ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠤᠤ ᠷᠦᠢ ᠳ᠋ᠠ ᠺᠦ᠋ ᠯᠢᠶᠠᠨ ᠰᠢᠶᠠᠩ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/4/20
      4 ᠰᠠᠷ᠎ᠠ ᠶᠢᠨ 18 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠷᠦᠢ ᠳ᠋ᠠ ᠺᠦ᠋ ᠯᠢᠶᠠᠨ ᠰᠢᠶᠠᠩ ᠳᠤ ᠭᠦᠨᠵᠡᠭᠡᠶᠢᠷᠡᠨ ᠠᠵᠤ  ᠦᠢᠯᠡᠰ ᠤᠨ ᠬᠥᠭᠵᠢᠯᠲᠡ᠂ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠵᠢᠴᠢ ᠠᠶᠤᠯᠭᠦᠶ ᠦᠢᠯᠡᠳᠪᠦᠷᠢᠯᠡᠯ ᠵᠡᠷᠭᠡ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠪᠠ᠃ ᠳ᠋ᠠ ᠺᠦ᠋ ᠯᠢᠶᠠᠨ ᠰᠢᠶᠠᠩ ᠤᠨ ᠨᠠᠮ ᠤᠨ ᠬᠤᠷᠢᠶᠠᠨ ᠤ ᠱᠦᠵᠢ ᠵᠤᠤ ᠷᠦᠢ ᠸᠠᠩ᠂ ᠵᠠᠰᠠᠭ ᠤᠨ ᠣᠷᠳᠣᠨ ᠤ ᠰᠢᠶᠠᠩ ᠤᠨ ᠳᠠᠷᠤᠭ᠎ᠠ ᠮᠠ ᠶᠦᠩ ᠹᠧᠩ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠡᠢ᠃
     ᠲᠦᠩ ᠾᠧᠩ ᠠᠮᠤ ᠲᠣᠰᠣᠨ ᠤ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠵᠣᠣ ᠷᠦᠢ ᠵᠢᠭᠠᠵᠤ ᠭᠠᠷᠭᠠᠬᠤ ᠳᠠᠭᠠᠨ᠄ ᠶᠡᠭᠡ ᠬᠥᠮᠥᠷᠭᠡ ᠶᠢᠨ ᠬᠤᠯᠪᠣᠭᠠᠲᠤ ᠰᠢᠶᠠᠩ ᠤᠨ ᠥᠪᠡᠷᠮᠢᠴᠡ ᠪᠠᠶᠢᠭᠠᠯᠢ ᠶᠢᠨ ᠨᠥᠬᠦᠴᠡᠯ ᠳᠤ ᠰᠠᠭᠤᠷᠢᠯᠠᠵᠤ᠂ ︽ᠨᠢᠭᠡ ᠲᠣᠰᠬᠤᠨ ᠨᠢᠭᠡ ᠦᠢᠯᠡᠳᠬᠦᠨ︾ ᠤ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠨᠣᠬᠠᠶ ᠶᠢᠨ ᠬᠤᠰᠢᠭᠤ ᠪᠠᠷ ᠭᠤᠤᠯᠯᠠᠬᠤ ᠠᠵᠤ  ᠦᠢᠯᠡᠰ ᠪᠣᠯᠭᠠᠵᠤ᠂ ᠣᠨᠴᠠᠯᠢᠭ ᠢᠶᠠᠷ ᠢᠯᠡ ᠲᠣᠳᠣ᠂ ᠶᠠᠰᠤ ᠴᠢᠨᠠᠷ ᠦᠷ᠎ᠡ ᠠᠰᠢᠭ ᠢᠶᠠᠷ ᠢᠯᠡᠷᠬᠡᠶ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠨᠢ ᠨᠢᠭᠲᠠ ᠪᠠᠶᠢᠵᠤ᠂ ᠣᠳᠣᠬᠢ ᠱᠠᠲᠤᠨ ᠳᠤ ᠨᠣᠬᠠᠶ ᠶᠢᠨ ᠬᠤᠰᠢᠭᠤ ᠶᠢ ᠨᠠᠷᠢᠯᠢᠭ ᠡᠳ᠋ᠰᠢᠭᠦᠯᠬᠦ ᠠᠵᠤ ᠦᠢᠯᠡᠰ ᠨᠢᠭᠡᠨᠲᠡ ᠣᠮᠣᠭᠰᠢᠯᠲᠠᠶ ᠠᠮᠵᠢᠯᠲᠠ ᠪᠦᠲᠦᠮᠵᠢ ᠣᠯᠵᠠᠶ᠂ ᠲᠠᠷᠠᠭᠠᠴᠢ ᠶᠢᠨ ᠠᠯᠬᠤᠮ ᠳᠤ ᠳ᠋ᠠ ᠺᠦ᠋ ᠯᠢᠶᠠᠨ ᠰᠢᠶᠠᠩ ᠤᠨ ᠬᠢᠨ ᠨᠣᠬᠠᠶ ᠶᠢᠨ ᠬᠤᠰᠢᠭᠤ ᠶᠢᠨ ᠠᠵᠤ ᠦᠢᠯᠡᠰ ᠢ ᠪᠥᠬᠦ ᠰᠢᠶᠠᠩ ᠤᠨ ᠲᠤᠯᠭᠠᠭᠤᠷᠢᠯᠠᠬᠤ ᠴᠢᠨᠠᠷᠲᠠᠶ ᠠᠵᠤ ᠦᠢᠯᠡᠰ ᠪᠣᠯᠭᠠᠨ ᠠᠳᠬᠤᠵᠤ᠂ ᠴᠢᠨᠠᠷ ᠰᠠᠶᠢᠲᠠᠶ ᠨᠣᠬᠠᠶ ᠶᠢᠨ ᠬᠤᠰᠢᠭᠤ ᠶᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠲᠠᠷᠢᠶᠠᠯᠠᠩ ᠤᠨ ᠪᠦᠲᠦᠭᠡᠭᠳᠡᠬᠦᠨ ᠢ ᠬᠤᠪᠢᠷᠠᠭᠤᠯᠤᠨ ᠥᠷᠲᠡᠭ ᠨᠡᠮᠡᠭᠳᠡᠭᠦᠯᠬᠦ ᠶᠢ ᠪᠡᠶᠡᠯᠡᠭᠦᠯᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠎ᠡ᠃
     ︽ᠤᠯᠠᠭᠠᠨᠴᠠᠪ ᠤᠨ ᠠᠵᠤ ᠦᠢᠯᠡᠰ ᠤᠨ ᠦᠵᠡᠭᠦᠯᠦᠯᠭᠡ ᠶᠢᠨ ᠲᠥᠪ︾ ᠪᠣᠯ ᠤᠯᠠᠭᠠᠨᠴᠠᠪ ᠬᠤᠲᠠ ᠶᠢᠨ ᠰᠣᠯᠢᠯᠴᠠᠭᠠᠨ ᠤ ᠬᠥᠭᠵᠢᠯᠲᠡ ᠳᠤ ᠵᠣᠬᠢᠴᠠᠭᠤᠯᠤᠨ᠂ ᠣᠷᠣᠨ ᠪᠦᠰᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠣᠶᠣᠯ ᠤᠨ ᠰᠣᠯᠢᠯᠴᠠᠭᠠᠨ ᠤ ᠰᠠᠭᠤᠷᠢᠨ ᠭᠠᠵᠠᠷ ᠢ ᠴᠣᠭᠴᠠᠯᠠᠨ ᠪᠠᠶᠢᠭᠤᠯᠬᠤ ᠶᠢᠨ ᠲᠥᠯᠥᠭᠡ᠂ ᠳᠡᠯᠭᠡᠨ ᠦᠵᠡᠭᠦᠯᠬᠦ᠂ ᠤᠬᠠᠭᠤᠯᠬᠤ᠂ ᠲᠣᠭᠤᠷᠢᠨ ᠦᠵᠡᠬᠦ ᠶᠢ ᠨᠢᠭᠡ ᠴᠤᠭᠴᠠᠵᠢᠭᠤᠯᠤᠭᠰᠠᠨ ᠠᠵᠤ ᠦᠢᠯᠡᠰ ᠤᠨ ᠦᠵᠡᠭᠦᠯᠦᠯᠭᠡ ᠶᠢᠨ ᠲᠥᠪ ᠪᠣᠯᠤᠨ᠎ᠠ᠃ ᠪᠠᠶᠢᠴᠠᠭᠠᠨ ᠰᠤᠳᠤᠯᠤᠯᠲᠠ ᠬᠢᠬᠦ ᠳᠡᠭᠡᠨ ᠵᠣᠣ ᠷᠦᠢ ᠵᠠᠰᠠᠭ ᠤᠨ ᠣᠷᠳᠣᠨ ᠠᠴᠠ ᠲᠠᠪᠴᠠᠩ ᠪᠠᠶᠢᠭᠤᠯᠵᠤ᠂ ᠠᠵᠤ ᠠᠬᠤᠶᠢᠯᠠᠯ ᠤᠨ ᠬᠠᠮᠵᠢᠯᠴᠠᠭ᠎ᠠ ᠪᠠᠷ ᠳᠠᠮᠵᠢᠭᠤᠯᠤᠨ᠂ ᠭᠤᠤᠯᠯᠠᠬᠤ ᠠᠵᠤ ᠦᠢᠯᠡᠰ ᠤᠨ ᠦᠢᠯᠡᠳᠪᠦᠷᠢᠯᠡᠯ᠂ ᠪᠣᠯᠪᠠᠰᠤᠷᠠᠭᠤᠯᠤᠯᠲᠠ᠂ ᠭᠦᠢᠯᠭᠡᠭᠡ᠂ ᠪᠣᠷᠣᠯᠠᠭᠤᠯᠭ᠎ᠠ᠂ ᠦᠢᠯᠡᠴᠢᠯᠡᠭᠡ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠣᠷᠭᠠᠨᠢᠭ ᠢᠶᠠᠷ ᠵᠣᠯᠭᠠᠭᠤᠯᠵᠤ᠂ ᠬᠡᠯᠬᠢᠶᠡᠵᠢᠭᠦᠯᠬᠦ᠂ ᠨᠢᠭᠡ ᠴᠤᠭᠴᠠᠵᠢᠭᠤᠯᠬᠤ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ ᠭᠡᠵᠦ ᠳᠤᠷᠠᠳᠤᠨ ᠭᠠᠷᠭᠠᠵᠠᠶ᠃ ᠡᠯᠧᠺᠲᠷᠣᠨ ᠬᠤᠳᠠᠯᠳᠤᠭᠠᠨ ᠤ ᠶᠠᠪᠤᠳᠠᠯ᠂ ᠰᠣᠶᠣᠯ ᠤᠨ ᠤᠯᠠᠮᠵᠢᠯᠠᠯ᠂ ᠠᠮᠢ ᠠᠬᠤᠶ ᠶᠢᠨ ᠬᠠᠳᠠᠭᠠᠯᠠᠯᠲᠠ ᠵᠡᠷᠭᠡ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠶ ᠠᠭᠤᠰᠤᠯᠴᠠᠭᠰᠠᠨ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠬᠡᠪᠡᠷ ᠬᠥᠭᠵᠢᠭᠦᠯᠦᠨ᠎ᠡ᠃ ᠡᠭᠦᠨ ᠤ ᠬᠠᠮᠲᠤ ᠰᠢᠨ᠎ᠡ ᠰᠣᠷᠭᠤᠭ ᠬᠦᠴᠦᠨ ᠢ ᠰᠢᠩᠭᠡᠭᠡᠵᠦ᠂ ᠺᠠᠳ᠋ᠷ ᠢ ᠵᠠᠯᠠᠭᠤᠵᠢᠭᠤᠯᠬᠤ ᠳᠠᠪᠠᠭᠤᠯᠢᠭ ᠢ ᠪᠠᠳᠠᠷᠠᠭᠤᠯᠵᠤ᠂ ᠴᠢᠳᠠᠮᠵᠢ ᠲᠥᠬᠦᠭᠡᠷᠦᠮᠵᠢ ᠪᠦᠷᠢᠨ ᠭᠦᠢᠴᠡᠳ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠦᠷᠦᠭᠡ ᠶᠢ ᠪᠠᠶᠢᠭᠤᠯᠵᠤ᠂ ᠲᠠᠷᠢᠶᠠᠴᠢᠨ ᠡᠷᠦᠬᠡ ᠶᠢ ᠲᠣᠭᠠᠴᠢᠯᠠᠭᠰᠠᠨ ᠠᠵᠤ ᠠᠬᠤᠢ ᠶᠢᠨ ᠲᠦᠷᠭᠡᠨ ᠲᠡᠷᠭᠡᠨ ᠳᠤ ᠰᠠᠭᠤᠯᠭᠠᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠷᠳᠠᠩ ᠵᠠᠮ ᠢᠶᠠᠷ ᠳᠠᠪᠬᠢᠭᠤᠯᠬᠤ ᠬᠡᠷᠡᠭᠲᠡᠢ᠃      ᠪᠡᠭᠡᠵᠢᠩ ᠤᠨ ᠱᠢ ᠶᠢ ᠬᠤᠸᠠ ᠰᠢᠶᠠ ᠠᠳᠠᠯ ᠠᠬᠤᠶ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠵᠣᠣ ᠷᠦᠢ ᠴᠢᠬᠤᠯᠠᠴᠢᠯᠠᠬᠤ ᠳᠠᠭᠠᠨ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠡᠭᠦᠷᠭᠡ ᠪᠣᠯᠤᠨ᠎ᠠ᠂ ᠬᠥᠳᠡᠭᠡ ᠲᠣᠰᠬᠤᠨ ᠤ ᠤᠯᠠᠨ ᠲᠦᠮᠡᠨ ᠤ ᠠᠮᠢᠳᠤᠷᠠᠯ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠮᠢᠳᠤᠷᠠᠯ ᠤᠨ ᠬᠤᠭ ᠨᠣᠪᠰᠢ᠂ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ᠂ ᠵᠣᠷᠯᠣᠩ ᠤᠨ ᠪᠠᠭᠠᠰᠤᠨ ᠪᠣᠬᠢᠷᠲᠤᠯ ᠵᠢᠴᠢ ᠰᠦᠯᠢᠶᠣᠣ ᠪᠦᠷᠬᠦᠪᠴᠢ ᠶᠢᠨ ᠪᠣᠬᠢᠷᠲᠤᠯ ᠵᠡᠷᠭᠡ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠨᠥᠯᠥᠭᠡᠯᠡᠬᠦ ᠤᠯᠠᠨ ᠲᠦᠷᠦᠯ ᠤᠨ ᠡᠯᠧᠮᠧᠨ᠋ᠲ ᠢ ᠰᠢᠢᠳᠪᠦᠷᠢᠯᠡᠵᠦ᠂ ᠨᠡᠩ ᠴᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠲᠠ ᠪᠣᠯᠤᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠤᠨ ᠠᠭᠤᠰᠤᠯᠴᠠᠯ ᠤᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃      ᠳᠤᠮᠳᠠᠳᠤ ᠤᠯᠤᠰ ᠤᠨ ᠬᠢᠮᠢ ᠶᠢᠨ ᠠᠵᠤ ᠦᠢᠯᠡᠳᠪᠦᠷᠢ ᠶᠢᠨ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠦᠨ ᠮᠠᠨᠳᠤᠭᠤᠯᠬᠤ ᠮᠡᠷᠭᠡᠵᠢᠯ ᠤᠨ ᠦᠢᠯᠡᠴᠢᠯᠡᠭᠡᠨ ᠤ ᠲᠥᠪ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠵᠤᠤ ᠷᠦᠢ᠂ ᠠᠶᠤᠯᠭᠦᠢ ᠦᠢᠯᠡᠳᠪᠦᠷᠢᠯᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠭᠤᠭᠴᠤᠭ᠎ᠠ ᠨᠢᠭᠡᠪᠦᠷᠢ᠂ ᠴᠤᠪᠤᠷᠠᠯ ᠨᠢᠭᠡᠪᠦᠷᠢ ᠶᠢᠨ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ︔ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠤᠬᠠᠮᠰᠠᠷ ᠢᠶᠠᠨ ᠲᠠᠰᠤᠷᠠᠯᠳᠡ ᠦᠭᠡᠢ ᠴᠢᠩᠭᠠᠳᠬᠠᠵᠤ᠂ ᠲᠡᠮᠤᠷ ᠢ ᠠᠳᠬᠤᠬᠤ ᠳᠤ ᠤᠷᠤᠮ ᠲᠠᠢ ᠬᠠᠳᠠᠨ ᠵᠣᠷᠢᠭ ᠢᠶᠠᠷ ᠡᠯ᠎ᠡ ᠵᠦᠢᠯ ᠤᠨ ᠲᠦᠷᠢᠮ ᠢ ᠨᠠᠷᠢᠨ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃                                           ᠵᠣᠬᠢᠶᠠᠭᠴᠢ᠄ ᠳ᠋ᠠ ᠺᠦ᠋ ᠯᠢᠶᠠᠨ ᠰᠢᠶᠠᠩ                                         ᠤᠷᠴᠢᠭᠤᠯᠤᠭᠴᠢ᠄ ᠨᠠᠷᠠᠰᠤ                                         ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3