ᠰᠠᠶᠢᠬᠤᠰᠤ ᠶᠢᠨ ᠬᠠᠤᠯᠢ ᠴᠠᠭᠠᠵᠠ ᠶᠢᠨ ᠭᠠᠵᠠᠷ ︽ᠬᠠᠤᠯᠢ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ︾ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/4/25
     ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠡᠭᠦᠳᠦᠨ  ᠪᠠᠶᠢᠭᠤᠯᠬᠤ ᠶᠢᠨ ᠲᠥᠯᠥᠭᠡ᠂ 4 ᠰᠠᠷ᠎ᠠ ᠶᠢᠨ 24 ᠤ ᠡᠳᠦᠷ᠂ ᠰᠠᠶᠢᠬᠤᠰᠤ ᠶᠢᠨ ᠬᠠᠤᠯᠢ ᠴᠠᠭᠠᠵᠠ ᠶᠢᠨ ᠭᠠᠵᠠᠷ ᠬᠠᠷᠢᠶ᠎ᠠ ᠣᠷᠣᠨ ᠤ ᠰᠤᠷᠭᠠᠭᠤᠯᠢ ᠳᠤ ᠭᠦᠨᠵᠡᠭᠡᠶᠢᠷᠡᠵᠦ᠂ ︽ᠬᠠᠤᠯᠢ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ︾ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠡᠢ᠃      ᠲᠣᠰ ᠠᠵᠢᠯᠯᠠᠭ᠎ᠠ ᠶᠢ ᠬᠠᠤᠯᠢ ᠪᠠᠷ ᠵᠠᠰᠠᠬᠤ ᠬᠢᠴᠢᠶᠡᠯ ᠤᠨ ᠲᠠᠩᠬᠢᠮ ᠥᠷᠨᠢᠭᠦᠯᠬᠦ ᠪᠠ ᠬᠤᠯᠪᠣᠭᠳᠠᠯ ᠪᠥᠬᠦᠶ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠠᠷᠭ᠎ᠠ ᠮᠠᠶ᠋ᠢᠭ ᠢᠶᠠᠷ ᠥᠷᠨᠢᠭᠦᠯᠦᠨ᠎ᠡ᠃ ᠬᠢᠴᠢᠶᠡᠯ ᠤᠨ ᠲᠠᠩᠬᠢᠮ ᠳᠤ᠂ ᠰᠠᠶᠢᠬᠤᠰᠤ ᠶᠢᠨ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠶᠢᠨ ᠬᠠᠮᠢᠶ᠎ᠠ ᠪᠦᠬᠦᠢ ᠠᠭᠤᠯᠭ᠎ᠠ ᠲᠠᠢ ᠤᠶᠠᠯᠳᠤᠭᠤᠯᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠬᠡᠯᠪᠡᠷᠢ ᠪᠠᠷ ᠰᠤᠷᠤᠭᠴᠢᠳ ᠲᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠨᠠᠰᠤᠨ ᠳᠤ ᠦᠯᠦ ᠬᠦᠷᠦᠭᠰᠡᠳ ᠤᠨ ᠥᠪᠡᠷ ᠢ ᠪᠠᠨ ᠬᠡᠷᠬᠢᠨ ᠬᠠᠮᠠᠭᠠᠯᠠᠬᠤ ᠵᠡᠷᠭᠡ ᠠᠭᠤᠯᠭ᠎ᠠ ᠶᠢ ᠲᠠᠶᠢᠯᠪᠤᠷᠢᠯᠠᠨ ᠥᠭᠴᠦ᠂ ᠲᠠᠶᠢᠯᠪᠤᠷᠢᠯᠠᠯᠲᠠ ᠳᠠᠭᠤᠰᠤᠭᠰᠠᠨ ᠤ ᠳᠠᠷᠠᠭ᠎ᠠ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠵᠡᠷᠭᠡ ᠤᠬᠠᠭᠤᠯᠭ᠎ᠠ ᠶᠢᠨ ᠮᠠᠲᠧᠷᠢᠶᠠᠯ ᠢ 100 ᠭᠠᠷᠤᠢ ᠬᠤᠪᠢ ᠲᠠᠷᠬᠠᠭᠠᠵᠠᠢ᠃      ᠲᠣᠰ ᠤᠳᠠᠭᠠᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠤᠨ ᠬᠠᠤᠯᠢ ᠶᠢ ᠰᠤᠷᠬᠤ᠂ ᠬᠠᠤᠯᠢ ᠶᠢ ᠮᠡᠳᠡᠬᠦ᠂ ᠬᠠᠤᠯᠢ ᠶᠢ ᠮᠡᠳᠡᠬᠦ᠂ ᠬᠠᠤᠯᠢ ᠶᠢ ᠬᠡᠷᠡᠭᠯᠡᠬᠦ᠂ ᠬᠠᠤᠯᠢ ᠶᠢ ᠬᠠᠮᠠᠭᠠᠯᠠᠬᠤ ᠤᠬᠠᠮᠰᠠᠷ ᠵᠢᠴᠢ ᠵᠥᠪ ᠪᠤᠷᠤᠭᠤ ᠶᠢ ᠢᠯᠭᠠᠨ ᠲᠠᠨᠢᠬᠤ ᠪᠠ ᠥᠪᠡᠷ ᠢ ᠪᠠᠨ ᠬᠠᠮᠠᠭᠠᠯᠠᠬᠤ᠂ ᠥᠪᠡᠷ ᠢ ᠪᠠᠨ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠰᠤᠷᠤᠭᠴᠢᠳ ᠲᠤ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠠᠭ᠎ᠠ ᠶᠠᠪᠤᠳᠠᠯ ᠠᠴᠠ ᠡᠬᠢᠯᠡᠨ ᠠᠵᠢᠯ ᠬᠢᠵᠦ᠂ ᠰᠤᠷᠭᠠᠭᠤᠯᠢ ᠶᠢᠨ ᠬᠦᠷᠢᠶᠡᠨ ᠤ ᠰᠠᠶᠢᠨ ᠰᠠᠶᠢᠬᠠᠨ ᠴᠠᠭ ᠮᠥᠴᠡ ᠶᠢ ᠨᠠᠨᠳᠢᠩᠨᠠᠵᠤ᠂ ᠶᠠᠯ᠎ᠠ ᠨᠢᠭᠦᠯ ᠠᠴᠠ ᠵᠠᠶᠢᠳᠠᠵᠤ᠂ ᠬᠠᠤᠯᠢ ᠶᠢ ᠰᠤᠷᠴᠤ᠂ ᠬᠠᠤᠯᠢ ᠶᠢ ᠮᠡᠳᠡᠵᠦ᠂ ᠬᠠᠤᠯᠢ ᠶᠢ ᠰᠠᠬᠢᠵᠤ᠂ ᠬᠠᠤᠯᠢ ᠶᠢ ᠬᠡᠷᠡᠭᠯᠡᠳᠡᠭ ᠰᠤᠷᠤᠭᠴᠢ ᠪᠣᠯᠬᠤ ᠶᠢ ᠮᠡᠳᠡᠭᠦᠯᠦᠨ᠎ᠡ᠃                       ᠵᠣᠬᠢᠶᠠᠭᠴᠢ᠄ ᠬᠠᠤᠯᠢ ᠴᠠᠭᠠᠵᠠ ᠶᠢᠨ ᠲᠣᠪᠴᠢᠶ᠎ᠠ ᠶᠢᠨ ᠸᠠᠩ ᠴᠢᠶᠠᠩ                     ᠤᠷᠴᠢᠭᠤᠯᠤᠭᠴᠢ᠄ ᠨᠠᠷᠠᠰᠤ                     ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3