ᠮᠠᠨ ᠤ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠣᠷᠣᠵᠤ ᠰᠠᠭᠤᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/24
     ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠲᠤᠬᠠᠶ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 4 ᠰᠠᠷ᠎ᠠ ᠶᠢᠨ 19 ᠤ ᠡᠳᠦᠷ᠂ 20 ᠤ ᠡᠳᠦᠷ ᠮᠠᠨ ᠤ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠶᠢᠨ ᠬᠤᠷᠠᠯ ᠳᠤ ᠣᠷᠣᠵᠤ ᠰᠠᠭᠤᠬᠤ ᠲᠠᠶᠢᠴᠢᠯᠠᠯᠳᠠ ᠶᠢᠨ ᠬᠤᠷᠠᠯ ᠢ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠨᠢᠭᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ ᠰᠢᠶᠠᠨ ᠤ ᠰᠣᠶᠣᠯ ᠵᠤᠭᠠᠴᠠᠯ ᠤᠨ ᠲᠤᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠤᠪᠴᠢᠶ᠎ᠠ᠂ ᠲᠤᠭ᠎ᠠ ᠪᠦᠷᠢᠳᠬᠡᠯ ᠤᠨ ᠲᠤᠪᠴᠢᠶ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢ ᠴᠠᠭᠳᠠᠨ ᠪᠠᠶᠢᠴᠠᠭᠠᠵᠤ᠂ ᠬᠤᠶᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠬᠠᠤᠯᠢ ᠴᠠᠭᠠᠵᠠ ᠶᠢᠨ ᠲᠤᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ᠂ ᠤᠰᠤᠨ ᠠᠰᠢᠭᠯᠠᠯᠲᠠ ᠶᠢᠨ ᠲᠤᠪᠴᠢᠶ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢ ᠴᠠᠭᠳᠠᠨ ᠪᠠᠶᠢᠴᠠᠭᠠᠵᠤ᠂ ᠭᠤᠷᠪᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠤᠪᠴᠢᠶ᠎ᠠ᠂ ᠡᠮ ᠡᠮᠨᠡᠯᠭᠡ ᠶᠢᠨ ᠪᠠᠲᠤᠯᠠᠪᠤᠷᠢ ᠶᠢᠨ ᠲᠤᠪᠴᠢᠶ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠴᠠᠭᠳᠠᠨ ᠪᠠᠶᠢᠴᠠᠭᠠᠨ᠎ᠠ᠃
     ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠨᠠᠷ ᠬᠤᠷᠠᠯ ᠳᠡᠭᠡᠷ᠎ᠡ ᠲᠠᠶᠢᠴᠢᠯᠠᠯᠳᠠ ᠶᠢᠨ ᠶᠠᠷᠢᠶ᠎ᠠ ᠲᠠᠯᠪᠢᠪᠠ︔ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠨ ᠪᠠᠶᠢᠴᠠᠭᠠᠬᠤ ᠠᠯᠪᠠᠨ ᠬᠡᠷ ᠤᠨ ᠡᠷᠬᠢᠯᠡᠭᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠵᠣᠷᠢᠭ ᠰᠠᠨᠠᠭ᠎ᠠ ᠶᠢ ᠤᠯᠠᠮᠵᠢᠯᠠᠭᠰᠠᠨ ᠤ ᠬᠠᠮᠲᠤ ᠲᠣᠰ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃      ᠬᠤᠷᠠᠯ ᠠᠴᠠ ᠱᠠᠭᠠᠷᠳᠠᠭᠰᠠᠨ ᠨᠢ᠂ ᠲᠣᠭᠤᠷᠢᠨ ᠪᠠᠶᠢᠴᠠᠭᠠᠬᠤ ᠲᠣᠭᠤᠷᠢᠨ ᠪᠠᠶᠢᠴᠠᠭᠠᠬᠤ ᠪᠣᠯ ᠨᠠᠮ ᠤᠨ ᠲᠦᠷᠢᠮ ᠠᠴᠠ ᠣᠯᠭᠤᠭᠰᠠᠨ ᠴᠢᠬᠤᠯᠠ ᠡᠭᠦᠷᠭᠡ ᠬᠠᠷᠢᠭᠤᠴᠠᠯᠭ᠎ᠠ ᠮᠥᠨ᠂ ᠲᠤᠰ ᠤᠳᠠᠭ᠎ᠠ ᠶᠢᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠬᠦ ᠪᠣᠯ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠳᠤ ᠲᠡᠰᠢ ᠥᠷᠭᠡᠳᠬᠡᠬᠦ ᠶᠢ ᠠᠬᠢᠭᠤᠯᠬᠤ ᠰᠢᠨ᠎ᠡ ᠠᠷᠭ᠎ᠠ ᠬᠡᠮᠵᠢᠶ᠎ᠡ ᠪᠠᠷᠢᠮᠵᠢᠶ᠎ᠠ ᠮᠥᠨ᠃ ᠡᠯ᠎ᠡ ᠨᠢᠭᠡᠴᠢ ᠶᠢᠨ ᠤᠳᠤᠷᠢᠳᠬᠤ ᠪᠠᠭ ᠢᠯᠠᠩᠭᠤᠶ᠎ᠠ ᠭᠤᠣᠯ ᠬᠠᠷᠢᠭᠤᠴᠠᠯᠭᠠᠲᠠᠨ ᠨᠥᠬᠦᠳ ︽ᠲᠦᠷᠪᠡᠨ ᠤᠬᠠᠮᠰᠠᠷ︾ ᠢ ᠪᠠᠲᠤ ᠪᠠᠬᠢ ᠪᠤᠢ ᠪᠣᠯᠭᠠᠵᠤ᠂ ᠤᠬᠠᠮᠰᠠᠷ ᠠᠴᠠ ᠪᠠᠨ ᠤᠯᠤᠰ ᠲᠦᠷᠦ ᠶᠢᠨ ᠰᠣᠨᠣᠷ ᠰᠡᠷᠡᠮᠵᠢ ᠪᠠ ᠤᠯᠤᠰ ᠲᠦᠷᠦ ᠶᠢᠨ ᠢᠯᠭᠠᠨ ᠲᠠᠨᠢᠬᠤ ᠴᠢᠳᠠᠪᠤᠷᠢ ᠪᠠᠨ ᠴᠢᠩᠭᠠᠳᠬᠠᠵᠤ᠂ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ︔ ᠴᠠᠭᠳᠠᠨ ᠪᠠᠶᠢᠴᠠᠭᠠᠬᠤ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ︽ᠠᠰᠠᠭᠤᠳᠠᠯ ᠢ ᠢᠯᠡᠷᠡᠭᠦᠯᠬᠦ ᠪᠣᠯ ᠲᠤᠬᠠᠶᠢᠯᠠᠭᠰᠠᠨ ᠠᠵᠢᠯ᠂ ᠴᠢᠬᠤᠯᠠ ᠶᠡᠭᠡ ᠠᠰᠠᠭᠤᠳᠠᠯ ᠢ ᠢᠯᠡᠷᠡᠭᠦᠯᠬᠦ ᠦᠭᠡᠢ ᠪᠣᠯ ᠬᠠᠷᠢᠭᠤᠴᠠᠯᠭ᠎ᠠ ᠪᠠᠨ ᠠᠯᠳᠠᠭᠰᠠᠨ᠂ ᠠᠰᠠᠭᠤᠳᠠᠯ ᠢ ᠢᠯᠡᠷᠡᠭᠦᠯᠦᠭᠡᠳ ᠦᠨᠡᠨ ᠮᠥᠨ ᠢᠶᠠᠷ ᠨᠢ ᠮᠡᠳᠡᠭᠦᠯᠬᠦ ᠦᠭᠡᠢ ᠪᠣᠯ ᠲᠤᠰᠢᠶᠠᠯ ᠢᠶᠠᠨ ᠭᠤᠲᠤᠭᠠᠭᠰᠠᠨ ᠶᠠᠪᠤᠳᠠᠯ ᠪᠣᠯᠤᠨ᠎ᠠ ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠨᠠᠶᠢᠷ ᠲᠠᠯ᠎ᠠ ᠶᠢᠨ ᠪᠣᠭᠤᠮᠲᠠ᠂ ᠲᠦᠷᠦᠯ ᠰᠠᠳᠤᠨ ᠤ ᠰᠡᠳᠬᠢᠯᠭᠡ ᠶᠢᠨ ᠪᠣᠭᠤᠮᠲᠠ᠂ ᠨᠥᠬᠦᠷᠰᠡᠭ ᠰᠡᠳᠬᠢᠯᠭᠡ ᠶᠢᠨ ᠪᠣᠭᠤᠮᠲᠠ ᠶᠢ ᠰᠠᠶᠢᠲᠤᠷ ᠡᠵᠡᠮᠳᠡᠬᠦ ᠬᠡᠷᠡᠭᠲᠡᠢ︔ ᠲᠣᠭᠤᠷᠢᠨ ᠪᠠᠶᠢᠴᠠᠭᠠᠬᠤ ᠠᠵᠢᠯ ᠤᠨ ᠡᠯ᠎ᠡ ᠭᠤᠭᠴᠤᠭ᠎ᠠ ᠳᠤ᠂ ᠲᠣᠭᠤᠷᠢᠨ ᠪᠠᠶᠢᠴᠠᠭᠠᠬᠤ ᠲᠦᠷᠢᠮ ᠪᠠ ᠨᠠᠮ ᠤᠨ ᠳᠣᠲᠣᠭᠠᠳᠤ ᠶᠢᠨ ᠪᠤᠰᠤᠳ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠠᠵᠢᠯᠯᠠᠵᠤ᠂ ᠲᠡᠰ ᠳᠠᠷᠠᠭᠠᠯᠠᠯ ᠢ ᠴᠢᠬᠤᠯᠠᠴᠢᠯᠠᠬᠤ᠂ ᠶᠣᠰᠣ ᠲᠦᠷᠢᠮ ᠢ ᠡᠷᠬᠢᠮᠯᠡᠬᠦ᠂ ᠵᠠᠭᠠᠭ ᠬᠢᠵᠠᠭᠠᠷ ᠢ ᠲᠣᠳᠣᠷᠬᠠᠶᠢᠯᠠᠬᠤ᠂ ᠴᠢᠩᠭ᠎ᠠ ᠬᠢᠵᠠᠭᠠᠷᠯᠠᠬᠤ ᠶᠢ ᠪᠡᠶᠡᠯᠡᠭᠦᠯᠵᠦ᠂ ᠲᠣᠭᠤᠷᠢᠨ ᠪᠠᠶᠢᠴᠠᠭᠠᠬᠤ ᠠᠵᠢᠯ ᠲᠡᠦᠬᠡ ᠪᠠ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠴᠢᠩᠭᠠᠳᠬᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠠᠭᠳᠠᠨ ᠪᠠᠶᠢᠴᠠᠭᠠᠬᠤ ᠠᠵᠢᠯ ᠤᠨ ᠴᠢᠬᠤᠯᠠ ᠴᠢᠨᠠᠷ ᠪᠣᠯᠤᠨ ᠴᠢᠬᠤᠯᠠ ᠴᠢᠨᠠᠷ ᠢ ᠭᠦᠢᠴᠡᠳ ᠲᠠᠨᠢᠬᠤ ᠬᠡᠷᠡᠭᠲᠡᠢ᠃ ᠡᠷᠬᠡ ᠪᠠ ᠬᠠᠷᠢᠭᠤᠴᠠᠯᠭ᠎ᠠ ᠶᠢ ᠴᠠᠭ ᠢᠮᠠᠭᠲᠠ ᠠᠩᠬᠠᠷᠴᠤ᠂ ᠡᠯ᠎ᠡ ᠱᠠᠲᠤᠨ ᠤ ᠤᠳᠤᠷᠢᠳᠬᠤ ᠪᠠᠭ ᠪᠠ ᠵᠠᠩᠭᠢᠯᠠᠭ᠎ᠠ ᠶᠢᠨ ᠴᠥᠭᠡᠨ ᠲᠣᠭᠠᠲᠠᠨ ᠢᠯᠠᠩᠭᠤᠶ᠎ᠠ ︽ᠨᠢᠭᠡᠳᠦᠭᠡᠷ ᠭᠠᠷ︾ ᠲᠤ ᠲᠠᠯᠪᠢᠬᠤ ᠬᠢᠨᠠᠯᠲᠠ ᠪᠠᠨ ᠴᠢᠩᠭᠠᠳᠬᠠᠵᠤ᠂ ᠠᠰᠠᠭᠤᠳᠠᠯ ᠢ ᠤᠨᠢᠨ ᠳᠡᠭᠡᠷ᠎ᠡ ᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠵᠦ᠂ ᠤᠯᠤᠰ ᠲᠦᠷᠦ ᠶᠢᠨ ᠴᠠᠭᠳᠠᠨ ᠪᠠᠶᠢᠴᠠᠭᠠᠬᠤ ᠴᠢᠭᠯᠡᠯ ᠢ ᠬᠡᠯᠪᠠᠶᠢᠬᠦ ᠦᠭᠡᠢ᠂ ᠦᠷ᠎ᠡ ᠪᠦᠲᠦᠮᠵᠢ ᠶᠢ ᠪᠠᠭᠤᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠵᠣᠭᠰᠣᠯᠲᠠ ᠪᠠᠲᠤ᠂ ᠣᠪᠣᠷ ᠢᠯᠡ ᠲᠣᠳᠣ ᠪᠠᠶᠢᠵᠤ᠂ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠳᠤᠭᠤᠶᠢᠯᠠᠩ ᠤᠨ ᠠᠵᠢᠯ ᠢ ᠢᠳᠡᠪᠬᠢᠲᠡᠢ ᠲᠡᠮᠵᠢᠨ ᠬᠠᠮᠵᠢᠯᠴᠠᠬᠤ ᠬᠡᠷᠡᠭᠲᠡᠢ︔ ᠡᠭᠦᠨ ᠤ ᠬᠠᠮᠲᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠪᠠᠷ ᠲᠤᠰ ᠤᠳᠠᠭ᠎ᠠ ᠶᠢᠨ ᠲᠣᠭᠤᠷᠢᠨ ᠪᠠᠶᠢᠴᠠᠭᠠᠬᠤ ᠡᠭᠦᠷᠭᠡ ᠪᠠᠨ ᠪᠡᠶᠡᠯᠡᠭᠦᠯᠵᠦ᠂ ᠮᠠᠨ ᠤ ᠰᠢᠶᠠᠨ ᠤ ᠠᠵᠤ ᠠᠬᠤᠢ ᠶᠢᠨ ᠬᠥᠭᠵᠢᠯᠲᠡ᠂ ᠦᠨᠳᠦᠰᠦᠲᠡᠨ ᠤ ᠪᠦᠯᠬᠦᠮᠳᠡᠯ᠂ ᠠᠮᠢ ᠠᠬᠤᠢ ᠶᠢᠨ ᠪᠣᠯᠪᠠᠰᠤᠨ᠂ ᠰᠣᠶᠣᠯ ᠤᠨ ᠴᠡᠴᠡᠭᠯᠡᠯ᠂ ᠨᠡᠶᠢᠭᠡᠮ ᠤᠨ ᠵᠠᠰᠠᠯᠲᠠ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠳᠡᠭᠡᠷ᠎ᠡ᠂ ᠡᠯ᠎ᠡ ᠴᠠᠭᠳᠠᠨ ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠲᠣᠰᠪᠣᠷᠢ ᠣᠪᠣᠷ ᠢᠶᠠᠨ ᠢᠯᠡᠳᠬᠡᠵᠡᠢ᠃      ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠤᠨ ᠪᠦᠬᠦ ᠺᠠᠳ᠋ᠷ᠂ ᠴᠠᠭᠳᠠᠨ ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠠᠰᠤᠭ ᠤᠨ ᠬᠠᠷᠢᠭᠤᠴᠠᠯᠭᠠᠲᠠᠨ ᠵᠢᠴᠢ ᠬᠤᠯᠪᠣᠭᠳᠠᠯ ᠪᠦᠬᠦᠢ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3