ᠬᠤᠲᠠ ᠶᠢᠨ ᠨᠠᠮ ᠤᠨ ᠬᠤᠷᠢᠶᠠᠨ ᠤ ᠣᠷᠣᠨ ᠲᠣᠭᠠᠨ ᠤ ᠠᠯᠪᠠᠨ ᠭᠡᠷ ᠦᠨᠳᠦᠰᠦᠲᠡᠨ ᠤ ᠪᠦᠯᠬᠦᠮᠳᠡᠯ ᠰᠢᠶᠠᠩ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/4/24
     4 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ᠤᠨ ᠬᠢᠨ ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠰᠢᠶᠠᠩ ᠳᠤ ᠬᠦᠷᠴᠦ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠪᠠᠶᠢᠳᠠᠯ ᠵᠢᠴᠢ ᠰᠢᠨ᠎ᠡ ᠪᠠᠷ ᠪᠠᠶᠢᠭᠤᠯᠤᠭᠰᠠᠨ ᠠᠵᠢᠯ ᠦᠢᠯᠡᠰ ᠤᠨ ᠨᠢᠭᠡᠴᠡ ᠶᠢᠨ ᠡᠷᠬᠡ ᠶᠢ ᠳᠣᠷᠣᠭᠰᠢ ᠪᠠᠭᠤᠯᠭᠠᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂    ᠰᠢᠶᠠᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
     ᠪᠠᠶᠢᠴᠠᠭᠠᠨ ᠰᠤᠳᠤᠯᠬᠤ ᠠᠵᠢᠯ ᠢ ᠶᠠᠷᠢᠯᠴᠠᠬᠤ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠤ᠂ ᠰᠢᠶᠠᠩ ᠤᠨ ᠭᠤᠣᠯ ᠤᠳᠤᠷᠢᠳᠤᠯᠭ᠎ᠠ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠦᠨᠳᠦᠰᠦᠲᠡᠨ ᠤ ᠪᠦᠯᠬᠦᠮᠳᠡᠯ ᠰᠢᠶᠠᠩ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠠᠶᠢᠳᠠᠯ ᠤᠨ ᠲᠤᠬᠠᠶ᠋ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ᠤᠨ ᠡᠷᠬᠢᠯᠡᠭᠴᠢ ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠭᠰᠠᠨ ᠪᠠᠶᠢᠳᠠᠯ ᠢ ᠨᠠᠷᠢᠨ ᠨᠢᠮᠪᠠᠶ ᠠᠰᠠᠭᠤᠨ ᠯᠠᠪᠯᠠᠵᠠᠶ᠃      ᠬᠤᠷᠠᠯ ᠳᠡᠭᠡᠷ᠎ᠡ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠦᠯᠬᠦᠮᠳᠡᠯ ᠰᠢᠶᠠᠩ ᠤᠨ ᠭᠤᠣᠯ ᠬᠠᠷᠢᠭᠤᠴᠠᠯᠭᠠᠲᠠᠨ ᠲᠠᠢ ᠬᠠᠮᠲᠤ ᠠᠵᠢᠯ ᠦᠢᠯᠡᠰ ᠤᠨ ᠨᠢᠭᠡᠴᠢ ᠶᠢᠨ ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠭᠰᠠᠨ ᠠᠵᠢᠯᠯᠠᠭᠠᠨ ᠤ ᠪᠠᠶᠢᠳᠠᠯ ᠤᠨ ᠲᠤᠬᠠᠶ ᠨᠠᠷᠢᠨ ᠠᠰᠠᠭᠤᠨ ᠯᠠᠪᠯᠠᠭᠰᠠᠨ ᠪᠥᠭᠡᠳ ᠰᠢᠶᠠᠩ ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠷᠬᠡ ᠶᠢ ᠳᠣᠷᠣᠭᠰᠢ ᠪᠠᠭᠤᠯᠭᠠᠬᠤ ᠶᠢᠨ ᠵᠣᠷᠢᠯᠭ᠎ᠠ ᠨᠢ ᠰᠢᠶᠠᠩ ᠪᠠᠯᠭᠠᠰᠤᠨ ᠤ ᠵᠠᠰᠠᠭ ᠵᠠᠬᠢᠷᠭᠠᠨ ᠤ ᠪᠠᠶᠢᠭᠤᠯᠤᠯ ᠤᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠲᠤ ᠤᠯᠠᠮ ᠨᠢᠭᠡ ᠠᠯᠬᠤᠮ ᠲᠦᠭᠦᠮ ᠦᠵᠡᠭᠦᠯᠵᠦ᠂ ᠠᠷᠠᠳ ᠲᠤ ᠤᠯᠠᠮ ᠨᠢᠭᠡ ᠠᠯᠬᠤᠮ ᠦᠢᠯᠡᠴᠢᠯᠡᠬᠦ ᠶᠢᠨ ᠲᠥᠯᠥᠭᠡ ᠶᠤᠮ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠲᠣᠰ ᠰᠢᠶᠠᠩ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠬᠤᠯᠪᠣᠭᠳᠠᠯ ᠪᠥᠬᠦᠶ ᠮᠠᠲ᠋ᠧᠷᠢᠶᠠᠯ ᠲᠠᠩᠰᠠ ᠡᠪᠬᠡᠮᠡᠯ ᠢ ᠪᠠᠶᠢᠴᠠᠭᠠᠨ ᠦᠵᠡᠵᠦ᠂ ᠰᠢᠶᠠᠩ ᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ ᠤ ᠪᠣᠳᠠᠲᠠᠶ ᠠᠵᠢᠯ ᠢᠶᠠᠨ ᠥᠷᠨᠢᠭᠦᠯᠬᠦ ᠪᠠ ᠡᠷᠬᠡ ᠶᠢᠨ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠠᠰᠠᠭᠤᠨ ᠯᠠᠪᠯᠠᠵᠠᠶ᠃      ᠲᠠᠷᠠᠭᠠᠴᠢ ᠶᠢᠨ ᠠᠯᠬᠤᠮ ᠳᠤ᠂ ᠦᠨᠳᠦᠰᠦᠲᠡᠨ ᠤ ᠪᠦᠯᠬᠦᠮᠳᠡᠯ ᠰᠢᠶᠠᠩ ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠵᠢᠯᠣᠭᠤᠳᠬᠤ ᠰᠠᠨᠠᠭᠤᠯᠭ᠎ᠠ ᠶᠢ ᠦᠨᠳᠦᠰᠦᠯᠡᠨ᠂ ᠲᠣᠰ ᠰᠢᠶᠠᠩ ᠤᠨ ᠣᠳᠣᠬᠠᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠰᠢᠯᠢᠳᠡᠭᠵᠢᠭᠦᠯᠵᠦ᠂ ᠪᠠᠶᠢᠭᠤᠯᠤᠮᠵᠢ ᠶᠢᠨ ᠣᠷᠣᠨ ᠲᠤᠭ᠎ᠠ ᠶᠢ ᠪᠠᠶᠢᠭᠤᠯᠤᠨ ᠪᠦᠷᠢᠨᠰᠢᠬᠦᠯᠵᠦ᠂ ᠣᠷᠣᠨ ᠲᠤᠭ᠎ᠠ ᠶᠢᠨ ᠠᠮᠢᠳᠤᠯᠢᠭ ᠬᠦᠴᠦᠨ ᠢ ᠳᠡᠭᠡᠭᠰᠢᠯᠡᠭᠦᠯᠦᠨ᠂ ᠠᠷᠠᠳ ᠲᠤ  ᠦᠢᠯᠡᠴᠢᠯᠡᠬᠦ ᠦᠨᠳᠦᠰᠦᠨ ᠱᠠᠲᠤᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠲᠣᠰ ᠰᠢᠶᠠᠩ ᠤᠨ ᠡᠯ᠎ᠡ ᠵᠦᠢᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃                               ᠵᠤᠬᠢᠶᠠᠭᠴᠢ᠄ ᠦᠨᠳᠦᠰᠦᠲᠡᠨ ᠤ ᠪᠦᠯᠬᠦᠮᠳᠡᠯ ᠰᠢᠶᠠᠩ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3