ᠮᠠᠨ ᠤ ᠰᠢᠶᠠᠨ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠵᠣᠬᠢᠴᠠᠭᠤᠯᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/2
     3 ᠰᠠᠷ᠎ᠠ ᠶᠢᠨ 30 ᠤ ᠡᠳᠦᠷ᠂ ᠰᠢᠶᠠᠨ ᠤ ᠵᠠᠰᠠᠭ ᠤᠨ ᠣᠷᠳᠣᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠳᠥᠯᠭᠢᠨ ᠠᠬᠢᠭᠤᠯᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠵᠣᠬᠢᠴᠠᠭᠤᠯᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠾᠧ ᠶᠢᠩ ᠽᠢ ᠬᠤᠷᠠᠯ ᠡᠷᠭᠢᠯᠡᠪᠡ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠬᠤ ᠶᠢᠨ ᠬᠦᠴᠦᠲᠡᠢ ᠭᠠᠷᠳᠠᠴᠠ ᠮᠥᠨ᠃ ᠤᠢᠢᠷ᠎ᠠ ᠶᠢᠨ ᠵᠢᠯ ᠠᠴᠠ᠂ ᠮᠠᠨ ᠤ ᠰᠢᠶᠠᠨ ᠡᠯ᠎ᠡ ᠱᠠᠲᠤᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠵᠣᠬᠢᠬᠤ ᠦᠷ᠎ᠡ ᠪᠦᠲᠦᠮᠵᠢ ᠣᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ ᠬᠥᠭᠵᠢᠭᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠳᠤᠪᠤᠶᠢᠯᠭᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤᠮᠳᠠᠬᠢ ᠲᠦᠭᠵᠢᠷᠡᠯ ᠢ ᠨᠡᠪᠲᠡᠷᠡᠭᠦᠯᠵᠦ᠂ ᠬᠠᠷᠠᠯᠲᠠ ᠶᠢᠨ ᠴᠢᠭᠯᠡᠯ ᠢᠶᠠᠷ ᠬᠦᠴᠦᠯᠡᠵᠦ᠂ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ︔ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ︽ᠠᠵᠤ ᠦᠢᠯᠡᠳᠪᠦᠷᠢ ᠶᠢᠨ ᠥᠭᠡᠷᠡᠴᠢᠯᠡᠯᠲᠡ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ︔ ᠬᠤᠯᠪᠣᠭᠠᠯᠠᠨ ᠬᠥᠳᠡᠯᠦᠯᠴᠡᠬᠦ ᠶᠢ ᠨᠢᠭᠡᠳᠦᠯᠲᠡᠢ ᠲᠥᠯᠥᠪᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ︔ ᠬᠠᠷᠠᠯᠲᠠ ᠪᠠᠨ ᠳᠠᠬᠢᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠳᠠᠬᠢᠨ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠪᠠᠨ ᠳᠠᠬᠢᠨ ᠨᠠᠷᠢᠯᠢᠬᠵᠢᠭᠤᠯᠬᠤ ᠶᠢ ᠡᠷᠡᠰ ᠪᠡᠶᠡᠯᠡᠭᠦᠯᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ᠂ ︽ᠨᠢᠭᠡ ᠰᠦᠯᠵᠢᠶ᠎ᠡ ᠪᠠᠷ ᠨᠡᠶᠢᠳᠡᠮ ᠡᠷᠭᠢᠯᠡᠬᠦ︾ ᠴᠢᠳᠠᠪᠤᠷᠢ ᠶᠢ ᠳᠡᠭᠡᠭᠰᠢᠯᠡᠭᠦᠯᠬᠦ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠶ᠃      ᠬᠤᠷᠠᠯ ᠳᠡᠭᠡᠷ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠳᠥᠷᠪᠡ ᠶᠢ ᠰᠢᠢᠳᠪᠦᠷᠢᠯᠡᠬᠦ︾ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ︔ ︽ᠰᠢᠩ ᠾᠧ ᠰᠢᠶᠠᠨ ᠤ ᠨᠠᠩ ᠰᠢᠯᠢᠳᠡᠭ ᠡᠵᠡᠩᠨᠡᠯᠲᠡ ᠶᠢᠨ ᠣᠷᠴᠢᠨ ᠲᠣᠭᠤᠷᠢᠨ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠢᠯᠡᠴᠢᠯᠡᠬᠦ ᠠᠷᠭ᠎ᠠ ᠬᠡᠮᠵᠢᠶ᠎ᠡ ᠨᠦᠭᠦᠳ︾ ᠢ ᠬᠢᠨᠠᠨ ᠵᠥᠪᠯᠡᠵᠦ ᠪᠠᠲᠤᠯᠠᠪᠠ᠃      ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃                  ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                  ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                  ᠤᠷᠴᠢᠭᠤᠯᠤᠭᠴᠢ᠄ ᠨᠠᠷᠠᠰᠤ                  ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3