ᠰᠢᠩ ᠾᠧ ᠰᠢᠶᠠᠨ ︽ᠪᠣᠭᠤᠮᠲᠠ ᠶᠢᠨ ᠭᠠᠳᠠᠨᠠᠬᠢ ᠲᠡᠨᠡᠭ ᠡᠪᠦᠭᠡᠨ︾ ᠳ᠋ᠦᠩ ᠬᠤᠩ ᠷᠦ᠋ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠭᠦᠨᠵᠡᠭᠡᠢ ᠰᠤᠷᠤᠯᠴᠠᠵᠤ᠂ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠣᠯᠪᠠᠰᠤᠨ ᠤ ᠦᠢᠯᠡᠳᠦᠯᠭᠡᠵᠢᠭᠦᠯᠦᠭᠴᠢ ᠶᠢᠨ ᠭᠤᠣᠯ ᠰᠡᠳᠦᠪᠲᠦ ᠨᠠᠮ ᠤᠨ ᠡᠳᠦᠷ ᠪᠣᠯᠬᠤ ᠵᠢᠴᠢ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠥᠷᠨᠢᠭᠦᠯᠵᠡᠢ
ᠨᠡᠶᠢᠲᠡᠯᠡᠭᠰᠡᠨ ᠴᠠᠭ᠄
2022/4/25
     ᠬᠠᠪᠤᠷ ᠤᠨ ᠤᠷᠢᠬᠠᠨ ᠰᠠᠯᠬᠢᠨ ᠤ ᠠᠶᠠᠰ ᠢᠶᠠᠷ ᠰᠢᠨ᠎ᠡ ᠨᠣᠭᠤᠭᠠᠷᠠᠭᠤᠯᠤᠯᠲᠠ ᠶᠢ ᠲᠦᠷᠭᠡᠳᠬᠡᠵᠦ᠂ ᠮᠣᠳᠣ ᠲᠠᠷᠢᠬᠤ ᠴᠠᠭ ᠦᠶ᠎ᠡ ᠳᠡᠭᠡᠨ ᠬᠦᠷᠴᠦ ᠢᠷᠡᠵᠠᠢ᠃ 4 ᠰᠠᠷ᠎ᠠ ᠶᠢᠨ 24 ᠤ ᠡᠳᠦᠷ᠂ ᠰᠢᠩ ᠡᡁᠧ ᠰᠢᠶᠠᠨ ︽ᠪᠣᠭᠤᠮᠲᠠ ᠶᠢᠨ ᠭᠠᠳᠠᠨᠠᠬᠢ ᠲᠡᠨᠡᠭ ᠡᠪᠦᠭᠡᠨ︾ ᠳ᠋ᠦᠩ ᠬᠤᠩ ᠷᠦ᠋ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠰᠤᠷᠤᠯᠴᠠᠬᠤ᠂ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠣᠯᠪᠠᠰᠤᠨ ᠤ ᠦᠢᠯᠡᠳᠦᠯᠭᠡᠵᠢᠭᠦᠯᠦᠭᠴᠢ ᠶᠢᠨ ᠭᠤᠣᠯ ᠰᠡᠳᠦᠪᠲᠦ ᠨᠠᠮ ᠤᠨ ᠡᠳᠦᠷ ᠪᠣᠯᠬᠤ ᠵᠢᠴᠢ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠡᠢ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠾᠧ ᠶᠢᠩ ᠽᠢ ᠶᠢᠨ ᠳᠠᠭᠠᠭᠤᠯᠭ᠎ᠠ ᠪᠠᠷ᠂ ᠪᠦᠬᠦ ᠰᠢᠶᠠᠨ ᠤ ᠺᠠᠳ᠋ᠷ ᠠᠵᠢᠯᠳᠠᠨ ᠠᠵᠢᠯᠴᠢᠨ ᠤᠯᠤᠰ ᠤᠨ ᠲᠤᠭ ᠤᠨ ᠡᠮᠦᠨ᠎ᠡ ᠲᠥᠪ ᠴᠢᠩᠭ᠎ᠠ ᠪᠠᠷ ᠲᠠᠩᠭᠠᠷᠢᠭᠯᠠᠵᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠡᠷᠭᠢᠴᠡᠭᠦᠯᠪᠡ᠃
      ᠡᠷᠳᠡᠨᠢ ᠪᠠᠯᠭᠠᠰᠤᠨ ᠤ ᠱᠧᠩ ᠯᠢ ᠶᠢᠩ ᠲᠣᠰᠬᠤᠨ ᠤ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠳᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠠᠵᠢᠯᠳᠠᠨ᠂ ᠰᠤᠷᠤᠭᠴᠢ᠂ ᠰᠠᠶᠢᠨ ᠳᠤᠷ᠎ᠠ ᠶᠢᠨ ᠠᠵᠢᠯᠯᠠᠭᠴᠢ ᠨᠠᠷ ᠬᠦᠷᠵᠡ ᠪᠠᠷᠢᠵᠤ᠂ ᠮᠣᠳᠣ ᠲᠠᠷᠢᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠤᠯᠠᠨ ᠢᠶᠠᠷ ᠢᠶᠠᠨ ᠬᠤᠶᠠᠷ ᠬᠥᠮᠦᠨ ᠨᠢᠭᠡ ᠬᠤᠣᠰ ᠪᠤᠯᠵᠤ᠂ ᠭᠤᠷᠪᠠᠨ ᠬᠥᠮᠦᠨ ᠨᠢᠭᠡ ᠳᠤᠭᠤᠶᠢᠯᠠᠩ ᠪᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠷᠢᠯᠴᠠᠨ ᠬᠠᠮᠵᠢᠯᠴᠠᠵᠤ᠂ ᠬᠦᠷᠵᠡ ᠬᠤᠷᠦ᠋ᠢᠯᠠᠵᠤ ᠨᠦᠭᠡ ᠮᠠᠯᠲᠠᠵᠤ᠂ ᠴᠢᠬᠢ ᠮᠣᠳᠣ ᠶᠢ ᠲᠦᠰᠢᠨ ᠰᠢᠷᠣᠢ ᠪᠥᠭᠯᠡᠵᠦ᠂ ᠰᠠᠭᠤᠯᠠᠭ᠎ᠠ ᠰᠠᠭᠤᠯᠠᠭ᠎ᠠ ᠶᠢ ᠰᠠᠭᠤᠯᠠᠭᠠᠨ ᠤᠰᠤ ᠤᠰᠤᠯᠠᠵᠤ᠂ ᠨᠢᠮᠪᠠᠢ ᠨᠢᠭᠡ ᠰᠠᠭᠤᠷᠢ ᠵᠤᠯᠵᠠᠭ᠎ᠠ ᠮᠣᠳᠣ ᠶᠢ ᠲᠠᠷᠢᠵᠠᠢ᠃ ᠰᠢᠨ᠎ᠡ ᠪᠠᠷ ᠵᠠᠶᠢᠯᠠᠭᠰᠠᠨ ᠰᠠᠯᠠᠭ᠎ᠠ ᠮᠥᠴᠢᠷ ᠵᠤᠯᠵᠠᠭ᠎ᠠ ᠮᠣᠳᠣ ᠰᠡᠬᠦ᠋ᠢᠨ ᠰᠦᠨᠳᠡᠷᠯᠡᠵᠦ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠠᠵᠢᠯᠯᠠᠭ᠎ᠠ ᠶᠢᠨ ᠲᠤᠬᠠᠢ ᠶᠢᠨ ᠡᠳᠦᠷ᠂ ᠰᠢᠩ ᠡᡁᠧ ᠰᠢᠶᠠᠨ ᠤ 400 ᠭᠠᠷᠤᠢ ᠺᠠᠳ᠋ᠷ ᠠᠵᠢᠯᠳᠠᠨ ᠠᠵᠢᠯᠴᠢᠨ ᠨᠡᠶᠢᠳᠡ 2000 ᠭᠠᠷᠤᠢ ᠵᠢᠭᠠᠷᠲᠤ ᠨᠠᠷᠠᠰᠤ ᠶᠢ ᠵᠠᠶᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ︽ᠰᠢᠨ᠎ᠡ ᠨᠣᠭᠤᠭᠠᠨ︾ ᠢᠶᠠᠷ ᠰᠢᠩ ᠡᡁᠧ ᠡᠬᠡ ᠭᠠᠵᠠᠷ ᠲᠤ ᠰᠢᠨ᠎ᠡ ᠬᠤᠪᠴᠠᠰᠤ ᠡᠮᠦᠰᠬᠡᠵᠦ᠂ ᠠᠮᠢ ᠠᠬᠤᠢ ᠶᠢᠨ ᠪᠦᠳᠤᠬᠡᠨ ᠪᠠᠶᠢᠭᠤᠯᠤᠯᠲᠠ ᠳᠤ ᠪᠣᠬᠢᠷᠲᠤᠯ ᠦᠬᠡᠢ ᠬᠥᠳᠡᠯᠭᠡᠬᠦ ᠬᠦᠴᠦᠨ ᠨᠡᠮᠡᠷᠢᠯᠡᠵᠡᠢ
     ᠪᠦᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠥᠳᠡᠯᠭᠡᠭᠡᠨ ᠤ ᠭᠦᠨᠵᠡᠭᠡᠢ ᠥᠷᠨᠢᠬᠦ ᠶᠢ ᠲᠠᠭᠠᠯᠳᠤᠨ ᠂ ︽ᠪᠠᠶᠢᠭᠠᠯᠢ ᠶᠢ ᠬᠦᠨᠳᠦᠳᠬᠡᠵᠦ᠂ ᠪᠠᠶᠢᠭᠠᠯᠢ ᠶᠢ ᠬᠠᠶᠢᠷᠠᠯᠠᠬᠤ︾ ᠣᠶᠢᠯᠠᠭᠠᠭᠳᠠᠬᠤᠨ ᠬᠥᠮᠦᠰ ᠤᠨ ᠰᠡᠳᠬᠢᠯ ᠳᠤ ᠭᠦᠨ ᠬᠠᠳᠠᠩᠰᠢᠵᠤ᠂ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠥᠷᠭᠡᠨ ᠢᠶᠠᠷ ᠮᠡᠳᠡᠷᠡᠭᠳᠡᠵᠦ᠂ ᠣᠳᠣᠬᠠᠨ ᠳᠤ ᠨᠢᠭᠡᠨᠲᠡ 7 ᠲᠦᠮᠡ ᠭᠠᠷᠤᠢ ᠰᠠᠭᠤᠷᠢ ᠠᠯᠪᠠᠨ ᠵᠢᠷᠤᠮ ᠤᠨ ᠮᠣᠳᠣ ᠳᠠᠷᠢᠵᠤ᠂ ᠤᠯᠠᠨ ᠨᠡᠶᠢᠲᠡ ᠶᠢᠨ ᠨᠣᠭᠤᠭᠠᠷᠠᠭᠤᠯᠤᠯᠲᠠ ᠶᠢ ᠬᠠᠶᠢᠷᠠᠯᠠᠵᠤ ᠨᠣᠭᠤᠭᠠᠷᠠᠭᠤᠯᠤᠯᠲᠠ ᠶᠢ ᠬᠠᠮᠠᠭᠠᠯᠠᠬᠤ ᠤᠬᠠᠮᠰᠠᠷ ᠢᠯᠡᠳᠲᠡ ᠳᠡᠭᠡᠭᠰᠢᠯᠡᠵᠡᠢ᠃      ᠰᠢᠶᠠᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠭᠡᠷ ᠲᠡᠭᠡᠨ ᠪᠠᠶᠢᠭ᠎ᠠ ᠤᠳᠤᠷᠢᠳᠬᠤᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠤᠯᠤᠰ ᠲᠦᠷᠦ ᠶᠢᠨ ᠵᠥᠪᠯᠡᠯᠭᠡᠨ ᠤ ᠠᠯᠪᠠᠨ ᠭᠡᠷ᠂ ᠠᠷᠠᠳ ᠤᠨ ᠵᠡᠪᠰᠡᠭᠲᠦᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠤᠪᠴᠢᠶ᠎ᠠ᠂ ᠤᠢ ᠰᠢᠭᠤᠢ ᠡᠪᠡᠰᠦ ᠪᠡᠯᠴᠢᠭᠡᠷ ᠤᠨ ᠲᠤᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠵᠢᠴᠢ ᠡᠷᠳᠡᠨᠢ ᠪᠠᠯᠭᠠᠰᠤᠨ ᠤ ᠺᠠᠳ᠋ᠷ ᠠᠵᠢᠯᠳᠠᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃                                                                         ᠢᠷᠡᠯᠲᠡ᠄  ᠰᠢᠩ ᠾᠧ ᠰᠢᠶᠠᠨ ᠤ ᠬᠠᠮ ᠵᠠᠭᠤᠴᠢᠯᠠᠭᠤᠷ ᠤᠨ ᠲᠥᠪ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3