ᠯᠧᠢ ᠷᠦ᠋ ᠰᠢᠨ ᠨᠡᠷ ᠰᠢᠩ ᠾᠧ ᠰᠢᠶᠠᠨ ᠳᠤ ᠭᠦᠨᠵᠡᠭᠡᠶᠢᠷᠡᠨ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2022/4/22
     4 ᠰᠠᠷ᠎ᠠ ᠶᠢᠨ 20 ᠤ ᠡᠳᠦᠷ᠂ ᠤᠯᠠᠭᠠᠨᠴᠠᠪ ᠬᠤᠳᠠ ᠶᠢᠨ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠸᠢ ᠷᠦ᠋ ᠰᠢᠨ ᠨᠡᠷ ᠰᠢᠩ ᠾᠧ ᠰᠢᠶᠠᠨ ᠳᠤ ᠭᠦᠨᠵᠡᠭᠡᠶᠢᠷᠡᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠾᠧ ᠶᠢᠩ ᠽᠢ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠾᠧᠦ ᠶᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠤᠷᠢᠳ ᠬᠤᠵᠢᠳ ᠰᠢᠩ ᠵᠢᠶᠧ ᠪᠠᠶᠢᠭᠠᠯᠢ ᠶᠢᠨ ᠰᠢᠲᠠᠮᠠᠬᠠᠢ ᠬᠡᠢ᠂ ᠷᠦᠢ ᠱᠧᠩ ᠰᠢᠨ᠎ᠡ ᠡᠨᠧᠷᠭᠢ ᠶᠢᠨ ᠺᠣᠮᠫᠠᠨᠢ᠂ ᠰᠢᠨ ᠲᠠᠢ ᠲᠡᠮᠤᠷ ᠤᠨ ᠬᠠᠶᠢᠯᠤᠰᠢ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ ᠤᠨ ᠲᠤᠨᠤᠭ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠴᠠᠭᠠᠨ ᠵᠠᠰᠠᠯᠲᠠ᠂ ᠭᠠᠯ ᠰᠡᠷᠭᠡᠶᠢᠯᠡᠬᠦ ᠲᠤᠨᠤᠭ ᠲᠥᠬᠦᠭᠡᠷᠦᠮᠵᠢ ᠶᠢᠨ ᠲᠤᠬᠢᠷᠠᠭᠤᠯᠤᠯᠳᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ᠂ ᠠᠳᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠠᠵᠤ ᠠᠬᠤᠶᠢᠯᠠᠯ ᠢ ᠬᠠᠮᠵᠢᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠲᠤᠬᠠᠢ ᠶᠢᠨ ᠲᠠᠯᠠᠪᠠᠢ ᠳᠤ ᠡᠮᠬᠢᠯᠡᠨ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠰᠠᠨᠠᠯ ᠰᠠᠨᠠᠭᠤᠯᠭ᠎ᠠ ᠳᠤᠷᠠᠳᠪᠠ᠃ ᠲᠡᠷᠡ ᠱᠠᠭᠠᠷᠳᠠᠭᠰᠠᠨ ᠨᠢ᠂ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠪᠣᠯᠪᠠᠰᠤᠷᠠᠯ ᠢᠶᠠᠨ ᠴᠢᠩᠭᠠᠳᠬᠠᠨ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠤᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ᠂ ᠡᠳᠦᠷ ᠲᠤᠳᠤᠮ ᠤᠨ ᠠᠵᠢᠯ ᠳᠠᠭᠠᠨ ᠱᠠᠯᠠᠪᠳᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃
     ᠯᠸᠢ ᠷᠦ᠋ ᠰᠢᠨ ᠴᠢᠩᠭᠠᠳᠬᠠᠭᠰᠠᠨ ᠨᠢ᠂ ᠡᠯ᠎ᠡ ᠠᠵᠤ ᠠᠬᠤᠶᠢᠯᠠᠯ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠵᠤ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠠᠶᠤᠯ ᠲᠦᠭᠰᠢᠭᠦᠷᠢ ᠭᠡᠮ ᠰᠣᠭᠤᠭ ᠢ ᠠᠷᠢᠯᠭᠠᠬᠤ ᠴᠡᠭᠴᠡᠯᠡᠨ ᠵᠠᠰᠠᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ᠃ ᠠᠶᠤᠯ ᠤᠨ ᠬᠡᠮᠵᠢᠶ᠎ᠡ ᠪᠠᠷ ᠨᠡᠯᠢᠶᠡᠳ ᠥᠨᠳᠥᠷ᠂ ᠠᠳᠡᠯ ᠬᠢᠯᠪᠠᠷᠬᠠᠨ ᠭᠠᠷᠬᠤ ᠤᠯᠠᠨ ᠭᠠᠷᠬᠤ ᠭᠤᠭᠴᠤᠭ᠎ᠠ ᠪᠣᠯᠤᠨ ᠣᠷᠣᠨ ᠪᠠᠶᠢᠷᠢ ᠲᠤ ᠴᠢᠩᠭ᠎ᠠ ᠬᠢᠨᠠᠯᠲᠠ ᠬᠠᠮᠢᠶᠠᠷᠤᠯᠲᠠ ᠪᠣᠯᠤᠨ ᠡᠵᠡᠮᠳᠡᠯ ᠬᠢᠵᠦ᠂ ᠠᠶᠤᠯ ᠥᠭᠡᠢ ᠦᠢᠯᠡᠳᠪᠦᠷᠢᠯᠡᠯ ᠤᠨ ᠪᠠᠶᠢᠴᠠᠭᠠᠯᠲᠠ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠵᠦ᠂ ᠠᠶᠤᠯ ᠥᠭᠡᠢ ᠦᠢᠯᠡᠳᠪᠦᠷᠢᠯᠡᠯ ᠣᠨ ᠠᠳᠡᠯ ᠭᠠᠷᠬᠤ ᠶᠢ ᠡᠷᠡᠰ ᠰᠡᠷᠭᠡᠶᠢᠯᠡᠨ᠂ ᠠᠷᠠᠳ ᠤᠯᠠᠨ ᠤ ᠠᠮᠢ ᠨᠠᠰᠤ ᠪᠣᠯᠤᠨ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃
     ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠵᠠᠮ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠵᠠᠮ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠵᠢᠴᠢ ᠵᠠᠮ ᠳᠠᠭᠠᠤ ᠶᠢᠨ ᠵᠠᠮ ᠳᠠᠭᠠᠤ ᠶᠢᠨ ᠣᠷᠴᠢᠨ ᠲᠣᠭᠤᠷᠢᠨ ᠤ ᠪᠠᠶᠢᠳᠠᠯ ᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠴᠠᠢ᠃ ᠯᠧᠢ ᠷᠦ᠋ ᠰᠢᠨ ᠴᠢᠬᠤᠯᠠᠴᠢᠯᠠᠭᠰᠠᠨ ᠨᠢ᠂ ᠶᠡᠷᠦᠩᠬᠡᠶ ᠴᠠᠭ ᠤᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠲᠣᠳᠣᠷᠬᠠᠶ ᠪᠣᠯᠭᠠᠨ᠂ ᠨᠠᠷᠢᠯᠢᠭ ᠣᠨᠣᠴᠠᠲᠠᠶ ᠪᠠᠷ ᠪᠠᠲᠤᠯᠠᠬᠤ ᠲᠥᠰᠦᠯ ᠲᠣᠭᠲᠠᠭᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠡᠯ᠎ᠡ  ᠵᠦᠢᠯ ᠤᠨ ᠠᠵᠢᠯ ᠢᠶᠠᠨ ᠰᠠᠶᠢᠲᠤᠷ ᠬᠢᠵᠦ᠂ ᠵᠠᠮ ᠤᠨ ᠪᠥᠲᠥᠭᠡᠨ ᠪᠠᠶᠢᠭᠤᠯᠤᠯᠲᠠ ᠶᠢᠨ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃
     ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠤᠪᠴᠢᠶ᠎ᠠ᠂ ᠵᠠᠮ ᠬᠠᠷᠢᠯᠴᠠᠭᠠᠨ ᠤ ᠲᠤᠪᠴᠢᠶ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠵᠡᠷᠭᠡ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3