ᠰᠢᠩ ᠾᠧ ᠰᠢᠶᠠᠨ ᠬᠥᠬᠡᠬᠤᠲᠠ ᠳᠤ ᠬᠦᠷᠴᠦ ᠭᠠᠳᠠᠭᠰᠢ ᠭᠠᠷᠤᠭᠰᠠᠨ ᠬᠥᠮᠦᠰ ᠤᠨ ᠨᠤᠲᠤᠭ ᠲᠠᠭᠠᠨ ᠪᠤᠴᠠᠵᠤ ᠦᠶ᠋ᠯᠡᠰ ᠴᠣᠭᠴᠠᠯᠠᠬᠤ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/4/22
     ᠰᠢᠩ ᠾᠧ ᠰᠢᠶᠠᠨ ᠤ ᠥᠷᠭᠡᠨ ᠣᠯᠠᠨ ᠭᠠᠳᠠᠭᠰᠢ ᠭᠠᠷᠴᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠨ ᠠᠵᠢᠯ ᠤᠯᠬᠤ ᠶᠢ ᠬᠥᠲᠥᠯᠥᠨ ᠵᠢᠯᠣᠭᠤᠳᠬᠤ ᠪᠠ ᠵᠣᠷᠢᠭᠵᠢᠭᠤᠯᠤᠨ ᠳᠡᠮᠵᠢᠵᠦ᠂ ᠪᠥᠬᠦ ᠰᠢᠶᠠᠨ ᠤ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠶᠢᠨ ᠲᠥᠯᠥᠭᠡ᠃ ᠣᠶᠢᠷ᠎ᠠ ᠳᠤ᠂ ᠰᠢᠩ ᠾᠧ ᠰᠢᠶᠠᠨ ᠤ ᠭᠠᠳᠠᠭᠰᠢ ᠭᠠᠷᠴᠤ ᠠᠵᠢᠯ ᠬᠢᠭᠰᠡᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠬᠢᠨ ᠬᠤᠲᠠ ᠶᠢᠨ ᠦᠢᠯᠡᠴᠢᠯᠡᠭᠡᠨ ᠤ ᠲᠥᠪ ᠲᠠᠢ ᠬᠠᠮᠲᠤᠷᠠᠨ ᠬᠥᠬᠡᠬᠤᠲᠠ ᠳᠤ ᠭᠠᠳᠠᠭᠰᠢ ᠭᠠᠷᠤᠭᠰᠠᠨ ᠬᠥᠮᠦᠰ ᠤᠨ ᠨᠤᠲᠤᠭ ᠲᠠᠭᠠᠨ ᠪᠤᠴᠠᠵᠤ ᠦᠢᠯᠡᠰ ᠴᠣᠭᠴᠠᠯᠠᠬᠤ ᠰᠢᠷᠢᠰ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠰᠢᠩ ᠾᠧ ᠰᠢᠶᠠᠨ ᠤ ᠭᠠᠳᠠᠭᠰᠢ ᠭᠠᠷᠴᠤ ᠠᠵᠢᠯ ᠬᠢᠭᠰᠡᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠠᠴᠠ ᠣᠶᠢᠯᠠᠭᠠᠬᠤ ᠴᠢᠬᠤᠯᠠᠲᠠᠶ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠤᠭᠯᠠᠭᠤᠯᠵᠤ᠂ ᠭᠤᠤᠯᠳᠠᠭᠤ ᠡᠮ ᠡᠮᠨᠡᠯᠭᠡ ᠶᠢᠨ ᠪᠠᠲᠤᠯᠠᠭ᠎ᠠ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠵᠡᠷᠭᠡ ᠴᠢᠬᠤᠯᠠ ᠠᠭᠤᠯᠭ᠎ᠠ ᠶᠢ ᠪᠥᠬᠦ ᠲᠠᠯ᠎ᠠ ᠪᠠᠷ ᠤᠬᠠᠭᠤᠯᠤᠭᠰᠠᠨ ᠪᠥᠭᠡᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠢᠯᠡ ᠲᠣᠳᠣ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠭᠠᠳᠠᠭᠰᠢ ᠭᠠᠷᠴᠤ ᠠᠵᠢᠯ ᠬᠥᠳᠡᠯᠮᠦᠷᠢ ᠬᠢᠵᠦ ᠪᠠᠶᠢᠭ᠎ᠠ ᠥᠷᠭᠡᠨ ᠣᠯᠠᠨ ᠬᠥᠮᠦᠰ ᠤᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠪᠡ᠃      ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠣᠯᠠᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠵᠠᠬ᠎ᠠ ᠳᠡᠯᠭᠡᠭᠦᠷ ᠤᠨ ᠶᠡᠭᠡ ᠤᠷᠤᠰᠬᠠᠯ ᠤᠨ ᠳᠠᠪᠲᠠᠯᠲᠠ ᠪᠠᠷ ᠳᠡᠮᠵᠢᠨ᠂ ᠬᠠᠷᠠᠭ᠎ᠠ ᠪᠠᠨ ᠥᠷᠭᠡᠳᠬᠡᠵᠦ᠂ ᠮᠡᠳᠡᠯᠭᠡ ᠪᠠᠨ ᠨᠡᠮᠡᠭᠳᠡᠭᠦᠯᠵᠦ᠂ ᠬᠥᠮᠦᠨ ᠤ ᠶᠠᠪᠤᠯᠴᠠᠭ᠎ᠠ ᠶᠢ ᠬᠤᠷᠠᠮᠳᠤᠭᠤᠯᠵᠤ᠂ ᠮᠡᠷᠭᠡᠵᠢᠯ ᠢ ᠣᠶᠢᠯᠠᠭᠠᠵᠤ᠂ ᠵᠠᠬ᠎ᠠ ᠳᠡᠯᠭᠡᠭᠦᠷ ᠲᠤ ᠵᠣᠬᠢᠴᠠᠵᠤ᠂ ᠡᠬᠢ ᠪᠠᠶᠠᠯᠢᠭ ᠢ ᠡᠵᠡᠮᠰᠢᠵᠦ᠂ ᠦᠢᠯᠡᠰ ᠪᠤᠰᠬᠠᠵᠤ ᠬᠥᠭᠵᠢᠬᠦ ᠴᠢᠳᠠᠪᠤᠷᠢ ᠲᠠᠢ ᠪᠣᠯᠵᠣ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡᠨ ᠰᠠᠯᠠᠭ᠎ᠠ ᠴᠢᠬᠤᠯᠠ ᠬᠦᠴᠦᠨ ᠪᠣᠯᠤᠭᠰᠠᠨ ᠪᠠᠶᠢᠨ᠎ᠠ᠃ ᠰᠢᠩ ᠾᠧ ᠰᠢᠶᠠᠨ ᠤ ᠭᠠᠳᠠᠭᠰᠢ ᠭᠠᠷᠴᠤ ᠬᠥᠯᠥᠰᠥᠨ ᠠᠵᠢᠯ ᠬᠢᠭᠰᠡᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠬᠡᠰᠡᠭ ᠨᠠᠮ ᠤᠨ ᠭᠡᠰᠢᠭᠦᠨ᠂ ᠴᠡᠷᠢᠭ ᠠᠴᠠ ᠬᠠᠯᠠᠭᠳᠠᠭᠰᠠᠳ ᠪᠣᠯᠤᠨ ᠬᠡᠰᠡᠭ ᠣᠯᠠᠨ ᠲᠦᠮᠡᠨ ᠢ ᠴᠤᠭᠯᠠᠭᠤᠯᠤᠨ ︽ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ︾ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠬᠤᠷᠠᠯ ᠳᠡᠭᠡᠷ᠎ᠡ ᠭᠠᠳᠠᠭᠰᠢ ᠭᠠᠷᠴᠤ ᠬᠥᠯᠥᠰᠥᠨ ᠠᠵᠢᠯ ᠬᠢᠭᠰᠡᠳ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠬᠤ ᠶᠢᠨ ᠲᠥᠯᠥᠭᠡ᠂ ᠨᠤᠲᠤᠭ ᠲᠠᠭᠠᠨ ᠪᠤᠴᠠᠵᠤ ᠠᠵᠢᠯ ᠣᠯᠬᠤ ᠳᠤ ᠲᠥᠷᠥ ᠶᠢᠨ ᠪᠣᠳᠣᠯᠭ᠎ᠠ ᠬᠦᠷᠭᠡᠬᠦ᠂ ᠦᠢᠯᠡᠴᠢᠯᠡᠭᠡ ᠬᠦᠷᠭᠡᠬᠦ᠂ ᠮᠥᠩᠭᠦᠨ ᠭᠦᠢᠯᠭᠡᠭᠡ ᠬᠦᠷᠭᠡᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠤᠬᠠᠭᠤᠯᠭ᠎ᠠ ᠬᠢᠵᠦ᠂ ᠬᠤᠲᠠ ᠶᠢᠨ ᠦᠢᠯᠡᠴᠢᠯᠡᠭᠡᠨ ᠤ ᠲᠥᠪ ᠲᠠᠢ ᠬᠠᠮᠲᠤᠷᠠᠨ᠂ ᠠᠳᠠᠯ ᠦᠢᠯᠡᠰ ᠴᠣᠭᠴᠠᠯᠠᠬᠤ ᠱᠠᠭᠠᠷᠳᠠᠯᠭ᠎ᠠ ᠪᠠ ᠪᠣᠯᠪᠠᠰᠤᠷᠠᠭᠤᠯᠤᠯ ᠬᠦᠷᠲᠡᠬᠦ ᠬᠦᠰᠡᠯ ᠡᠷᠡᠮᠡᠯᠵᠡᠯ ᠲᠠᠢ ᠣᠯᠠᠨ ᠲᠦᠮᠡᠨ ᠳᠤ ᠰᠦᠢᠳᠬᠡᠯ ᠬᠤᠷᠢᠶᠠᠬᠤ ᠦᠭᠡᠢ ᠪᠠᠷ ᠰᠦᠯᠵᠢᠶ᠎ᠡ ᠪᠠᠷ ᠠᠳᠠᠯ ᠦᠢᠯᠡᠰ ᠴᠣᠭᠴᠠᠯᠠᠬᠤ ᠬᠠᠮᠢᠶ᠎ᠠ ᠪᠦᠬᠦᠢ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠬᠠᠩᠭᠠᠪᠠ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠥᠪᠡᠷ ᠥᠪᠡᠷ ᠤᠨ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠪᠤᠳᠤᠯ᠂ ᠰᠡᠳᠬᠢᠴᠡ ᠪᠣᠯᠤᠨ ᠲᠦᠷᠦᠯ ᠵᠦᠢᠯ ᠵᠡᠷᠭᠡ ᠶᠢᠨ ᠲᠤᠬᠠᠢ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠡᠰᠡᠭ ᠭᠠᠳᠠᠭᠰᠢ ᠭᠠᠷᠴᠤ ᠬᠦᠴᠦ ᠶᠠᠪᠤᠭᠰᠠᠳ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠦᠵᠡᠯ ᠰᠠᠨᠠᠭ᠎ᠠ ᠶᠢ ᠡᠵᠡᠮᠰᠢᠭᠰᠡᠨ ᠤ ᠬᠠᠮᠲᠤ᠂ ᠪᠠᠰᠠ ᠨᠠᠮ ᠪᠠ ᠵᠠᠰᠠᠭ ᠤᠨ ᠣᠷᠳᠣᠨ ᠤ ᠲᠡᠳᠡᠨ ᠢ ᠬᠠᠯᠠᠮᠵᠢᠯᠠᠵᠤ ᠪᠠᠶᠢᠬᠤ ᠶᠢ ᠤᠯᠠᠮᠵᠢᠯᠠᠵᠤ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠦᠰᠡᠯ ᠡᠷᠡᠮᠡᠯᠵᠡᠯ ᠲᠠᠢ ᠭᠠᠳᠠᠭᠰᠢ ᠭᠠᠷᠴᠤ ᠬᠦᠴᠦ ᠶᠠᠪᠤᠭᠰᠠᠳ ᠤᠨ ᠠᠳᠠᠯ ᠦᠶ᠋ᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠨ᠂ ᠠᠳᠠᠯ ᠦᠢᠯᠡᠰ ᠴᠣᠭᠴᠠᠯᠠᠭᠴᠢ ᠶᠢᠨ ᠠᠳᠠᠯ ᠦᠢᠯᠡᠰ ᠴᠣᠭᠴᠠᠯᠠᠬᠤ ᠦᠵᠡᠯ ᠤᠬᠠᠮᠰᠠᠷ ᠢ ᠪᠤᠶᠢᠵᠢᠭᠤᠯᠵᠤ᠂ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠲᠡᠳᠡᠨ ᠤ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠵᠠᠮ ᠢᠶᠠᠷ ᠵᠠᠮᠨᠠᠬᠤ ᠶᠢ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠲᠡᠶ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3