴᠠ ᠶᠢ ᠰᠤᠷᠤᠯᠴᠠᠨ ᠡᠵᠡᠮᠰᠢᠵᠦ᠂ ᠰᠢᠨ᠎ᠡ ᠲᠢᠲᠢᠮ ᠤᠨ ᠸᠢᠷᠦ᠋ᠰ ᠤᠨ ᠥᠳᠥᠭᠡᠭᠴᠢ ᠶᠢ ᠰᠢᠯᠭᠠᠨ ᠪᠠᠶᠢᠴᠠᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢᠨ ᠲᠥᠰᠦᠯ ᠳᠤ ᠤᠯᠠᠮ ᠨᠢᠭᠡ ᠠᠯᠬᠤᠮ ᠣᠶᠢᠯᠠᠭᠠᠯᠲᠠ ᠲᠠᠢ ᠪᠣᠯᠤᠭᠰᠠᠨ ᠤ ᠬᠠᠮᠲᠤ ᠬᠤᠷᠠᠯ ᠳᠤ ᠣᠷᠣᠯᠴᠠᠭᠰᠠᠨ ᠪᠥᠬᠦ ᠬᠥᠮᠦᠰ ᠤᠨ ᠰᠡᠷᠭᠡᠶᠢᠯᠡᠨ ᠡᠵᠡᠮᠳᠡᠬᠦ ᠤᠬᠠᠮᠰᠠᠷ ᠢ ᠳᠡᠭᠡᠭᠰᠢᠯᠡᠭᠦᠯᠵᠦ᠂ ᠥᠳᠥᠭᠡᠭᠴᠢ ᠶᠢ ᠰᠢᠯᠭᠠᠨ ᠪᠠᠶᠢᠴᠠᠭᠠᠬᠤ ᠠᠵᠢᠯ ᠢ ᠡᠮᠬᠢ ᠵᠢᠷᠤᠮ ᠲᠠᠢ ᠥᠷᠨᠢᠭᠦᠯᠬᠦ ᠳᠤ ᠨᠢᠭᠡ ᠵᠦᠢᠯ ᠤᠨ ᠵᠢᠷᠦᠬᠡ ᠴᠢᠩᠭᠠᠷᠠᠭᠤᠯᠬᠤ ᠡᠮ ᠣᠷᠣᠭᠤᠯᠵᠤ᠂ ᠲᠠᠷᠠᠭᠠᠴᠢ ᠶᠢᠨ ᠠᠯᠬᠤᠮ ᠳᠤ ᠥᠳᠥᠭᠡᠭᠴᠢ ᠶᠢ ᠰᠢᠯᠭᠠᠨ ᠪᠠᠶᠢᠴᠠᠭᠠᠬᠤ ᠠᠵᠢᠯ ᠢ ᠵᠢᠷᠤᠮᠵᠢᠭᠤᠯᠤᠨ ᠥᠷᠨᠢᠭᠦᠯᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃                                  ᠢᠷᠡᠯᠲᠡ : ᠰᠢᠩ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ                              ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                              ᠤᠷᠴᠢᠭᠤᠯᠤᠭᠴᠢ᠄ ᠨᠠᠷᠠᠰᠤ                              ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3