ᠾᠧ ᠶᠢᠩ ᠽᠢ ᠬᠡᠰᠡᠭ ᠭᠤᠣᠯᠳᠠᠯᠭ᠎ᠠ ᠲᠠᠢ ᠲᠦᠷᠦᠯ ᠵᠦᠢᠯ ᠳᠤ ᠭᠦᠨᠵᠡᠭᠡᠶᠢᠷᠡᠨ ᠠᠵᠢᠯ ᠡᠬᠢᠯᠡᠭᠦᠯᠦᠭᠰᠡᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/4/20
     4 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠾᠧ ᠶᠢᠩ ᠽᠢ ᠬᠡᠰᠡᠭ ᠭᠤᠣᠯᠳᠠᠯᠭ᠎ᠠ ᠲᠠᠢ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠵᠦ᠂ ᠪᠠᠷᠢᠯᠭ᠎ᠠ ᠡᠬᠢᠯᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠲᠤᠪᠴᠢᠶ᠎ᠡ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠤᠪᠴᠢᠶ᠎ᠡ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠾᠧ ᠶᠢᠩ ᠽᠢ ᠨᠡᠷ ᠤᠷᠢᠳ ᠬᠤᠵᠢᠳ ᠴᠢᠩ ᠮᠤᠩ ᠤᠨ ᠭᠠᠷ ᠤᠲᠠᠰᠤᠨ ᠤ ᠢᠯᠴᠢ ᠲᠠᠷᠬᠠᠭᠠᠬᠤ᠂ ᠷᠦᠢ ᠱᠧᠩ ᠨᠡᠭᠦᠷᠡᠰᠦᠲᠥ᠋ᠷᠥᠭᠴᠢ ᠶᠢᠨ ᠡᠯᠧᠮᠧᠨ᠋ᠲ ᠤᠨ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ᠂ ᠪᠢᠴᠢᠭ ᠤᠨ ᠰᠤᠷᠪᠤᠯᠵᠢ ᠶᠢᠨ ᠨᠡᠷᠡᠲᠦ ᠬᠦᠷᠢᠶᠡᠯᠡᠩ᠂ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠪᠤᠴᠠᠨ ᠨᠡᠭᠦᠬᠦ ᠠᠰᠠᠷ᠂ ᠢᠦ᠋ᠢᠴᠤᠩ ᠤᠨ ᠭᠤᠣᠯᠢᠩ ᠰᠢᠷᠣᠶ᠂ ᠱᠠᠨ ᠾᠧ ᠣᠨᠴᠠ ᠪᠣᠯᠣᠳ ᠲᠡᠮᠦᠷ ᠵᠡᠷᠭᠡ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠵᠦ᠂ ᠲᠥᠷᠥᠯ ᠵᠦᠢᠯ ᠤᠨ ᠬᠠᠷᠢᠭᠤᠴᠠᠯᠭᠠᠲᠤ ᠨᠢᠭᠡᠴᠡ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠣᠰᠬᠤ ᠶᠢᠨ ᠬᠠᠮᠲᠤ᠂ ᠠᠵᠤ ᠠᠬᠤᠶᠢᠯᠠᠯ ᠤᠨ ᠲᠥᠷᠥᠯ ᠵᠤᠶᠢᠯ ᠳᠤ ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ ᠳᠤ ᠲᠤᠬᠠᠶ ᠶᠢᠨ ᠭᠠᠵᠠᠷ ᠲᠤᠨᠢ ᠲᠣᠬᠢᠷᠠᠭᠤᠯᠤᠯᠲᠠ ᠬᠢᠬᠦ ᠬᠡᠷᠡᠭᠲᠡᠶ᠃      ᠾᠧ ᠢᠩ ᠽᠢ ᠵᠢᠭᠠᠵᠤ ᠭᠠᠷᠭᠠᠬᠤ ᠳᠠᠭᠠᠨ᠄ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠰᠢᠶᠠᠨ ᠤ ᠬᠡᠪᠴᠢᠶᠡᠨ ᠤ ᠠᠵᠤ ᠠᠬᠤᠢ ᠶᠢᠨ ᠲᠦᠷᠭᠡᠨ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠭᠡᠭᠰᠢᠯᠡᠭᠦᠯᠬᠦ ᠬᠦᠴᠦᠲᠡᠢ ᠲᠤᠯᠭᠠᠭᠤᠷᠢᠯᠠᠯ ᠮᠥᠨ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠲᠦᠷᠦᠯ ᠵᠦᠢᠯ ᠢ ᠬᠡᠷᠡᠭᠵᠢᠭᠦᠯᠬᠦ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠪᠣᠯᠤᠨ ᠠᠬᠢᠴᠠ ᠶᠢᠨ ᠱᠠᠭᠠᠷᠳᠠᠯᠭ᠎ᠠ ᠶᠢ ᠴᠢᠩᠭ᠎ᠠ ᠠᠳᠬᠤᠵᠤ᠂ ᠲᠦᠷᠦᠯ ᠵᠦᠢᠯ ᠤᠨ ᠤᠷᠤᠭᠰᠢᠲᠠᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ︔ ᠡᠯ᠎ᠡ ᠲᠦᠷᠦᠯ ᠵᠦᠢᠯ ᠤᠨ ᠬᠠᠷᠢᠭᠤᠴᠠᠯᠭᠠᠲᠤ ᠨᠢᠭᠡᠴᠡ ᠶᠢᠨ ᠬᠠᠷᠢᠭᠤᠴᠠᠯᠭᠠᠲᠠᠨ ᠡᠭᠦᠷᠭᠡᠯᠡᠨ ᠠᠵᠢᠯᠯᠠᠬᠤ ᠪᠠᠨ ᠴᠢᠩᠭᠠᠳᠬᠠᠵᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠡᠮᠦᠨ᠎ᠡ ᠹᠷᠣᠨᠲ ᠲᠤ ᠣᠴᠢᠵᠤ ᠵᠢᠯᠣᠭᠤᠳᠴᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠪᠦᠬᠦ ᠲᠠᠯ᠎ᠠ ᠶᠢᠨ ᠡᠯᠧᠮᠧᠨ᠋ᠲ ᠤᠨ ᠪᠠᠲᠤᠯᠠᠭ᠎ᠠ ᠬᠠᠩᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠰᠠᠶᠢᠲᠤᠷ ᠦᠢᠯᠡᠴᠢᠯᠡᠵᠦ᠂ ᠠᠵᠤ ᠠᠬᠤᠶᠢᠯᠠᠯ ᠢ ᠬᠠᠪᠰᠤᠷᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠦᠷᠦᠯ ᠵᠦᠢᠯ ᠢ ᠲᠦᠷᠭᠡᠨ ᠪᠦᠳᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ︔ ᠲᠥᠷᠥᠯ ᠵᠤᠶᠢᠯ ᠤᠨ ᠪᠠᠷᠢᠯᠭ᠎ᠠ ᠪᠠᠷᠢᠬᠤ ᠨᠢᠭᠡᠴᠡ ᠨᠦᠭᠦᠳ ᠠᠮᠤᠷ ᠲᠦᠪᠰᠢᠨ ᠤ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠠᠶᠤᠯ ᠥᠬᠡᠶ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠶᠤᠯ ᠥᠬᠡᠶ ᠤᠶᠢᠯᠡᠳᠪᠤᠷᠢᠯᠡᠯ ᠤᠨ ᠪᠠᠶᠢᠴᠠᠭᠠᠯᠲᠠ ᠶᠢ ᠴᠢᠩᠭᠠᠳᠬᠠᠵᠤ᠂ ᠶᠠᠰᠤ ᠴᠢᠨᠠᠷ ᠪᠠ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ᠂ ᠠᠶᠤᠯ ᠥᠬᠡᠶ ᠤᠶᠢᠯᠡᠳᠪᠤᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃                     ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ        
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3