ᠳ᠋ᠠ ᠺᠦ᠋ ᠯᠢᠶᠠᠨ ᠰᠢᠶᠠᠩ ᠤᠨ ᠬᠠᠤᠯᠢ ᠴᠠᠭᠠᠵᠠ ᠶᠢᠨ ᠭᠠᠵᠠᠷ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠢ ᠵᠣᠬᠢᠶᠠᠨ ᠪᠠᠶᠢᠭᠤᠯᠵᠤ ᠳ᠋ᠠ ᠺᠦ᠋ ᠯᠢᠶᠠᠨ ᠰᠢᠶᠠᠩ ᠤᠨ ᠭᠤᠣᠯ ᠵᠡᠭᠡᠯᠢ ᠭᠤᠳᠤᠮᠵᠢ ᠳᠤ ᠨᠡᠶᠢᠲᠡ ᠶᠢᠨ ᠠᠰᠠᠷᠠᠮᠵᠢ ᠶᠢᠨ ᠬᠥᠳᠡᠯᠮᠦᠷᠢ ᠬᠢᠯᠭᠡᠨ᠎ᠡ
ᠨᠡᠶᠢᠲᠡᠯᠡᠭᠰᠡᠨ ᠴᠠᠭ᠄
2022/4/2
     ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠵᠣᠷᠢᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠡᠲᠡᠭᠡᠳ ᠤᠨ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ ᠰᠢᠩ ᠾᠧ ᠰᠢᠶᠠᠨ ᠤ ᠳ᠋ᠠ ᠺᠦ᠋ ᠯᠢᠶᠠᠨ ᠰᠢᠶᠠᠩ ᠤᠨ ᠬᠠᠤᠯᠢ ᠴᠠᠭᠠᠵᠠ ᠶᠢᠨ ᠭᠠᠵᠠᠷ ᠠᠴᠠ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠡᠲᠡᠭᠡᠳ ᠢ ᠵᠣᠬᠢᠶᠠᠨ ᠪᠠᠶᠢᠭᠤᠯᠵᠤ ᠳ᠋ᠠ ᠺᠦ᠋ ᠯᠢᠶᠠᠨ ᠰᠢᠶᠠᠩ ᠤᠨ ᠭᠤᠣᠯ ᠵᠡᠭᠡᠯᠢ ᠭᠤᠳᠤᠮᠵᠢ ᠳᠤ ᠨᠡᠶᠢᠲᠡ ᠶᠢᠨ ᠠᠰᠠᠷᠠᠮᠵᠢ ᠶᠢᠨ ᠬᠥᠳᠡᠯᠮᠦᠷᠢ ᠬᠢᠪᠡ᠃      ᠲᠣᠰ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠬᠥᠳᠡᠯᠮᠦᠷᠢ ᠶᠢᠨ ᠭᠤᠤᠯ ᠵᠣᠷᠢᠯᠭ᠎ᠠ ᠪᠣᠯ ᠵᠡᠭᠡᠯᠢ ᠭᠤᠳᠤᠮᠵᠢ ᠶᠢᠨ ᠯᠠᠭ ᠰᠢᠪᠡᠷ ᠪᠠ ᠵᠡᠭᠡᠯᠢ ᠭᠤᠳᠤᠮᠵᠢ ᠶᠢᠨ ᠬᠤᠶᠠᠷ ᠬᠠᠵᠠᠭᠤ ᠶᠢᠨ ᠡᠯ᠎ᠡ ᠵᠦᠢᠯ ᠤᠨ ᠬᠤᠭ ᠨᠣᠪᠰᠢ ᠶᠢ ᠴᠡᠪᠡᠷᠯᠡᠵᠦ᠂ ᠵᠡᠭᠡᠯᠢ ᠭᠤᠳᠤᠮᠵᠢ ᠪᠠ ᠵᠠᠮ ᠤᠨ ᠬᠤᠶᠠᠷ ᠬᠠᠵᠠᠭᠤ ᠶᠢᠨ ᠴᠡᠪᠡᠷ ᠲᠡᠭᠰᠢ ᠪᠠᠶᠢᠬᠤ ᠶᠢ ᠪᠠᠲᠤᠯᠠᠵᠤ᠂ ᠲᠤᠬᠠᠶ ᠶᠢᠨ ᠭᠠᠵᠠᠷ ᠤᠨ ᠰᠠᠭᠤᠭᠠᠯᠢ ᠡᠷᠦᠬᠡ ᠳᠤ ᠠᠮᠢᠳᠤᠷᠠᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠣᠯᠭᠤᠬᠤ ᠶᠢᠨ ᠲᠥᠯᠥᠭᠡ ᠶᠤᠮ᠃ ᠨᠡᠶᠢᠲᠡ ᠶᠢᠨ ᠠᠰᠠᠷᠠᠮᠵᠢ ᠶᠢᠨ ᠬᠥᠳᠡᠯᠮᠦᠷᠢ ᠨᠢ ᠲᠤᠬᠠᠶ ᠶᠢᠨ ᠡᠳᠦᠷ ᠲᠤ ᠰᠠᠯᠬᠢ ᠰᠢᠭᠤᠷᠭ᠎ᠠ ᠶᠡᠬᠡᠲᠡᠶ ᠪᠠᠶᠢᠭᠰᠠᠨ ᠪᠣᠯᠪᠠᠴᠤ ᠬᠥᠳᠡᠯᠮᠦᠷᠢ ᠳᠤ ᠣᠷᠣᠯᠴᠠᠭᠰᠠᠨ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠡᠲᠡᠭᠡᠳ ᠲᠤ ᠶᠠᠮᠠᠷ ᠴᠤ ᠭᠤᠮᠣᠳᠠᠯ ᠦᠭᠡᠶ ᠪᠠᠶᠢᠪᠠ᠃ ᠬᠥᠳᠡᠯᠮᠦᠷᠢ ᠶᠢᠨ ᠳᠤᠮᠳᠠ᠂ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠡᠲᠡᠭᠡᠳ ᠤᠨ ᠬᠥᠳᠡᠯᠮᠦᠷᠢ ᠨᠢ ᠢᠳᠡᠪᠬᠢᠲᠡᠶ ᠪᠠᠶᠢᠵᠤ᠂ ᠬᠦᠴᠢᠷ ᠠᠴᠠ ᠠᠶᠤᠬᠤ ᠦᠭᠡᠶ ᠶᠠᠳᠠᠷᠠᠬᠤ ᠠᠴᠠ ᠠᠶᠤᠬᠤ ᠦᠭᠡᠶ᠂ ᠬᠥᠩᠭᠡᠨ ᠢ ᠨᠢ ᠰᠢᠯᠢᠵᠦ ᠬᠦᠨᠳᠦ ᠶᠢ ᠨᠢ ᠭᠤᠯᠣᠬᠤ ᠦᠭᠡᠶ᠂ ᠨᠡᠩ ᠴᠤ ᠵᠠᠯᠬᠠᠭᠤᠷᠠᠬᠤ ᠪᠠᠶᠢᠳᠠᠯ ᠭᠠᠷᠤᠭᠰᠠᠨ ᠦᠭᠡᠶ᠂ ᠡᠴᠦᠰ ᠲᠡᠭᠡᠨ ᠨᠡᠶᠢᠲᠡ ᠶᠢᠨ ᠠᠰᠠᠷᠠᠮᠵᠢ ᠶᠢᠨ ᠬᠥᠳᠡᠯᠮᠦᠷᠢ ᠪᠠᠷ ᠳᠠᠮᠵᠢᠭᠤᠯᠤᠨ ᠵᠡᠭᠡᠯᠢ ᠭᠤᠳᠤᠮᠵᠢ ᠶᠢ ᠴᠣ᠋ ᠰᠢᠨ᠎ᠡ ᠪᠣᠯᠭᠠᠭᠰᠠᠨ ᠪᠠᠶᠢᠨ᠎ᠠ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠡᠷᠬᠢᠨ ᠲᠣᠭᠤᠷᠢᠨ ᠤ ᠰᠠᠭᠤᠭᠠᠯᠢ ᠡᠷᠦᠬᠡ ᠲᠡᠳᠡᠨ ᠤ ᠦᠢᠯᠡ ᠠᠵᠢᠯᠯᠠᠭ᠎ᠠ ᠶᠢ ᠨᠤᠲᠠᠯᠠᠵᠤ ᠪᠠᠶᠢᠬᠤ ᠪᠠ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠵᠦ᠂ ᠬᠥᠳᠡᠯᠮᠦᠷᠢ ᠳᠤ ᠣᠷᠣᠯᠴᠠᠭᠰᠠᠨ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠡᠲᠡᠭᠡᠳ ᠬᠡᠳᠦᠶ ᠵᠦᠳᠡᠷᠡᠵᠦ ᠬᠡᠳᠦᠶ ᠶᠠᠳᠠᠷᠠᠭᠰᠠᠨ ᠴᠤ ᠪᠦᠷ ᠪᠡᠨ᠎ᠡ ᠲᠠᠢ ᠶᠤᠮ᠃      ᠬᠡᠳᠦ᠋ᠢᠪᠡᠷ ᠡᠨᠡ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠬᠥᠳᠡᠯᠮᠦᠷᠢ ᠨᠢ ᠣᠬᠤᠷᠬᠠᠨ ᠬᠠᠭᠠᠰ ᠡᠳᠦᠷ ᠤᠨ ᠬᠤᠭᠤᠴᠠᠭ᠎ᠠ ᠲᠠᠢ ᠪᠣᠯᠪᠠᠴᠤ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠲᠤ ᠬᠥᠳᠡᠯᠮᠦᠷᠢ ᠶᠢᠨ ᠳᠤᠮᠳᠠ ᠬᠥᠮᠦᠵᠢᠯ ᠬᠦᠷᠲᠡᠭᠡᠵᠦ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠬᠤ ᠪᠣᠯ ᠰᠠᠶ᠋ᠢ ᠬᠥᠮᠦᠨ ᠤ ᠠᠮᠢᠳᠤᠷᠠᠯ ᠤᠨ ᠥᠷᠲᠡᠭ ᠢ ᠪᠡᠶᠡᠯᠡᠭᠦᠯᠬᠦ ᠬᠠᠮᠤᠭ ᠤᠨ ᠰᠠᠶᠢᠨ ᠠᠷᠭ᠎ᠠ ᠵᠠᠮ ᠮᠥᠨ ᠭᠡᠳᠡᠭ ᠢ ᠣᠶᠢᠯᠠᠭᠠᠵᠤ ᠮᠡᠳᠡᠭᠰᠡᠨ ᠪᠠᠶᠢᠨ᠎ᠠ᠃                       ᠵᠤᠬᠢᠶᠠᠭᠴᠢ᠄ ᠬᠠᠤᠯᠢ ᠴᠠᠭᠠᠵᠠ ᠶᠢᠨ ᠲᠣᠪᠴᠢᠶᠠᠨ ᠤ ᠸᠠᠩ ᠵᠢᠶᠦ᠋ᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3