ᠸᠠᠩ ᠬᠤᠢ ᠢᠦᠢ ᠰᠢᠩ ᠡᡁᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2022 ᠣᠨ ᠤ 12 ᠳ᠋ᠤᠭᠠᠷ ᠤᠳᠠᠭ᠎ᠠ ᠶᠢᠨ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/20
     4 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠰᠢᠩ ᠡᡁᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2022 ᠣᠨ ᠤ 12 ᠳ᠋ᠤᠭᠠᠷ ᠤᠳᠠᠭ᠎ᠠ ᠶᠢᠨ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃
     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ᠂ ᠡᠪᠦᠯ ᠤᠨ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠳᠠᠬᠢ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠠᠶᠢᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ︔ ᠰᠢ ᠶᠢᠨ ᠫᠢᠩ ᠶᠡᠷᠦᠩᠬᠡᠢ ᠱᠦᠵᠢ ᠶᠢᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠤᠶᠠᠷ ᠬᠠᠯᠬᠠᠪᠴᠢ︾ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠡ ᠲᠦᠷᠦ ᠶᠢᠨ ᠶᠠᠪᠤᠳᠠᠯ ᠤᠨ ᠬᠤᠷᠢᠶ᠎ᠡ ᠶᠢᠨ ᠳᠠᠷᠤᠮᠠᠯᠯᠠᠨ ᠲᠠᠷᠬᠠᠭᠠᠭᠰᠠᠨ ︽ᠵᠠᠬᠢᠳᠠᠯ ᠰᠤᠷᠪᠤᠯᠵᠢᠯᠠᠭ᠎ᠠ ᠶᠢᠨ  ᠂ᠠᠵᠢᠯ ᠤᠨ ᠳᠦᠷᠢᠮ︾᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠪᠥᠬᠦ ᠨᠠᠮ ᠤᠨ ᠬᠡᠪᠴᠢᠶᠡᠨ ᠳᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠮᠡᠳᠡᠭᠦᠯᠦᠯᠲᠡ︾ ︽ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠪᠣᠯᠭᠠᠬᠤ ᠶᠢ ᠳᠥᠯᠭᠢᠨ ᠠᠬᠢᠭᠤᠯᠬᠤ ᠲᠤᠬᠠᠶ ᠰᠠᠨᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠨ᠎ᠠ︔ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠡ ᠶᠢᠨ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨᠪᠥᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ᠂ 2022 ᠣᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠪᠠ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ᠂ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠲᠤᠰᠬᠠᠶ ᠠᠵᠢᠯ ᠤᠨ ᠳᠤᠭᠤᠶᠢᠯᠠᠩ ᠤᠨ 2022 ᠣᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠢᠶᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ ᠮᠤᠵᠢ ᠶᠢᠨ ᠡᠪᠦᠯ ᠤᠨ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠢ ᠳ᠋ᠦᠩᠨᠡᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠬᠡᠷᠡᠭᠲᠡᠢ᠃ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ᠂ ᠡᠪᠦᠯ ᠤᠨ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠬᠤᠲᠠ ᠶᠢᠨ ᠣᠯᠤᠭᠰᠠᠨ ᠴᠢᠬᠤᠯᠠ ᠶᠡᠭᠡ ᠠᠮᠵᠢᠯᠲᠠ ᠶᠢ ᠭᠦᠨᠵᠡᠭᠡᠶ ᠣᠶᠢᠯᠠᠭᠠᠵᠤ᠂ ︽ᠲᠦᠷᠪᠡ ᠶᠢ ᠪᠠᠷᠢᠮᠲᠠᠯᠠᠬᠤ︾ ᠡᠷᠬᠢᠮ ᠨᠠᠨᠳᠢᠨ ᠲᠤᠷᠰᠢᠯᠭ᠎ᠠ ᠶᠢ ᠨᠠᠷᠢᠨ ᠬᠢᠨᠠᠮᠠᠭᠠᠢ ᠡᠵᠡᠮᠳᠡᠵᠦ᠂ ︽ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠠᠭᠲᠠᠭᠠᠵᠤ᠂ ᠪᠡᠶ᠎ᠡ ᠳᠡᠭᠡᠨ ᠢᠲᠡᠭᠡᠯ ᠲᠠᠢ ᠨᠡᠬᠡᠬᠡᠯᠳᠡ ᠬᠢᠵᠦ᠂ ᠬᠦᠴᠢᠷ ᠢ ᠰᠦᠷᠦᠨ ᠤᠷᠤᠭᠰᠢᠯᠠᠵᠤ᠂ ᠭᠠᠷᠮᠠᠭᠠᠢ ᠠᠮᠵᠢᠯᠲᠠ ᠶᠢ ᠬᠥᠭᠡᠭᠡᠴᠡᠯᠳᠦᠵᠦ᠂ ᠢᠷᠡᠭᠡᠳᠦᠢ ᠪᠠᠨ ᠬᠠᠮᠲᠤᠪᠠᠷ ᠴᠣᠭᠴᠠᠯᠠᠬᠤ︾ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠰᠢ ᠶᠢᠨ ᠫᠢᠩ ᠤ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠳᠡᠭᠡᠳᠦ  ᠬᠡᠮᠵᠢᠶ᠎ᠡ ᠪᠠᠷ ᠨᠢᠭᠡᠳᠬᠡᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠤᠬᠠᠮᠰᠠᠷᠲᠤ ᠴᠢᠨᠠᠷ ᠢᠶᠠᠨ ᠲᠠᠰᠤᠷᠠᠯᠳᠡ ᠦᠭᠡᠢ ᠴᠢᠩᠭᠠᠳᠬᠠᠬᠤ ᠬᠡᠷᠡᠭᠲᠡᠢ︔ ᠰᠢ ᠶᠢᠨ ᠫᠢᠩ ᠶᠡᠷᠦᠩᠬᠡᠢ ᠱᠦᠵᠢ ᠶᠢᠨ ᠬᠠᠶᠢᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠬᠡᠷᠡᠭᠲᠡᠢ᠃ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠪᠦᠬᠦ ᠰᠢᠶᠠᠨ ᠤ ᠪᠣᠳᠠᠲᠤ ᠪᠠᠶᠢᠳᠠᠯ ᠠᠴᠠ ᠪᠠᠨ ᠡᠭᠦᠰᠦᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠭᠦᠨᠵᠡᠭᠡᠶᠢᠷᠡᠭᠦᠯᠵᠦ᠂ ᠦᠨᠡᠨᠴᠢ ᠰᠢᠳᠤᠷᠭᠤ ᠪᠠᠷ ᠬᠦᠷᠢᠶᠡᠯᠡᠬᠦ ︽ᠬᠤᠶᠠᠷ ᠢ ᠲᠣᠭᠲᠠᠭᠠᠬᠤ︾ ᠶᠢ ᠪᠠᠷᠢᠮᠲᠠᠯᠠᠵᠤ᠂ ︽ᠬᠤᠶᠠᠷ ᠢ ᠬᠠᠮᠠᠭᠠᠯᠠᠬᠤ︾ ᠶᠢ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠵᠤ᠂ ᠠᠵᠢᠯᠯᠠᠭ᠎ᠠ ᠳᠡᠭᠡᠷ᠎ᠡ ᠪᠠᠨ ᠢᠯᠡᠷᠡᠭᠦᠯᠬᠦ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠬᠤ ᠬᠡᠷᠡᠭᠲᠡᠢ ᠃ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠷᠢᠨ ᠳᠤ ᠲᠠᠯᠪᠢᠬᠤ ᠬᠡᠷᠡᠭᠲᠡᠶ᠃ ᠰᠢᠨ᠎ᠡ ᠴᠠᠭ ᠦᠶ᠎ᠡ ᠶᠢᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠤᠯᠠᠮ ᠴᠢᠨᠠᠭᠰᠢᠳᠠ ᠲᠦᠷᠢᠮ ᠢ ᠪᠦᠷᠢᠨᠰᠢᠬᠦᠯᠵᠦ᠂ ᠠᠯᠳᠠᠰᠢ ᠭᠠᠷᠬᠤ ᠶᠢ ᠬᠤᠷᠢᠭᠯᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠨᠡᠨᠬᠦ ᠪᠤᠢ ᠪᠣᠯᠭᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠭᠦᠨᠵᠡᠭᠡᠶ ᠰᠤᠷᠤᠯᠴᠠᠨ ᠲᠤᠤᠱᠯᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠤᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠦᠳᠦᠬᠡᠨ ᠪᠠᠶᠢᠭᠤᠯᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠬᠤᠶᠠᠷ ᠬᠠᠯᠬᠠᠪᠴᠢ︾ ᠶᠢ ᠪᠦᠳᠦᠬᠡᠨ ᠪᠠᠶᠢᠭᠤᠯᠬᠤ ᠪᠠᠷ ︽ᠬᠤᠶᠠᠷ ᠬᠠᠮᠠᠭᠠᠯᠠᠯᠲᠠ︾ ᠶᠢ ᠦᠢᠯᠡᠳᠦᠯᠭᠡᠵᠢᠭᠦᠯᠬᠦ ᠪᠣᠳᠠᠲᠠᠢ ᠠᠵᠢᠯᠯᠠᠭ᠎ᠠ ᠪᠣᠯᠭᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠦᠯᠦ ᠬᠥᠰᠡᠷᠳᠡᠭᠦᠯᠵᠦ᠂ ︽ᠬᠤᠶᠠᠷ ᠬᠠᠯᠬᠠᠪᠴᠢ︾ ᠶᠢ ᠪᠠᠬᠢᠵᠢᠭᠦᠯᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ︔ ᠪᠣᠬᠢᠷᠲᠤᠯ ᠦᠭᠡᠢ ᠪᠠᠷ ᠬᠡᠯᠪᠡᠷᠢ ᠶᠢ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠪᠦᠬᠦ ᠰᠢᠶᠠᠨ ᠤ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠢ ᠪᠠᠶᠢᠭᠤᠯᠵᠤ᠂ ᠴᠠᠷ ᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠦᠷᠭᠦᠯᠵᠢᠯᠡᠨ ᠰᠠᠶᠢᠲᠤᠷ ᠠᠳᠬᠤᠵᠤ᠂ ︽ᠬᠤᠶᠠᠷ ᠥᠨᠳᠥᠷ︾ ᠠᠵᠢᠯ ᠲᠦᠷᠦᠯ ᠤᠨ ᠳᠣᠣᠷ᠎ᠠ ᠲᠦᠪᠰᠢᠨ ᠤ ᠰᠣᠬᠤᠷ ᠪᠠᠯᠠᠢ ᠪᠠᠷ ᠬᠥᠭᠵᠢᠬᠦ ᠶᠢ ᠡᠷᠡᠰ ᠬᠤᠷᠢᠭᠯᠠᠵᠤ᠂ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠶᠢ ᠳᠤᠪᠤᠶᠢᠮ᠎ᠠ ᠰᠠᠶᠢᠲᠤᠷ ᠠᠳᠬᠤᠵᠤ᠂ ᠠᠭᠠᠷ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠤᠢ ᠰᠢᠭᠤᠢ ᠡᠪᠡᠰᠦᠨ ᠤ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠲᠦᠷᠭᠡᠳᠬᠡᠬᠦ ᠬᠡᠷᠡᠭᠲᠡᠢ︔ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ᠂ ︽ᠠᠮᠤᠷ ᠠᠮᠤᠭᠤᠯᠠᠩ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ︾ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠢ᠃ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠪᠠᠶᠢᠳᠠᠯ ᠤᠨ ᠪᠤᠳᠤᠯᠢᠶᠠᠨᠲᠤ ᠴᠢᠨᠠᠷ ᠪᠣᠯᠤᠨ ᠬᠦᠨᠳᠦ ᠨᠣᠴᠢᠲᠠᠢ ᠴᠢᠨᠠᠷ ᠢ ᠰᠡᠷᠭᠡᠭ ᠢᠶᠠᠷ ᠲᠠᠨᠢᠵᠤ᠂ ᠲᠣᠭᠲᠠᠭᠤᠨ ᠢ ᠬᠠᠮᠠᠭᠠᠯᠠᠬᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠮᠤᠷ ᠲᠦᠪᠰᠢᠨ ᠬᠥᠭᠵᠢᠯᠲᠡ ᠶᠢ ᠡᠯ᠎ᠡ ᠬᠦᠷᠢᠶ᠎ᠡ ᠪᠣᠯᠤᠨ ᠪᠦᠬᠦ ᠶᠠᠪᠤᠴᠠ ᠳᠤ ᠲᠤᠤᠱᠯᠠᠭᠤᠯᠵᠤ᠂ ᠲᠣᠭᠲᠠᠭᠤᠨ ᠢ ᠪᠠᠲᠤᠯᠠᠬᠤ᠂ ᠠᠮᠤᠷ ᠲᠦᠪᠰᠢᠨ ᠢ ᠬᠠᠮᠠᠭᠠᠯᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃      ᠮᠠᠨ ᠤ ᠰᠢᠶᠠᠨ ᠤ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠠᠵᠢᠯ ᠢ ᠤᠯᠠᠮ ᠴᠢᠨᠠᠭᠰᠢᠳᠠ ᠠᠬᠢᠭᠤᠯᠬᠤ ᠲᠤᠬᠠᠢ ᠬᠤᠷᠠᠯ ᠠᠴᠠ᠂ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ︔ ᠢᠳᠡᠪᠬᠢᠲᠡᠢ ᠪᠠᠷ ᠠᠷᠭ᠎ᠠ ᠰᠦᠪᠡᠭᠴᠢᠯᠡᠨ ᠠᠬᠢᠭᠤᠯᠵᠤ᠂ ᠰᠢᠶᠠᠨ ᠤ ᠱᠠᠲᠤᠨ ᠤ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠦᠷᠦᠯ ᠵᠦᠢᠯ ᠤᠨ ᠬᠥᠮᠥᠷᠭᠡ ᠶᠢ ᠲᠦᠷᠭᠡᠨ ᠪᠠᠶᠢᠭᠤᠯᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠴᠢᠩᠭ᠎ᠠ᠂ ᠳᠤᠲᠠᠭᠤᠳᠠᠯ ᠲᠤᠪᠤᠶᠢᠮ᠎ᠠ᠂ ᠲᠠᠷᠢᠶᠠᠯᠠᠩ ᠤᠨ ᠦᠢᠯᠡᠳᠪᠦᠷᠢᠯᠡᠯ ᠪᠣᠯᠤᠨ ᠲᠠᠷᠢᠶᠠᠴᠢᠳ ᠤᠨ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠶᠢ ᠬᠠᠮᠲᠤ ᠳᠤᠨᠢ ᠬᠠᠷᠠᠭᠠᠯᠵᠠᠭᠰᠠᠨ ᠲᠦᠷᠦᠯ ᠵᠦᠢᠯ ᠳᠤ ᠤᠷᠢᠳᠠᠪᠠᠷ ᠣᠷᠣᠭᠤᠯᠵᠤ᠂ ᠬᠥᠮᠥᠷᠭᠡ ᠳᠤ ᠣᠷᠣᠭᠤᠯᠬᠤ ᠲᠦᠷᠦᠯ ᠵᠦᠢᠯ ᠤᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ︔ ᠭᠤᠣᠯᠳᠠᠯᠭ᠎ᠠ ᠲᠠᠢ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠲᠣᠰᠬᠤᠨ ᠤ ᠠᠷᠠᠳ ᠤᠨ ᠤᠶᠤᠨ ᠰᠠᠨᠠᠭᠠᠨ ᠤ ᠳᠦᠷᠰᠦ ᠪᠠᠶᠢᠳᠠᠯ ᠢ ᠳᠡᠭᠡᠭᠰᠢᠯᠡᠭᠦᠯᠦᠨ᠎ᠡ᠃      ᠣᠳᠣᠬᠠᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠤᠨ ᠲᠤᠬᠠᠢ ᠬᠤᠷᠠᠯ ᠠᠴᠠ᠂ ᠠᠷᠠᠯᠵᠢᠶᠠᠴᠢᠨ ᠤᠷᠢᠬᠤ ᠶᠢ ᠪᠦᠬᠦ ᠬᠦᠴᠦᠨ ᠢᠶᠠᠷ ᠢᠶᠠᠨ ᠠᠳᠬᠤᠬᠤ ᠳᠤ᠂ ᠪᠦᠬᠦ ᠰᠢᠶᠠᠨ ᠢᠶᠠᠷ ᠢᠶᠠᠨ ᠡᠷᠬᠡᠪᠰᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠬᠥᠭᠵᠢᠭᠦᠯᠦᠨ ᠮᠠᠨᠳᠤᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠭᠠᠨ ᠠᠳᠬᠤᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠢ ᠬᠠᠮᠤᠭ ᠤᠨ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠭᠤᠶᠢᠪᠢᠰᠢ ᠦᠭᠡᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ︽ᠣᠨᠣᠪᠴᠢᠲᠠᠢ︾ ᠪᠠᠶᠢᠬᠤ ᠶᠢ ᠲᠤᠪᠤᠶᠢᠯᠭᠠᠵᠦ᠂ ᠳᠠᠪᠠᠭᠤᠯᠢᠭ ᠢᠶᠠᠨ ᠣᠨᠣᠪᠴᠢᠲᠠᠢ ᠡᠷᠢᠵᠦ᠂ ᠮᠠᠨ ᠤ ᠰᠢᠩ ᠡᡁᠧ ᠶᠢᠨ ᠣᠷᠣᠨ ᠪᠠᠶᠢᠷᠢ ᠶᠢᠨ ᠳᠠᠪᠠᠭᠤᠯᠢᠭ᠂ ᠰᠠᠭᠤᠷᠢ ᠳᠠᠪᠠᠭᠤᠯᠢᠭ᠂ ᠪᠠᠶᠢᠷᠢ ᠲᠣᠭᠲᠠᠭᠠᠯᠲᠠ ᠶᠢᠨ ᠳᠠᠪᠠᠭᠤᠯᠢᠭ ᠢᠶᠠᠨ ᠣᠨᠣᠪᠴᠢᠲᠠᠢ ᠡᠷᠢᠵᠦ ᠤᠯᠬᠤ ᠬᠡᠷᠡᠭᠲᠡᠢ᠃ ︽ᠠᠵᠢᠯᠴᠢ︾ ᠭᠡᠳᠡᠭ ᠢ ᠳᠣᠪᠤᠶᠢᠯᠭᠠᠬᠤ ᠳᠤ᠂ ᠳᠡᠭᠡᠳᠦ ᠳᠣᠤᠷᠠᠳᠤ ᠱᠠᠲᠤ ᠪᠠᠷ ᠢᠶᠠᠨ ᠰᠠᠨᠠᠯ ᠢᠶᠠᠨ ᠰᠣᠯᠢᠯᠴᠠᠨ᠂ ᠤᠷᠢᠳᠴᠢᠯᠠᠨ ᠠᠷᠭ᠎ᠠ ᠰᠦᠪᠡᠭᠴᠢᠯᠡᠵᠦ᠂ ᠰᠠᠨᠠᠭᠠᠴᠢᠯᠠᠭ᠎ᠠ ᠠᠴᠠ ᠪᠠᠨ ᠴᠢᠷᠮᠠᠶᠢᠨ ᠲᠡᠮᠡᠴᠡᠬᠦ ᠬᠡᠷᠡᠭᠲᠡᠶ᠃ ︽ᠦᠨᠡᠨᠴᠢ︾ ᠪᠠᠶᠢᠬᠤ ᠶᠢ ᠲᠤᠪᠤᠶᠢᠯᠭᠠᠵᠦ᠂ ᠦᠨᠡᠨᠴᠢ ᠪᠠᠷ ᠬᠥᠮᠦᠨ ᠤ ᠰᠡᠳᠬᠢᠯ ᠢ ᠬᠥᠳᠡᠯᠭᠡᠵᠦ᠂ ᠨᠤᠲᠤᠭ ᠤᠨ ᠬᠠᠶᠢᠷ᠎ᠠ ᠶᠢᠨ ᠫᠠᠶᠢᠰᠠ᠂ ᠲᠦᠷᠦᠯ ᠰᠠᠳᠤᠨ ᠤ ᠬᠠᠶᠢᠷ᠎ᠠ ᠶᠢᠨ ᠫᠠᠶᠢᠰᠠ᠂ ᠬᠠᠷᠢᠯᠴᠠᠨ ᠠᠰᠢᠭᠲᠠᠢ ᠫᠠᠶᠢᠰᠠ ᠶᠢ ᠰᠠᠶᠢᠲᠤᠷ ᠪᠤᠰᠬᠠᠵᠤ᠂ ᠦᠨᠡᠨᠴᠢ ᠪᠠᠷ ᠬᠠᠨᠳᠤᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ︔ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠠᠳᠬᠤᠵᠤ᠂ ᠣᠷᠣᠯᠭ᠎ᠠ ᠪᠠᠨ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠳᠬᠤᠬᠤ ᠬᠡᠷᠡᠭᠲᠡᠢ᠃ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠣᠳᠣᠬᠠᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠲᠣᠳᠣᠷᠬᠠᠢ ᠲᠠᠨᠢᠵᠤ᠂ ᠬᠥᠭᠵᠢᠯ ᠮᠠᠨᠳᠤᠯ ᠤᠨ ᠬᠥᠭᠵᠢᠯᠲᠡ ᠶᠢᠨ ᠳᠠᠪᠠᠭᠤᠯᠢᠭ ᠪᠣᠯᠤᠨ ᠳᠤᠲᠠᠭᠤᠳᠠᠯ ᠤᠨ ᠲᠣᠭᠤᠷᠢᠨ ᠳᠤ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠬᠦᠴᠢᠷ ᠢ ᠰᠦᠷᠦᠨ ᠤᠷᠤᠭᠰᠢᠯᠠᠵᠤ᠂ ᠰᠠᠨᠠᠭᠠᠴᠢᠯᠠᠭ᠎ᠠ ᠲᠠᠢ ᠪᠠᠷ ᠲᠠᠭᠠᠷᠢᠯᠳᠡ ᠬᠢᠵᠦ᠂ ᠬᠥᠭᠵᠢᠯᠲᠡ ᠶᠢ ᠲᠦᠷᠭᠡᠳᠬᠡᠬᠦ ᠢᠲᠡᠭᠡᠯ ᠵᠣᠷᠢᠭ ᠢᠶᠠᠨ ᠲᠠᠰᠤᠷᠠᠯᠳᠠ ᠦᠭᠡᠢ ᠴᠢᠩᠭᠠᠳᠬᠠᠵᠤ᠂ ᠶᠡᠷᠦ ᠪᠤᠰᠤ ᠶᠢᠨ ᠠᠷᠭ᠎ᠠ ᠬᠡᠮᠵᠢᠶ᠎ᠡ ᠠᠪᠴᠤ᠂ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠮᠠᠨ ᠤ ᠰᠢᠶᠠᠨ ᠤ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ᠂ ᠤᠷᠲᠤ ᠬᠤᠭᠤᠴᠠᠭ᠎ᠠ ᠬᠦᠴᠦᠨ ᠲᠠᠢ ᠪᠠᠶᠢᠯᠭᠠᠬᠤ ᠶᠢ ᠠᠬᠢᠭᠤᠯᠵᠤ᠂ ᠬᠤᠷᠠᠯ ᠠᠴᠠ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠬᠤ ᠲᠠᠯ᠎ᠠ ᠪᠠᠷ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠶᠠᠰᠤ ᠴᠢᠨᠠᠷ ᠪᠣᠯᠤᠨ ᠲᠦᠪᠰᠢᠨ ᠢ ᠳᠡᠭᠡᠭᠰᠢᠯᠡᠭᠦᠯᠵᠦ᠂ ᠳᠡᠭᠡᠳᠦ ᠲᠤᠤᠷᠠᠳᠤ ᠱᠠᠳᠤ ᠪᠠᠷ ᠢᠶᠠᠨ ᠬᠠᠮᠵᠢᠯᠴᠠᠨ ᠠᠬᠢᠭᠤᠯᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠰᠣᠶᠣᠯ ᠤᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠣᠳᠠᠲᠠᠢ ᠬᠦᠴᠢᠷᠳᠡᠯ ᠢ ᠰᠢᠢᠳᠪᠦᠷᠢᠯᠡᠬᠦ ᠶᠢ ᠴᠢᠬᠤᠯᠠᠴᠢᠯᠠᠵᠤ᠂ ᠪᠦᠬᠦ ᠰᠢᠶᠠᠨ ᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠦᠷᠭᠦᠯᠵᠢᠯᠡᠨ ᠬᠥᠭᠵᠢᠬᠦ᠂ ᠪᠦᠬᠦᠯᠢ ᠴᠣᠭᠴᠠ ᠪᠠᠷ ᠠᠬᠢᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ︔ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ᠂ ᠤᠷᠲᠤ ᠬᠤᠭᠤᠴᠠᠭ᠎ᠠ ᠬᠦᠴᠦᠨ ᠲᠠᠢ ᠪᠠᠶᠢᠯᠭᠠᠬᠤ ᠶᠢ ᠠᠬᠢᠭᠤᠯᠬᠤ ᠲᠠᠯ᠎ᠠ ᠪᠠᠷ᠂ ᠪᠠᠶᠢᠩᠭᠤ ᠰᠤᠷᠤᠯᠴᠠᠵᠤ ᠪᠠᠶᠢᠩᠭᠤ ᠰᠢᠨᠡᠴᠢᠯᠡᠬᠦ ᠳᠤ ᠬᠦᠴᠦ ᠲᠠᠯᠪᠢᠵᠤ᠂ ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠳᠡᠭᠡᠷ᠎ᠡ ᠬᠦᠴᠦ ᠲᠠᠯᠪᠢᠵᠤ᠂ ᠰᠤᠷᠴᠤ ᠬᠡᠷᠡᠭᠯᠡᠬᠦ ᠶᠢ ᠤᠶᠠᠯᠳᠤᠭᠤᠯᠬᠤ ᠳᠡᠭᠡᠷ᠎ᠡ ᠬᠦᠴᠦ ᠲᠠᠯᠪᠢᠵᠤ᠂ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ︽ᠲᠡᠦᠬᠡ ᠰᠤᠷᠴᠤ ᠴᠢᠷᠮᠠᠶᠢᠨ ᠬᠡᠷᠡᠭᠵᠢᠭᠦᠯᠬᠦ︾ ᠱᠠᠭᠠᠷᠳᠠᠯᠭ᠎ᠠ ᠶᠢᠨ ᠲᠣᠭᠤᠷᠢᠨ ᠳᠤ᠂ ᠨᠠᠮ ᠤᠨ ᠲᠡᠦᠬᠡ ᠶᠢ ᠰᠤᠷᠤᠯᠴᠠᠬᠤ ᠶᠢ ᠠᠵᠢᠯ ᠢᠶᠠᠨ ᠲᠥᠯᠥᠪᠯᠡᠬᠦ᠂ ᠠᠵᠢᠯ ᠢᠶᠠᠨ ᠠᠬᠢᠭᠤᠯᠬᠤ ᠲᠠᠢ ᠨᠢᠭᠲᠠ ᠤᠶᠠᠯᠳᠤᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠤᠷᠲᠤ ᠬᠤᠭᠤᠴᠠᠭᠠᠨ ᠤ ᠪᠦᠲᠦᠮᠵᠢᠲᠡᠶ ᠪᠣᠯᠭᠠᠬᠤ ᠶᠢ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠴᠥᠬᠦᠷᠡᠰᠢ ᠦᠭᠡᠶ ᠰᠠᠶᠢᠲᠤᠷ ᠠᠳᠬᠤᠬᠤ ᠲᠠᠢ ᠤᠶᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠠᠴᠠ ᠪᠣᠳᠣᠯᠬᠢᠯᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠤᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠠᠵᠢᠯ ᠬᠢᠵᠦ ᠦᠢᠯᠡᠰ ᠪᠤᠰᠬᠠᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠶᠠᠪᠤᠴᠠ ᠳᠤ ᠳ᠋ᠦᠩᠨᠡᠵᠦ ᠭᠠᠷᠭᠠᠭᠰᠠᠨ ᠲᠤᠷᠰᠢᠯᠭ᠎ᠠ ᠤᠶᠤᠨ ᠤᠬᠠᠭᠠᠨ ᠢᠶᠠᠷ ᠪᠣᠳᠠᠲᠤ ᠠᠰᠠᠭᠤᠳᠠᠯ ᠢ ᠬᠠᠷᠢᠴᠠᠭᠤᠯᠤᠨ ᠰᠢᠢᠳᠪᠦᠷᠢᠯᠡᠵᠦ᠂ ᠴᠢᠨᠠᠭᠰᠢᠳᠠ ᠪᠠᠬᠢᠵᠢᠭᠦᠯᠦᠨ ᠳᠡᠭᠡᠭᠰᠢᠯᠡᠭᠦᠯᠵᠦ᠂ ᠪᠠᠭᠤᠷᠠᠢ ᠭᠤᠭᠴᠤᠭ᠎ᠠ ᠶᠢ ᠴᠢᠩᠭ᠎ᠠ ᠠᠳᠬᠤᠵᠤ᠂ ᠬᠥᠭᠵᠢᠯ ᠮᠠᠨᠳᠤᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠵᠤ ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃      ᠪᠦᠬᠦ ᠰᠢᠶᠠᠨ ᠤ ᠨᠠᠮ ᠤᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠶ᠂ ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠪᠠᠶᠢᠭᠤᠯᠤᠯᠲᠠ ᠭᠡᠬᠦ ᠡᠨᠡ ᠬᠦ ᠶᠡᠷᠦᠩᠬᠡᠶᠢᠯᠡᠨ ᠵᠢᠯᠣᠭᠤᠳᠬᠤ ᠶᠢ ᠴᠢᠩᠭ᠎ᠠ ᠠᠳᠬᠤᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠡᠨᠡ ᠬᠦ ᠶᠡᠭᠡ ᠶᠠᠪᠤᠳᠠᠯ ᠢ ᠪᠠᠲᠤ ᠴᠢᠩᠭ᠎ᠠ ᠠᠳᠬᠤᠵᠤ᠂ ᠺᠠᠳ᠋ᠷ ᠤᠯᠠᠨ ᠲᠦᠮᠡᠨ ᠤ ᠲᠡᠮᠡᠴᠡᠯ ᠤᠨ ᠬᠠᠯᠠᠭᠤᠨ ᠰᠡᠳᠬᠢᠯᠭᠡ ᠶᠢ ᠬᠥᠭᠵᠢᠭᠡᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ︽ᠢᠯᠡ ᠲᠣᠳᠣ ᠠᠳᠠᠯᠢᠳᠬᠠᠬᠤ︾ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠡᠨᠡᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠠᠵᠢᠯ ᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠡᠨᠡᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠠᠰᠤᠷᠠᠯᠳᠠ ᠦᠬᠡᠢ ᠳᠡᠭᠡᠭᠰᠢᠯᠡᠭᠦᠯᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠪᠦᠬᠦ ᠰᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃      ᠰᠢᠶᠠᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠬᠤ ᠨᠥᠬᠦᠳ᠂ ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠵᠢᠴᠢ ᠡᠯ᠎ᠡ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3