ᠰᠢᠩ ᠾᠧ ᠰᠢᠶᠠᠨ ᠲᠠᠷᠢᠶᠠᠨ ᠭᠠᠵᠠᠷ ᠤᠨ ᠴᠢᠭᠢᠭ ᠤᠨ ᠪᠠᠶᠢᠳᠠᠯ ᠢ ᠬᠢᠨᠠᠨ ᠬᠡᠮᠵᠢᠬᠦ ᠠᠵᠢᠯ ᠥᠷᠨᠢᠭᠦᠯᠵᠦ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ  ᠦᠢᠯᠡᠴᠢᠯᠡᠪᠡ
ᠨᠡᠶᠢᠲᠡᠯᠡᠭᠰᠡᠨ ᠴᠠᠭ᠄
2022/4/21
     ᠰᠢᠩ ᠡᡁᠧ ᠰᠢᠶᠠᠨ ᠤ ᠲᠠᠷᠢᠶᠠᠨ ᠭᠠᠵᠠᠷ ᠤᠨ ᠴᠢᠭᠢᠭ ᠤᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠬᠠᠪᠤᠷ ᠤᠨ ᠲᠠᠷᠢᠶᠠᠯᠠᠭ᠎ᠠ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠦᠢᠯᠡᠳᠪᠦᠷᠢᠯᠡᠯ ᠳᠤ ᠨᠡᠩ ᠰᠠᠶᠢᠲᠤᠷ ᠦᠢᠯᠡᠴᠢᠯᠡᠬᠦ ᠶᠢᠨ ᠲᠥᠯᠥᠭᠡ᠂ ᠰᠢᠩ ᠡᡁᠧ ᠰᠢᠶᠠᠨ ᠤ ᠬᠢᠨ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠪᠦᠬᠦ ᠰᠢᠶᠠᠨ ᠤ ᠴᠢᠭᠢᠭ ᠤᠨ ᠪᠠᠶᠢᠳᠠᠯ ᠢ ᠬᠢᠨᠠᠨ ᠬᠡᠮᠵᠢᠬᠦ ᠠᠵᠢᠯ ᠢ ᠥᠷᠨᠢᠭᠦᠯᠵᠡᠢ᠃      ᠰᠢᠩ ᠡᡁᠧ ᠰᠢᠶᠠᠨ ᠤ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢᠨ ᠮᠡᠳᠡᠭᠡ ᠵᠠᠩᠭᠢ ᠨᠡᠶᠢᠲᠡᠯᠡᠬᠦ ᠲᠥᠪ ᠲᠤ᠂ ᠮᠡᠷᠭᠡᠵᠢᠯ ᠤᠨ ᠠᠵᠢᠯᠲᠠᠳ ᠶᠠᠭ ᠣᠷᠣᠨ ᠪᠦᠰᠡ ᠶᠢᠨ ᠦᠷᠳᠡᠭᠡ ᠶᠢᠨ ᠪᠠᠶᠢᠴᠠᠭᠠᠨ ᠬᠡᠮᠵᠢᠯᠲᠡ᠂ ᠠᠮᠢ ᠠᠬᠤᠢ ᠶᠢᠨ ᠪᠠᠶᠢᠴᠠᠭᠠᠨ ᠬᠡᠮᠵᠢᠯᠲᠡ᠂ ᠭᠠᠵᠠᠷ ᠳᠡᠭᠡᠷᠡᠬᠢ ᠴᠠᠭ ᠠᠭᠤᠷ ᠤᠨ ᠠᠵᠢᠭᠯᠠᠯᠲᠠ ᠶᠢᠨ ᠰᠢᠰᠲ᠋ᠧᠮ ᠵᠡᠷᠭᠡ ᠪᠦᠬᠦ ᠠᠦ᠋ᠲ᠋ᠣᠴᠢᠯᠠᠭᠰᠠᠨ ᠬᠢᠨᠠᠨ ᠬᠡᠮᠵᠢᠬᠦ ᠬᠡᠮᠵᠢᠭᠦᠷᠯᠢᠭ ᠢ ᠬᠡᠷᠡᠭᠯᠡᠵᠦ᠂ ᠪᠦᠬᠦ ᠰᠢᠶᠠᠨ ᠤ ᠬᠢᠨᠠᠨ ᠬᠡᠮᠵᠢᠬᠦ ᠴᠡᠭ ᠲᠤ ᠬᠥᠷᠥᠰᠥᠨ ᠤ ᠴᠢᠭᠢᠭ ᠤᠨ ᠪᠠᠶᠢᠳᠠᠯ ᠢ ᠬᠢᠨᠠᠨ ᠬᠡᠮᠵᠢᠬᠦ ᠠᠵᠢᠯ ᠢ ᠥᠷᠨᠢᠭᠦᠯᠵᠦ ᠪᠤᠢ᠃ ᠲᠤᠭ᠎ᠠ ᠪᠠᠷᠢᠮᠲᠠ ᠶᠢᠨ ᠵᠠᠳᠠᠯᠤᠯᠲᠠ ᠶᠢ ᠦᠨᠳᠦᠰᠦᠯᠡᠪᠡᠯ᠂ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠪᠥᠬᠦ ᠰᠢᠶᠠᠨ ᠤ ᠶᠡᠬᠡᠩᠬᠢ ᠬᠡᠰᠡᠭ ᠭᠠᠵᠠᠷ ᠣᠷᠣᠨ ᠤ ᠬᠥᠷᠥᠰᠥᠨ ᠤ ᠴᠢᠭᠢᠭ ᠤᠨ ᠪᠠᠶᠢᠳᠠᠯ ᠨᠡᠯᠢᠶᠡᠳ ᠰᠠᠶᠢᠨ ᠪᠠᠶᠢᠵᠤ᠂ ᠬᠠᠪᠤᠷ ᠤᠨ ᠲᠠᠷᠢᠶᠠᠯᠠᠭ᠎ᠠ ᠪᠠ ᠬᠠᠪᠤᠷ ᠤᠨ ᠲᠠᠷᠢᠶᠠᠯᠠᠭ᠎ᠠ ᠶᠢᠨ  ᠦᠢᠯᠡᠳᠪᠦᠷᠢᠯᠡᠯ ᠳᠤ ᠠᠰᠢᠭᠲᠠᠶ ᠪᠠᠶᠢᠳᠠᠭ᠃ ᠰᠢᠩ ᠡᡁᠧ ᠰᠢᠶᠠᠨ ᠤ ᠴᠠᠭ ᠠᠭᠤᠷ ᠤᠨ ᠲᠤᠪᠴᠢᠶ᠎ᠠ ᠦᠢᠯᠡᠴᠢᠯᠡᠭᠡᠨ ᠤ ᠬᠡᠷᠡᠭᠴᠡᠭᠡ ᠶᠣᠰᠣᠭᠠᠷ᠂ ᠡᠯ᠎ᠡ ᠲᠦᠷᠦᠯ ᠤᠨ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠰᠢᠩ ᠡᡁᠧ ᠰᠢᠶᠠᠨ ᠤ ᠬᠠᠪᠤᠷ ᠤᠨ ᠲᠠᠷᠢᠶᠠᠯᠠᠭ᠎ᠠ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠬᠠᠮᠠᠭᠠᠯᠠᠨ᠎ᠠ᠃      ᠰᠢᠩ ᠾᠧ ᠰᠢᠶᠠᠨ ᠤ ᠡᠷᠳᠡᠨᠢ ᠪᠠᠯᠭᠠᠰᠤᠨ ᠳᠤ᠂ ᠰᠤᠷᠪᠤᠯᠵᠢᠯᠠᠭᠴᠢ ᠶᠢᠨ ᠣᠯᠵᠤ ᠦᠵᠡᠭᠰᠡᠨ ᠢᠶᠠᠷ᠂ ᠬᠥᠷᠥᠰᠥ ᠰᠢᠷᠣᠶ ᠶᠢᠨ ᠤᠰᠤᠨ ᠤ ᠠᠦ᠋ᠲ᠋ᠣ᠋ ᠠᠵᠢᠭᠯᠠᠭᠤᠷ ᠢ ᠶᠠᠭ ᠰᠠᠶᠢᠬᠠᠨ ᠠᠵᠢᠯᠯᠠᠭᠤᠯᠵᠤ ᠪᠠᠶᠢᠨ᠎ᠠ᠃ ᠬᠥᠷᠥᠰᠥ ᠰᠢᠷᠣᠶ ᠶᠢᠨ ᠤᠰᠤᠨ ᠤ ᠠᠦ᠋ᠲ᠋ᠣᠴᠢᠯᠠᠭᠰᠠᠨ ᠶᠢᠨ ᠰᠢᠰᠲ᠋ᠧᠮ ᠨᠢ ᠬᠥᠷᠥᠰᠥᠨ ᠤ ᠴᠢᠭᠢᠭ ᠤᠨ ᠪᠠᠶᠢᠳᠠᠯ ︵ᠬᠥᠷᠥᠰᠥᠨ ᠤ ᠴᠢᠭᠢᠭ ᠤᠨ ᠬᠡᠮᠵᠢᠶ᠎ᠡ︶ ᠢ ᠣᠷᠳᠣ ᠬᠤᠭᠤᠴᠠᠭ᠎ᠠ ᠪᠠᠷ ᠦᠷᠭᠦᠯᠵᠢᠯᠡᠨ ᠬᠢᠨᠠᠨ ᠬᠡᠮᠵᠢᠬᠦ ᠶᠢ ᠪᠡᠶᠡᠯᠡᠭᠦᠯᠵᠦ ᠂ ᠡᠯ᠎ᠡ ᠬᠢᠨᠠᠨ ᠬᠡᠮᠵᠢᠬᠦ ᠴᠡᠭ ᠤᠨ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠢ ᠴᠠᠭ ᠲᠤᠬᠠᠶ ᠳᠤᠨᠢ᠂ ᠣᠨᠣᠪᠴᠢᠲᠠᠶ ᠬᠠᠩᠭᠠᠬᠤ ᠶᠢᠨ ᠬᠠᠮᠲᠤ ᠬᠥᠮᠦᠨ ᠤ ᠬᠦᠴᠦ ᠪᠠᠷ ᠠᠵᠢᠭᠯᠠᠬᠤ ᠬᠥᠳᠡᠯᠮᠦᠷᠢ ᠶᠢᠨ ᠬᠡᠮᠵᠢᠶ᠎ᠡ ᠶᠢ ᠪᠠᠭᠠᠰᠬᠠᠵᠤ᠂ ᠠᠵᠢᠭᠯᠠᠯᠲᠠ ᠶᠢᠨ ᠲᠤᠭ᠎ᠠ ᠪᠠᠷᠢᠮᠲᠠ ᠶᠢᠨ ᠴᠠᠭ ᠵᠠᠶ ᠶᠢᠨ ᠨᠢᠭᠲᠠᠴᠠ ᠶᠢ ᠳᠡᠭᠡᠭᠰᠢᠯᠡᠭᠦᠯᠦᠨ᠂ ᠭᠠᠩ ᠬᠠᠭᠰᠠᠷᠠᠭᠠᠨ ᠢ ᠬᠢᠨᠠᠨ ᠬᠡᠮᠵᠢᠬᠦ᠂ ᠲᠠᠷᠢᠶᠠᠯᠠᠩ ᠤᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠦᠢᠯᠡᠴᠢᠯᠡᠭᠡ ᠳᠤ ᠬᠥᠷᠥᠰᠥ ᠰᠢᠷᠣᠶ ᠶᠢᠨ ᠤᠰᠤ ᠶᠢ ᠬᠢᠨᠠᠨ ᠬᠡᠮᠵᠢᠬᠦ ᠴᠢᠨᠠᠷ ᠰᠠᠶᠢᠲᠠᠶ ᠮᠠᠲ᠋ᠧᠷᠢᠶᠠᠯ ᠢ ᠬᠠᠩᠭᠠᠵᠤ ᠴᠢᠳᠠᠨ᠎ᠠ᠃ ᠴᠠᠭ ᠠᠭᠤᠷ ᠤᠨ ᠰᠠᠯᠠᠭ᠎ᠠ ᠮᠥᠴᠢᠷ ᠠᠴᠠ ᠲᠠᠷᠢᠶᠠᠴᠢᠨ ᠡᠷᠦᠬᠡ ᠳᠤ ᠠᠰᠢᠭᠲᠠᠶ ᠴᠠᠭ ᠲᠣᠬᠢᠶᠠᠯ ᠢ ᠠᠮᠵᠢᠨ ᠴᠢᠭᠢᠭ ᠢ ᠵᠠᠪᠳᠤᠵᠤ᠂ ᠳᠠᠷᠢᠬᠤ ᠳᠤ ᠰᠠᠶᠢᠨ ᠰᠠᠭᠤᠷᠢ ᠲᠠᠯᠪᠢᠵᠤ ᠥᠭᠬᠦ ᠬᠡᠷᠡᠭᠲᠡᠶ ᠭᠡᠵᠦ ᠰᠠᠨᠠᠭᠤᠯᠵᠤ ᠪᠠᠶᠢᠨ᠎ᠠ᠃      ᠰᠢᠩ ᠡᡁᠧ ᠰᠢᠶᠠᠨ ᠤ ᠴᠠᠭ ᠠᠭᠤᠷ ᠤᠨ ᠲᠤᠪᠴᠢᠶ᠎ᠠ 2021 ᠣᠨ ᠠᠴᠠ ᠡᠬᠢᠯᠡᠨ ᠪᠦᠬᠦ ᠠᠦ᠋ᠲ᠋ᠣᠴᠢᠯᠠᠭᠰᠠᠨ ᠪᠠᠶᠢᠴᠠᠭᠠᠨ ᠬᠡᠮᠵᠢᠬᠦ ᠬᠡᠮᠵᠢᠭᠦᠷᠯᠢᠭ ᠢ ᠬᠡᠷᠡᠭᠯᠡᠵᠦ᠂ ᠪᠦᠬᠦ ᠰᠢᠶᠠᠨ ᠤ ᠬᠢᠨᠠᠨ ᠬᠡᠮᠵᠢᠬᠦ ᠴᠡᠭ ᠲᠤ ᠬᠥᠷᠥᠰᠥᠨ ᠤ ᠴᠢᠭᠢᠭ ᠤᠨ ᠪᠠᠶᠢᠳᠠᠯ ᠢ ᠬᠢᠨᠠᠨ ᠬᠡᠮᠵᠢᠬᠦ ᠠᠵᠢᠯ ᠢ ᠥᠷᠨᠢᠭᠦᠯᠵᠦ᠂ ᠲᠡᠭᠦᠨ ᠤ ᠦᠷ᠎ᠡ ᠪᠦᠲᠦᠮᠵᠢ ᠪᠣᠯᠤᠨ ᠣᠨᠣᠪᠴᠢ ᠶᠢᠨ ᠬᠡᠮᠵᠢᠶ᠎ᠡ ᠨᠢ ᠲᠦᠷᠦᠭᠦᠦ ᠬᠡᠳᠦᠨ ᠵᠢᠯ ᠤᠨ ᠬᠢ ᠲᠠᠢ ᠬᠠᠷᠢᠴᠠᠭᠤᠯᠪᠠᠯ ᠶᠡᠭᠡ ᠪᠠᠷ ᠳᠡᠭᠡᠭᠰᠢᠯᠡᠵᠡᠢ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3