ᠰᠢᠩ ᠾᠧ ᠰᠢᠶᠠᠨ ᠠᠩᠬᠠᠳᠠᠭᠴᠢ ᠠᠵᠤ ᠠᠬᠤᠶᠢᠯᠠᠯ ᠳᠤ ᠲᠣᠮᠣ ᠪᠡᠯᠡᠭ ᠬᠦᠷᠭᠡᠪᠡ
ᠨᠡᠶᠢᠲᠡᠯᠡᠭᠰᠡᠨ ᠴᠠᠭ᠄
2022/4/27
     4 ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠬᠤᠸᠠ ᠰᠢᠨ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ︾ ᠤᠨ ᠠᠵᠤ ᠠᠬᠤᠶᠢᠯᠠᠯ ᠤᠨ ᠤᠨᠴᠠᠯᠢᠬᠳᠤ ᠦᠢᠯᠡᠴᠢᠯᠡᠭᠡᠨ ᠤ ᠴᠣᠩᠬᠤ ᠨᠡᠭᠡᠭᠡᠨ ᠡᠷᠬᠢᠯᠡᠬᠦ ᠠᠵᠢᠯᠲᠠᠨ ᠤ ᠭᠠᠷ ᠠᠴᠠ ᠰᠢᠩ ᠾᠧ ᠰᠢᠶᠠᠨ ᠤ ᠠᠩᠬᠠᠳᠠᠭᠴᠢ ᠠᠵᠤ ᠠᠬᠤᠶᠢᠯᠠᠯ ᠤᠨ ︽ᠲᠣᠮᠣ ᠪᠡᠯᠡᠭ︾ ᠢ ᠬᠦᠯᠢᠶᠡᠨ ᠠᠪᠴᠤ᠂ ᠡᠭᠦᠨ ᠳᠤ ᠡᠵᠡᠩᠨᠡᠯᠲᠡ ᠶᠢᠨ ᠦᠨᠡᠮᠯᠡᠯ᠂ 5 ᠠᠯᠪᠠᠨ ᠲᠠᠮᠠᠭ᠎ᠠ ︵ᠠᠵᠤ ᠠᠬᠤᠶᠢᠯᠠᠯ ᠤᠨ ᠠᠯᠪᠠᠨ ᠲᠠᠮᠠᠭ᠎ᠠ᠂ ᠡᠳ᠋ ᠤᠨ ᠶᠠᠪᠤᠳᠠᠯ ᠤᠨ ᠲᠠᠮᠠᠭ᠎ᠠ᠂ ᠭᠡᠷ᠎ᠡ ᠶᠢᠨ ᠲᠤᠰᠬᠠᠶ ᠲᠠᠮᠠᠭ᠎ᠠ᠂ ᠪᠠᠷᠢᠮᠲᠠ ᠶᠢᠨ ᠲᠤᠰᠬᠠᠶ ᠲᠠᠮᠠᠭ᠎ᠠ᠂ ᠬᠠᠤᠯᠢ ᠶᠢᠨ ᠡᠷᠬᠡᠲᠡᠨ ᠤ ᠲᠠᠮᠠᠭ᠎ᠠ︶᠂ ᠭᠠᠶᠢᠯᠢ ᠶᠢᠨ ᠶᠠᠪᠤᠳᠠᠯ ᠤᠨ UKey ᠵᠢᠴᠢ ︽ᠠᠵᠤ ᠠᠬᠤᠶᠢᠯᠠᠯ ᠳᠤ ᠠᠰᠢᠭ ᠣᠯᠭᠤᠵᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠪᠣᠭᠴᠣ︾ ᠶᠢ ᠪᠠᠭᠲᠠᠭᠠᠭᠰᠠᠨ ︽ᠠᠵᠤ ᠠᠬᠤᠶᠢᠯᠠᠯ ᠤᠨ ᠡᠷᠭᠢᠯᠡᠭᠰᠡᠨ ᠲᠣᠮᠣ ᠪᠡᠯᠡᠭ︾ ᠨᠢ ᠰᠢᠩ ᠾᠧ ᠰᠢᠶᠠᠨ ᠤ ᠲᠣᠰ ᠡᠳᠦᠷ ᠲᠤ ᠠᠵᠤ ᠠᠬᠤᠶᠢᠯᠠᠯ ᠤᠨ ᠡᠷᠭᠢᠯᠡᠭᠰᠡᠨ ᠪᠥᠬᠦ ᠶᠠᠪᠤᠴᠠ ᠶᠢ ᠪᠡᠶᠡᠯᠡᠭᠦᠯᠦᠭᠰᠡᠨ ᠪᠥᠭᠡᠳ ︽ᠠᠵᠤ ᠠᠬᠤᠶᠢᠯᠠᠯ ᠤᠨ ᠡᠷᠭᠢᠯᠡᠭᠰᠡᠨ ᠲᠣᠮᠣ ᠪᠡᠯᠡᠭ︾ ᠢ ᠦᠨ᠎ᠡ ᠲᠥᠯᠥᠪᠦᠷᠢ ᠥᠬᠡᠶ ᠪᠠᠷ ᠠᠪᠤᠭᠰᠠᠨ ᠠᠩᠬᠠᠳᠠᠭᠴᠢ ᠠᠵᠤ ᠠᠬᠤᠶᠢᠯᠠᠯ ᠪᠣᠯᠤᠭᠰᠠᠨ ᠪᠠᠶᠢᠨ᠎ᠠ᠃
     ᠰᠢᠩ ᠾᠧ ᠰᠢᠶᠠᠨ ᠤ ︽ᠠᠵᠤ ᠠᠬᠤᠶᠢᠯᠠᠯ ᠲᠣᠮᠣ ᠪᠡᠯᠡᠭ︾ ᠪᠣᠯ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠪᠥᠬᠦ ᠰᠢᠶᠠᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠬᠤ ᠶᠢᠨ ᠲᠥᠯᠥᠭᠡ ᠶᠤᠮ᠃ ︽ᠢᠯᠡ ᠲᠣᠳᠣ ᠪᠠ ᠨᠡᠷᠡᠨ ᠤ ᠭᠡᠷᠡᠯ ᠢ ᠠᠳᠠᠯᠢᠳᠬᠠᠬᠤ︾ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠨᠡᠩ ᠰᠢᠯᠢᠳᠡᠭ ᠡᠵᠡᠩᠨᠡᠯᠲᠡ ᠶᠢᠨ ᠣᠷᠴᠢᠨ ᠲᠣᠭᠤᠷᠢᠨ ᠢᠶᠠᠷ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠬᠦ ᠬᠡᠷᠡᠭᠵᠢᠭᠦᠯᠬᠦ ᠲᠥᠰᠦᠯ ᠶᠣᠰᠣᠭᠠᠷ᠂ ᠠᠵᠤ ᠠᠬᠤᠶᠢᠯᠠᠯ ᠤᠨ ᠠᠩᠬᠠᠷᠤᠯ ᠳᠤ ᠠᠩᠬᠠᠷᠤᠯ ᠢᠶᠠᠨ ᠠᠵᠤ ᠠᠬᠤᠶᠢᠯᠠᠯ ᠢ ᠨᠡᠭᠡᠭᠡᠨ ᠡᠷᠭᠢᠯᠡᠬᠦ ᠶᠠᠪᠤᠴᠠ ᠳᠠᠬᠢ ᠡᠮᠵᠡᠭ ᠲᠠᠢ ᠠᠰᠠᠭᠤᠳᠠᠯ᠂ ᠲᠦᠭᠵᠢᠷᠡᠯ ᠲᠠᠢ ᠠᠰᠠᠭᠤᠳᠠᠯ᠂ ᠬᠦᠴᠢᠷ ᠠᠰᠠᠭᠤᠳᠠᠯ ᠤᠨ ᠲᠣᠭᠤᠷᠢᠨ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠯᠪᠣᠭᠠᠲᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠵᠡᠷᠭᠡ ᠰᠠᠯᠠᠭ᠎ᠠ ᠮᠥᠴᠢᠷ ᠨᠢᠭᠡᠴᠡ ᠲᠠᠢ ᠢᠳᠡᠪᠬᠢᠲᠡᠶ ᠵᠣᠬᠢᠴᠠᠭᠤᠯᠵᠤ᠂ ᠬᠠᠮᠲᠤ ᠪᠠᠷ ᠬᠦᠴᠦᠯᠡᠵᠦ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ ᠵᠠᠰᠠᠭ ᠪᠠᠩᠬᠢ ᠬᠠᠮᠲᠤᠷᠠᠯᠴᠠᠬᠤ ᠠᠷᠭ᠎ᠠ ᠮᠠᠶ᠋ᠢᠭ ᠢᠶᠠᠷ ᠥᠪᠥᠷ ᠮᠣᠩᠭᠤᠯ ᠤᠨ ︽e ᠳᠡᠩᠰᠡᠯᠡᠯᠲᠡ︾ ᠶᠢᠨ ᠲᠠᠪᠴᠠᠩ ᠢ ᠠᠰᠢᠭᠯᠠᠨ᠂ ᠠᠵᠤ ᠠᠬᠤᠶᠢᠯᠠᠯ ᠡᠷᠭᠢᠯᠡᠬᠦ ᠭᠠᠷᠳᠠᠮ ᠢ ᠭᠦᠢᠴᠡᠳᠭᠡᠬᠦ ᠪᠥᠬᠦ ᠶᠠᠪᠤᠴᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠦᠷᠭᠡᠬᠦ᠂ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠣᠯᠠᠨ ᠰᠠᠯᠠᠭ᠎ᠠ ᠮᠥᠴᠢᠷ ᠲᠤ ᠮᠠᠲ᠋ᠧᠷᠢᠶᠠᠯ ᠢᠶᠠᠨ ᠳᠠᠪᠬᠤᠷᠳᠠᠭᠤᠯᠤᠨ ᠲᠤᠰᠢᠶᠠᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃
     ᠣᠳᠣᠬᠠᠨ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠰᠢᠨ᠎ᠡ ᠪᠠᠷ ᠠᠵᠤ ᠠᠬᠤᠶᠢᠯᠠᠯ ᠡᠷᠭᠢᠯᠡᠬᠦ ᠳᠤ ᠵᠥᠪᠬᠡᠨ ᠨᠢᠭᠡ ᠯᠡ ᠪᠡᠶ᠎ᠡ ᠶᠢᠨ ᠦᠨᠡᠮᠯᠡᠯ᠂ ᠨᠢᠭᠡ ᠬᠦᠰᠦᠨᠦᠭᠲᠦ ᠲᠠᠭᠯᠠᠵᠤ᠂ ᠨᠢᠭᠡ ᠯᠡ ᠤᠳᠠᠭ᠎ᠠ ᠮᠠᠲ᠋ᠧᠷᠢᠶᠠᠯ ᠲᠤᠰᠢᠶᠠᠪᠠᠯ ᠳᠠᠷᠤᠶ ᠠᠵᠤ ᠠᠬᠤᠶᠢᠯᠠᠯ ᠡᠷᠭᠢᠯᠡᠬᠦ ᠪᠥᠬᠦ ᠶᠠᠪᠤᠴᠠ ᠶᠢ ᠪᠡᠶᠡᠯᠡᠭᠦᠯᠵᠦ᠂ ᠲᠣᠰ ᠡᠳᠦᠷ ᠲᠤ ᠳᠠᠷᠤᠶ ︽ᠠᠵᠤ ᠠᠬᠤᠶᠢᠯᠠᠯ ᠡᠷᠭᠢᠯᠡᠬᠦ ᠲᠣᠮᠣ ᠪᠡᠯᠡᠭ︾ ᠢ ᠰᠦᠢᠳᠭᠡᠯ ᠬᠤᠷᠢᠶᠠᠬᠤ ᠥᠬᠡᠶ ᠪᠠᠷ ᠠᠪᠴᠤ ᠪᠣᠯᠬᠤ ᠪᠥᠭᠡᠳ ᠠᠵᠤ ᠠᠬᠤᠶᠢᠯᠠᠯ ᠤᠨ ᠬᠦᠰᠡᠯ ᠰᠠᠨᠠᠭ᠎ᠠ ᠶᠢ ᠦᠨᠳᠦᠰᠦᠯᠡᠨ ᠰᠢᠤᠳᠠᠨ ᠢᠶᠠᠷ ᠶᠠᠪᠤᠭᠤᠯᠵᠤ ᠪᠣᠯᠤᠨ᠎ᠠ᠃ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ︽ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ︾ ᠤᠨ ᠠᠵᠤ ᠠᠬᠤᠶᠢᠯᠠᠯ ᠤᠨ ᠤᠨᠴᠠᠯᠢᠬᠳᠤ ᠦᠢᠯᠡᠴᠢᠯᠡᠭᠡᠨ ᠤ ᠴᠣᠩᠬᠤ ᠶᠢ ᠨᠡᠭᠡᠭᠡᠨ ᠡᠷᠭᠢᠯᠡᠬᠦ ᠶᠢ ᠠᠰᠢᠭᠯᠠᠨ ᠠᠵᠤ ᠠᠬᠤᠶᠢᠯᠠᠯ ᠢ ᠨᠡᠭᠡᠭᠡᠨ ᠡᠷᠭᠢᠯᠡᠬᠦ ᠲᠠᠯ᠎ᠠ ᠪᠠᠷ ︽ᠨᠢᠭᠡ ᠰᠦᠯᠵᠢᠶ᠎ᠡ ᠪᠠᠷ ᠡᠷᠭᠢᠯᠡᠬᠦ᠂ ᠨᠢᠭᠡ ᠴᠣᠩᠬᠤ ᠪᠠᠷ ᠡᠷᠭᠢᠯᠡᠬᠦ᠂ ᠨᠢᠭᠡ ᠡᠳᠦᠷ ᠲᠤ  ᠭᠦᠢᠴᠡᠳᠭᠡᠬᠦ᠂ ᠪᠦᠬᠦᠨ ᠢ ᠰᠦᠢᠳᠭᠡᠯ ᠬᠤᠷᠢᠶᠠᠬᠤ ᠥᠬᠡᠶ︾ ᠪᠠᠶᠢᠬᠤ ᠶᠢ ᠦᠨᠡᠨᠬᠦ ᠪᠡᠶᠡᠯᠡᠭᠦᠯᠵᠦ᠂ ᠪᠥᠬᠦ ᠰᠢᠶᠠᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠢ ᠨᠡᠮᠡᠷᠢᠯᠡᠪᠡ᠃      ᠲᠠᠷᠠᠭᠠᠴᠢ ᠶᠢᠨ ᠠᠯᠬᠤᠮ ᠳᠤ᠂ ᠰᠢᠩ ᠡᡁᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠲᠤᠪᠴᠢᠶ᠎ᠠ ᠦᠷᠭᠦᠯᠵᠢᠯᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠩ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠵᠢᠭᠦᠯᠬᠦ ᠲᠥᠰᠦᠯ ᠤᠨ ᠲᠣᠭᠤᠷᠢᠨ ᠳᠤ ᠵᠢᠯᠤᠭᠤᠳᠤᠯᠭ᠎ᠠ ᠪᠣᠯᠭᠠᠵᠤ᠂ ᠠᠵᠤ ᠠᠬᠤᠶᠢᠯᠠᠯ ᠤᠨ ᠬᠡᠷᠡᠭᠴᠡᠭᠡ ᠶᠢ ᠠᠰᠠᠭᠤᠵᠤ᠂ ᠠᠵᠤ ᠠᠬᠤᠶᠢᠯᠠᠯ ᠢ ᠨᠡᠭᠡᠭᠡᠨ ᠡᠷᠬᠢᠯᠡᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠠᠯ᠎ᠠ ᠪᠠᠷ ᠨᠡᠩ ᠲᠦᠭᠦᠮ᠂ ᠲᠦᠷᠭᠡᠨ᠂ ᠥᠨᠳᠥᠷ ᠪᠦᠲᠦᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠬᠠᠩᠭᠠᠨ᠎ᠠ᠃                                                          ᠢᠷᠡᠯᠲᠡ᠄  ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ                          ᠤᠷᠴᠢᠭᠤᠯᠤᠭᠴᠢ᠄ ᠨᠠᠷᠠᠰᠤ                          ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3