ᠡᠦ ᠬᠥ᠋ ᠴᠢᠤᠸᠠᠨ ᠰᠢᠶᠠᠩ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/4/26
     ᠤᠯᠤᠰ ᠪᠠᠶᠢᠪᠠᠯ ᠰᠠᠶ᠋ᠢ ᠭᠡᠷ ᠪᠠᠶᠢᠵᠤ ᠴᠢᠳᠠᠨ᠎ᠠ᠂ ᠤᠯᠤᠰ ᠤᠨ ᠠᠮᠤᠷ ᠲᠦᠪᠰᠢᠨ ᠪᠣᠯ ᠤᠯᠠᠨ ᠤ ᠲᠥᠯᠥᠭᠡ ᠶᠤᠮ᠃ ᠡᠨᠡ ᠵᠢᠯ ᠤᠨ 4 ᠰᠠᠷ᠎ᠠ ᠶᠢᠨ 15 ᠤ ᠡᠳᠦᠷ ᠪᠣᠯ ᠳᠣᠯᠣᠳᠤᠭᠠᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠪᠦᠬᠦ ᠨᠡᠶᠢᠭᠡᠮ ᠢᠶᠠᠷ ᠢᠶᠠᠨ ᠤᠯᠤᠰ ᠤᠨ ᠠᠮᠤᠷ ᠲᠦᠪᠰᠢᠨ ᠢ ᠠᠩᠬᠠᠷᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠦ᠋ ᠭᠦ᠋ ᠴᠢᠤᠸᠠᠨ ᠰᠢᠶᠠᠩ ᠳᠤ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃
     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 150 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠣᠯᠠᠨ ᠲᠦᠮᠡᠨ ᠤ ᠠᠰᠠᠭᠤᠨ ᠯᠠᠪᠯᠠᠬᠤ ᠶᠢ 30 ᠭᠠᠷᠤᠶ ᠬᠥᠮᠦᠨ ᠤᠳᠠᠭ᠎ᠠ ᠭᠥᠯᠢᠶᠡᠨ ᠠᠪᠴᠤ᠂ ᠰᠠᠶᠢᠨ ᠰᠠᠶᠢᠬᠠᠨ ᠨᠡᠶᠢᠭᠡᠮ ᠤᠨ ᠦᠷ᠎ᠡ ᠪᠦᠲᠦᠮᠵᠢ ᠣᠯᠵᠤ᠂ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠣᠷᠣᠯᠴᠠᠬᠤ ᠨᠣᠷᠮ᠎ᠠ᠂ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠭᠰᠡᠨ ᠪᠠᠶᠢᠨ᠎ᠠ᠃ ᠤᠯᠠᠨ ᠢᠶᠠᠷ ᠢᠶᠠᠨ᠂ ᠥᠪᠡᠷ ᠤᠨ ᠰᠡᠷᠭᠡᠶᠢᠯᠡᠯᠲᠡ ᠶᠢᠨ ᠤᠬᠠᠮᠰᠠᠷ ᠢᠶᠠᠨ ᠳᠠᠰᠤᠷᠠᠯᠳᠠ ᠦᠬᠡᠢ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠢᠳᠡᠪᠬᠢᠲᠡᠢ ᠳᠡᠮᠵᠢᠵᠦ᠂ ᠬᠠᠮᠵᠢᠯᠴᠠᠨ ᠰᠠᠶᠢᠲᠤᠷ ᠬᠢᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃
     ᠳᠠᠷᠠᠭᠠᠴᠢ ᠶᠢᠨ ᠠᠯᠬᠤᠮ ᠳᠤ᠂ ᠡᠦ ᠭᠦ᠋ ᠴᠢᠤᠸᠠᠨ ᠰᠢᠶᠠᠩ ᠤᠨ ᠬᠢᠨ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠠᠨ ᠲᠦᠮᠡᠨ ᠨᠢᠭᠡᠪᠦᠷᠢ ᠶᠢ ᠤᠬᠠᠮᠰᠠᠷ ᠠᠴᠠ ᠪᠠᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠦᠵᠡᠯ ᠰᠠᠨᠠᠭ᠎ᠠ ᠲᠠᠢ ᠪᠣᠯᠭᠠᠵᠤ᠂ ᠤᠯᠤᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠪᠦᠬᠦ ᠰᠢᠶᠠᠩ ᠳᠤ ︽ᠤᠯᠤᠰ ᠤᠨ ᠠᠮᠤᠷ ᠲᠦᠪᠰᠢᠨ᠂ ᠬᠥᠮᠦᠨ ᠪᠦᠬᠦᠨ ᠬᠠᠷᠢᠭᠤᠴᠠᠯᠭ᠎ᠠ ᠲᠠᠢ︾ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ ᠥᠭᠭᠦᠨ᠎ᠡ᠃                                          ᠵᠣᠬᠢᠶᠠᠭᠴᠢ᠄ ᠡᠦ ᠭᠦ᠋ ᠴᠢᠤᠸᠠᠨ ᠰᠢᠶᠠᠩ                                      ᠤᠷᠴᠢᠭᠤᠯᠤᠭᠴᠢ᠄ ᠨᠠᠷᠠᠰᠤ                                      ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3