ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳ᠋ᠠ ᠲᠦᠩ ᠶᠣᠣ ᠰᠢᠶᠠᠩ ᠳᠤ ᠭᠦᠨᠵᠡᠭᠡᠶᠢᠷᠡᠨ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠷᠣᠭᠤᠯᠬᠤ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/4/25
     ᠬᠠᠤᠯᠢ ᠴᠠᠭᠠᠵᠠ ᠶᠢᠨ ᠦᠢᠯᠡᠴᠢᠯᠡᠭᠡᠨ ᠤ ᠪᠦᠷᠬᠦᠴᠡ ᠶᠢ ᠴᠢᠨᠠᠭᠰᠢᠳᠠ ᠥᠷᠭᠡᠳᠬᠡᠵᠦ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠤᠯᠠᠨ ᠲᠦᠮᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ 4 ᠰᠠᠷ᠎ᠠ ᠶᠢᠨ 23 ᠤ ᠡᠳᠦᠷ᠂ ᠰᠢᠩ ᠡᡁᠧ ᠰᠢᠶᠠᠨ ᠤ ᠬᠠᠤᠯᠢ ᠴᠠᠭᠠᠵᠠ ᠶᠢᠨ ᠲᠤᠪᠴᠢᠶ᠎ᠠ ᠥᠪᠥᠷ ᠮᠣᠩᠭᠤᠯ ᠤᠨ ᠡᠷᠬᠡᠲᠡᠨ ᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠶᠢ ᠵᠣᠬᠢᠶᠠᠨ ᠪᠠᠶᠢᠭᠤᠯᠵᠤ ᠳ᠋ᠠ ᠲᠤᠩ ᠶᠣᠣ ᠰᠢᠶᠠᠩ ᠳᠤ ︽ᠬᠠᠤᠯᠢ ᠴᠠᠭᠠᠵᠠ ᠶᠢ ᠬᠥᠳᠡᠭᠡ ᠲᠣᠰᠬᠤᠨ ᠳᠤ ᠬᠦᠷᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠪᠠᠷ ᠭᠤᠣᠯ ᠰᠡᠳᠦᠪ ᠪᠣᠯᠭᠠᠨ ︽ᠲᠦᠮᠡᠨ ᠠᠷᠠᠳ ᠤᠨ ᠬᠠᠤᠯᠢᠴᠢ ᠶᠢ ᠬᠥᠳᠡᠭᠡ ᠲᠣᠰᠬᠤᠨ ᠳᠤ ᠬᠦᠷᠭᠡᠬᠦ︾ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠥᠪᠥᠷ ᠮᠣᠩᠭᠤᠯ ᠤᠨ ᠡᠷᠬᠡᠲᠡᠨ ᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠲᠣᠰᠬᠤᠨ ᠤ ᠠᠷᠠᠳ ᠤᠨ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠠᠷᠠᠳ ᠤᠨ ᠬᠤᠭᠤᠷᠣᠨᠳᠣᠬᠢ ᠵᠢᠭᠡᠯᠡᠯᠭᠡ᠂ ᠤᠷᠤᠭ ᠭᠡᠷ ᠪᠦᠯᠢ ᠵᠢᠴᠢ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠵᠡᠷᠭᠡ ᠭᠤᠣᠯᠳᠠᠯᠭ᠎ᠠ ᠲᠠᠢ ᠬᠠᠤᠯᠢ ᠴᠠᠭᠠᠵᠠ ᠶᠢᠨ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠤᠯᠠᠨ ᠲᠦᠮᠡᠨ ᠳᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠶᠢᠨ ᠮᠡᠳᠡᠯᠭᠡ ᠶᠢ ᠨᠡᠩ ᠰᠢᠭᠤᠳ ᠤᠢᠢᠯᠠᠭᠠᠭᠤᠯᠵᠠᠢ᠃ ᠡᠭᠦᠨ ᠤ ᠬᠠᠮᠲᠤ ᠲᠤᠬᠠᠢ ᠶᠢᠨ ᠲᠠᠯᠠᠪᠤᠷ ᠲᠤ ᠪᠠᠶᠢᠭᠰᠠᠨ ᠰᠤᠮᠤ ᠭᠠᠴᠠᠭᠠᠨ ᠤ ᠺᠠᠳ᠋ᠷ᠂ ᠨᠠᠮ ᠤᠨ ᠡᠭᠦᠷ ᠤᠨ ᠱᠦᠵᠢ ᠲᠠᠢ ᠲᠣᠰᠬᠤᠨ ᠤ ᠠᠷᠠᠳ ᠤᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠬᠡᠷᠬᠢᠨ ᠳᠡᠭᠡᠭᠰᠢᠯᠡᠭᠦᠯᠬᠦ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠬᠡᠯᠪᠡᠷᠢ ᠶᠢ ᠬᠡᠷᠬᠢᠨ ᠬᠡᠷᠡᠭᠯᠡᠨ ᠬᠥᠳᠡᠭᠡ ᠲᠣᠰᠬᠤᠨ ᠤ ᠵᠠᠰᠠᠯᠲᠠ ᠶᠢ ᠠᠬᠢᠭᠤᠯᠬᠤ ᠵᠡᠷᠭᠡ ᠠᠰᠠᠭᠤᠳᠠᠯ ᠤᠨ ᠲᠤᠬᠠᠢ ᠬᠠᠯᠠᠭᠤᠨ ᠢᠶᠠᠷ ᠶᠠᠷᠢᠯᠴᠠᠪᠠ᠃      ᠠᠵᠢᠯᠯᠠᠭ᠎ᠠ ᠳᠠᠭᠤᠰᠤᠭᠰᠠᠨ ᠤ ᠲᠠᠷᠠᠭ᠎ᠠ᠂ ᠳ᠋ᠠ ᠲᠦᠩ ᠶᠣᠣ ᠰᠢᠶᠠᠩ ᠤᠨ ᠡᠯ᠎ᠡ ᠲᠣᠰᠬᠤᠨ ᠤ ᠠᠷᠠᠳ ᠤᠨ ᠵᠥᠪᠯᠡᠯ ᠳᠤ ᠡᠷᠬᠡᠲᠡᠨ ᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠲᠣᠰᠬᠤᠨ ᠳᠤ ᠰᠠᠭᠤᠵᠤ ᠬᠠᠷᠢᠯᠴᠠᠬᠤ ᠫᠠᠶᠢᠰᠠ ᠲᠠᠷᠬᠠᠭᠠᠵᠤ᠂ ᠠᠷᠪᠠᠨ ᠵᠢᠷᠭᠤᠭᠠᠨ ᠬᠠᠤᠯᠢ ᠴᠠᠭᠠᠵᠠ ᠶᠢᠨ ᠬᠠᠪᠰᠤᠷᠤᠨ ᠲᠡᠳᠬᠦᠬᠦ ᠬᠠᠷᠢᠯᠴᠠᠬᠤ ᠴᠡᠭ ᠭᠠᠷᠭᠠᠵᠤ᠂ ᠠᠷᠪᠠᠨ ᠲᠠᠪᠤᠨ ᠬᠤᠪᠢ ᠦᠨᠳᠦᠰᠦᠨ ᠱᠠᠲᠤᠨ ᠤ ᠮᠠᠯᠴᠢᠨ ᠲᠠᠷᠢᠶᠠᠴᠢᠨ ᠤ ᠬᠠᠤᠯᠢ ᠴᠠᠭᠠᠵᠠ ᠶᠢᠨ ᠬᠠᠪᠰᠤᠷᠤᠨ ᠲᠡᠳᠬᠦᠬᠦ ᠬᠡᠯᠡᠯᠴᠡᠭᠡᠷ ᠲᠣᠭᠲᠠᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠬᠦᠴᠦᠨ ᠤ ᠳᠣᠷᠣᠭᠰᠢ ᠭᠦᠨᠵᠡᠭᠡᠶᠢᠷᠡᠨ ᠨᠡᠪᠴᠢᠬᠦ ᠶᠢ ᠠᠬᠢᠭᠤᠯᠵᠤ᠂ ᠥᠷᠭᠡᠨ ᠤᠯᠠᠨ ᠮᠠᠯᠴᠢᠨ ᠲᠠᠷᠢᠶᠠᠴᠢᠨ ᠳᠤ ᠳᠥᠭᠦᠮ ᠳᠥᠲᠡ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠪᠠ᠃      ᠲᠣᠰ ᠤᠳᠠᠭᠠᠨ ᠤ ︽ᠲᠦᠮᠡᠨ ᠠᠷᠠᠳ ᠤᠨ ᠬᠠᠤᠯᠢᠴᠢ ᠶᠢ ᠬᠥᠳᠡᠭᠡ ᠲᠣᠰᠬᠤᠨ ᠳᠤ ᠬᠦᠷᠭᠡᠬᠦ︾ ᠬᠠᠤᠯᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ᠂ ︽ᠢᠷᠭᠡᠨ ᠤ ᠬᠠᠤᠯᠢ ᠶᠢᠨ ᠪᠢᠴᠢᠭ︾ ᠤᠨ ᠠᠷᠠᠳ ᠲᠤ ᠲᠥᠬᠦᠮ ᠦᠵᠡᠭᠦᠯᠬᠦ ᠭᠠᠷ ᠳᠡᠪᠲᠡᠷ 100 ᠭᠠᠷᠤᠶ ᠳᠡᠪᠲᠡᠷ᠂ ᠬᠠᠤᠯᠢ ᠪᠠᠷ ᠵᠠᠰᠠᠬᠤ ᠭᠠᠷ ᠴᠦᠩᠬᠦ 60 ᠭᠠᠷᠤᠶ ᠲᠠᠷᠬᠠᠭᠠᠭᠠᠳ᠂ ᠣᠯᠠᠨ ᠲᠦᠮᠡᠨ ᠤ ᠬᠠᠮᠲᠤ ᠶᠢᠨ ᠬᠦᠷᠢᠶᠡᠯᠡᠯ ᠢ ᠣᠯᠤᠭᠰᠠᠨ ᠪᠠᠶᠢᠨ᠎ᠠ᠃      ᠵᠠᠯᠭᠠᠭᠠᠳ ᠰᠢᠩ ᠡᡁᠧ ᠰᠢᠶᠠᠨ ᠤ ᠬᠠᠤᠯᠢ ᠴᠠᠭᠠᠵᠠ ᠶᠢᠨ ᠲᠤᠪᠴᠢᠶ᠎ᠠ ᠤᠯᠠᠨ ᠬᠡᠯᠪᠡᠷᠢ ᠶᠢᠨ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠰᠢᠶᠠᠩ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠵᠢᠴᠢ ︽ᠨᠢᠭᠡ ᠲᠣᠰᠬᠤᠨ ᠳᠤ ᠨᠢᠭᠡ ᠬᠠᠤᠯᠢ ᠴᠠᠭᠠᠵᠠ ᠶᠢᠨ ᠵᠥᠪᠯᠡᠭᠴᠢ︾ ᠳᠤ ᠲᠦᠰᠢᠭᠯᠡᠨ ᠲᠣᠰᠬᠤᠨ ᠤ ᠠᠷᠠᠳ ᠤᠯᠠᠨ ᠳᠤ ᠪᠠᠶᠢᠩᠭᠤ ᠶᠢᠨ ᠴᠢᠨᠠᠷᠲᠠᠢ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠬᠠᠤᠯᠢᠴᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠦᠷᠢᠶ᠎ᠡ ᠶᠢ ᠲᠠᠰᠤᠷᠠᠯᠲᠠ ᠦᠭᠡᠢ ᠦᠨᠳᠦᠰᠦᠨ ᠱᠠᠲᠤᠨ ᠳᠤ ᠥᠷᠭᠡᠳᠬᠡᠬᠦ ᠶᠢ ᠠᠬᠢᠭᠤᠯᠵᠤ᠂ ᠬᠠᠤᠯᠢᠵᠢᠯ ᠤᠨ ᠬᠥᠳᠡᠭᠡ ᠲᠣᠰᠬᠤᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠠᠶᠢᠨ ᠰᠠᠶᠢᠬᠠᠨ ᠬᠠᠤᠯᠢᠵᠢᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃                                                               ᠵᠣᠬᠢᠶᠠᠭᠴᠢ᠄ ᠬᠠᠤᠯᠢ ᠴᠠᠭᠠᠵᠠ ᠶᠢᠨ ᠲᠣᠪᠴᠢᠶ᠎ᠠ ᠶᠠᠩ ᡁᠢ ᠴᠤᠤ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3