ᠮᠠᠨ ᠤ ᠰᠢᠶᠠᠨ ︽ᠦᠬᠡᠨᠴᠡ ᠲᠤᠷᠤᠢ ᠠᠯᠵᠠᠭᠤ ᠬᠤᠶᠢᠷᠭᠤ ᠰᠤᠯᠠ ᠵᠠᠳᠠᠭᠠᠢ᠂ ᠤᠳᠠᠭᠠᠰᠢᠷᠠᠭᠤᠯᠤᠨ ᠬᠤᠶᠢᠰᠢᠯᠠᠭᠤᠯᠬᠤ᠂ ᠬᠤᠶᠢᠷᠭᠤᠰᠢᠨ ᠬᠤᠶᠢᠷᠭᠤᠰᠢᠬᠤ︾ ᠵᠠᠰᠠᠯᠲᠠ ᠶᠢᠨ ᠠᠵᠢᠯ ᠢ ᠭᠦᠨᠵᠡᠭᠡᠶᠢᠷᠡᠭᠦᠯᠬᠦ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/27
     ︽ᠦᠬᠡᠨᠴᠡ ᠲᠤᠷᠤᠢ ᠠᠯᠵᠠᠭᠤ ᠬᠤᠶᠢᠷᠭᠤ ᠰᠤᠯᠠ ᠵᠠᠳᠠᠭᠠᠢ᠂ ᠤᠳᠠᠭᠠᠰᠢᠷᠠᠭᠤᠯᠤᠨ ᠬᠤᠶᠢᠰᠢᠯᠠᠭᠤᠯᠬᠤ᠂ ᠬᠤᠶᠢᠷᠭᠤᠰᠢᠨ ᠬᠤᠶᠢᠷᠭᠤᠰᠢᠬᠤ︾ ᠵᠠᠰᠠᠯᠲᠠ ᠶᠢᠨ ᠠᠵᠢᠯ ᠢ ᠭᠦᠨᠵᠡᠭᠡᠶᠢᠷᠡᠭᠦᠯᠬᠦ ᠳᠤ ᠲᠠᠬᠢᠨ ᠲᠤᠬᠢᠷᠠᠭᠤᠯᠤᠯᠲᠠ ᠲᠠᠬᠢᠨ ᠪᠠᠶᠢᠷᠢᠯᠠᠭᠤᠯᠤᠯᠲᠠ ᠬᠢᠵᠦ᠂ ᠡᠯ᠎ᠡ ᠲᠦᠷᠦᠯ ᠤᠨ ᠠᠵᠢᠯ ᠢ ᠭᠦᠨᠵᠡᠭᠡᠢ ᠥᠷᠨᠢᠭᠦᠯᠬᠦ ᠶᠢ ᠦᠨᠡᠨᠬᠦ ᠠᠬᠢᠭᠤᠯᠬᠤ ᠶᠢᠨ ᠲᠥᠯᠥᠭᠡ ᠶᠤᠮ᠃ 4 ᠰᠠᠷ᠎ᠠ ᠶᠢᠨ 26 ᠤ ᠡᠳᠦᠷ᠂ ᠮᠠᠨ ᠤ ᠰᠢᠶᠠᠨ ︽ᠦᠬᠡᠨᠴᠡ ᠲᠤᠷᠤᠢ ᠠᠯᠵᠠᠭᠤ ᠬᠤᠶᠢᠷᠭᠤ ᠰᠤᠯᠠ ᠵᠠᠳᠠᠭᠠᠢ᠂ ᠤᠳᠠᠭᠠᠰᠢᠷᠠᠭᠤᠯᠤᠨ ᠬᠤᠶᠢᠰᠢᠯᠠᠭᠤᠯᠬᠤ᠂ ᠬᠤᠶᠢᠷᠭᠤᠰᠢᠨ ᠬᠤᠶᠢᠷᠭᠤᠰᠢᠬᠤ︾ ᠵᠠᠰᠠᠯᠲᠠ ᠶᠢ ᠭᠦᠨᠵᠡᠭᠡᠶᠢᠷᠡᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠢᠦᠶ ᠬᠤᠩ ᠯᠢᠶᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠠᠩ ᠸᠧᠶ ᠪᠢᠩ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠢᠦᠢ ᠬᠤᠩ ᠯᠢᠶᠠᠩ ︽ᠰᠢᠩ ᠡᡁᠧ ᠰᠢᠶᠠᠨ ᠤ ︿ᠦᠬᠡᠨᠴᠡ ᠲᠤᠷᠤᠢ ᠠᠯᠵᠠᠭᠤ ᠬᠤᠶᠢᠷᠭᠤ ᠰᠤᠯᠠ ᠵᠠᠳᠠᠭᠠᠢ᠂ ᠤᠳᠠᠭᠠᠰᠢᠷᠠᠭᠤᠯᠤᠨ ᠬᠤᠶᠢᠰᠢᠯᠠᠭᠤᠯᠬᠤ᠂ ᠬᠤᠶᠢᠷᠭᠤᠰᠢᠨ ᠬᠤᠶᠢᠷᠭᠤᠰᠢᠬᠤ﹀ ᠵᠠᠰᠠᠯᠲᠠ ᠶᠢ ᠭᠦᠨᠵᠡᠭᠡᠶᠢᠷᠡᠭᠦᠯᠬᠦ ᠠᠵᠢᠯ ᠤᠨ ᠲᠥᠰᠦᠯ︾ ᠢ ᠶᠡᠷᠦᠩᠬᠡᠢ ᠱᠠᠭᠠᠷᠳᠠᠯᠭ᠎ᠠ᠂ ᠵᠠᠰᠠᠯᠲᠠ ᠶᠢᠨ ᠭᠤᠣᠯᠳᠠᠯᠭ᠎ᠠ᠂ ᠠᠵᠢᠯ ᠤᠨ ᠱᠠᠭᠠᠷᠳᠠᠯᠭ᠎ᠠ ᠵᠡᠷᠭᠡ ᠭᠤᠷᠪᠠᠨ ᠲᠠᠯ᠎ᠠ ᠠᠴᠠ ᠨᠠᠷᠢᠨ ᠲᠠᠶᠢᠯᠪᠤᠷᠢᠯᠠᠪᠠ︔ ᠸᠠᠩ ᠸᠧᠢ ᠪᠢᠩ ︽ᠦᠬᠡᠨᠴᠡ ᠲᠤᠷᠤᠢ ᠠᠯᠵᠠᠭᠤ ᠬᠤᠶᠢᠷᠭᠤ ᠰᠤᠯᠠ ᠵᠠᠳᠠᠭᠠᠢ᠂ ᠤᠳᠠᠭᠠᠰᠢᠷᠠᠭᠤᠯᠤᠨ ᠬᠤᠶᠢᠰᠢᠯᠠᠭᠤᠯᠬᠤ᠂ ᠬᠤᠶᠢᠷᠭᠤᠰᠢᠨ ᠬᠤᠶᠢᠷᠭᠤᠰᠢᠬᠤ︾ ᠶᠢ ᠰᠠᠶᠢᠲᠤᠷ ᠥᠷᠨᠢᠭᠦᠯᠬᠦ ᠶᠢᠨ ᠲᠣᠭᠤᠷᠢᠨ ᠳᠤ ᠵᠠᠰᠠᠯᠲᠠ ᠶᠢᠨ ᠠᠵᠢᠯ ᠢ ᠭᠦᠨᠵᠡᠭᠡᠶᠢᠷᠡᠭᠦᠯᠵᠦ᠂ ᠠᠰᠠᠭᠤᠳᠠᠯ ᠢ ᠭᠦᠨᠵᠡᠭᠡᠢ ᠵᠠᠳᠠᠯᠬᠤ᠂ ᠭᠤᠣᠯᠳᠠᠯᠭ᠎ᠠ ᠶᠢ ᠴᠢᠩᠭ᠎ᠠ ᠠᠳᠬᠤᠬᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠵᠡᠷᠭᠡ ᠭᠤᠷᠪᠠᠨ ᠲᠠᠯ᠎ᠠ ᠠᠴᠠ ᠪᠦᠬᠦ ᠲᠠᠯ᠎ᠠ ᠪᠠᠷ ᠲᠤᠬᠢᠷᠠᠭᠤᠯᠤᠨ ᠪᠠᠶᠢᠷᠢᠯᠠᠭᠤᠯᠵᠠᠢ      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠪᠣᠯᠤᠨ᠎ᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠴᠢᠬᠤᠯᠠᠴᠢᠯᠠᠭᠰᠠᠨ ᠨᠢ᠂ ᠲᠣᠭᠲᠠᠭᠤᠨ ᠡᠷᠡᠭᠦᠯ ᠠᠵᠤ ᠠᠬᠤᠢ ᠶᠢᠨ ᠣᠷᠴᠢᠨ ᠲᠣᠭᠤᠷᠢᠨ᠂ ᠲᠦᠷᠦ ᠲᠦᠪᠰᠢᠨ ᠲᠦᠮᠡᠨ ᠠᠮᠤᠭᠤᠯᠠᠩ ᠪᠠᠶᠢᠬᠤ ᠨᠡᠶᠢᠭᠡᠮ ᠤᠨ ᠣᠷᠴᠢᠨ ᠲᠣᠭᠤᠷᠢᠨ᠂ ᠰᠤᠷᠲᠠᠯ ᠴᠢᠬᠡᠴᠢ ᠣᠪᠣᠷ ᠲᠥᠪ ᠪᠠᠶᠢᠬᠤ ᠤᠯᠤᠰ ᠲᠦᠷᠦ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠲᠦᠢᠯᠪᠤᠷᠢᠲᠠᠢ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠦᠬᠡᠨᠴᠡ ᠲᠤᠷᠤᠢ ᠠᠯᠵᠠᠭᠤ ᠬᠤᠶᠢᠷᠭᠤ ᠬᠤᠶᠢᠷᠭᠤ ᠵᠠᠳᠠᠭᠠᠢ᠂ ᠤᠳᠠᠭᠠᠰᠢᠷᠠᠭᠤᠯᠤᠨ ᠬᠤᠶᠢᠰᠢᠯᠠᠭᠤᠯᠬᠤ᠂ ᠬᠤᠶᠢᠷᠭᠤᠰᠢᠨ ᠬᠤᠶᠢᠷᠭᠤᠰᠢᠬᠤ︾ ᠵᠠᠰᠠᠯᠲᠠ ᠶᠢᠨ ᠠᠵᠢᠯ ᠢ ᠭᠦᠨᠵᠡᠭᠡᠶᠢᠷᠡᠭᠦᠯᠬᠦ ᠶᠢ ᠴᠢᠨᠠᠭᠰᠢᠳᠠ ᠠᠬᠢᠭᠤᠯᠵᠤ᠂ ᠰᠢᠯᠢᠳᠡᠭ ᠰᠠᠶᠢᠨ ᠰᠤᠷᠲᠠᠯ ᠢᠶᠠᠷ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠠᠮᠵᠢᠯᠲᠠ ᠪᠠᠨ ᠨᠤᠲᠠᠯᠠᠵᠤ᠂ ᠵᠦᠷᠢᠶ᠎ᠡ ᠳᠤ ᠵᠥᠪ ᠢᠶᠠᠷ ᠬᠠᠨᠳᠤᠵᠤ᠂ ᠵᠠᠰᠠᠯᠲᠠ ᠶᠢ ᠭᠦᠨᠵᠡᠭᠡᠶᠢᠷᠡᠭᠦᠯᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠤ ᠶᠡᠷᠦᠩᠬᠡᠢ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠤᠬᠠᠮᠰᠠᠷ ᠪᠣᠯᠤᠨ ᠬᠢᠳᠤᠭᠠᠨ ᠤ ᠢᠷ ᠢ ᠳᠣᠲᠣᠭᠰᠢ ᠪᠠᠨ ᠬᠠᠨᠳᠤᠭᠤᠯᠬᠤ ᠰᠥᠰᠥ ᠵᠣᠷᠢᠭ ᠢᠶᠠᠷ ᠰᠠᠶᠢᠨ ᠰᠠᠶᠢᠬᠠᠨ ᠠᠵᠢᠯ ᠤᠨ ᠲᠦᠷᠢ ᠲᠥᠷᠬᠦ ᠶᠢ ᠱᠤᠭᠤᠬᠤ ᠬᠡᠷᠡᠭᠲᠡᠢ︔ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠵᠠᠰᠠᠯᠲᠠ ᠶᠢ ᠭᠦᠨᠵᠡᠭᠡᠶᠢᠷᠡᠭᠦᠯᠬᠦ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠵᠤ᠂ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠤᠬᠠᠮᠰᠠᠷ ᠠᠴᠠ ᠪᠠᠨ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠡᠭᠦᠷᠭᠡᠯᠡᠵᠦ᠂ ᠥᠪᠡᠷ ᠤᠨ ᠪᠡᠶ᠎ᠡ ᠪᠠᠷ ᠢᠶᠠᠨ ᠠᠷᠭ᠎ᠠ ᠰᠦᠪᠡᠭᠴᠢᠯᠡᠨ ᠠᠬᠢᠭᠤᠯᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠠᠭ ᠤᠨ ᠪᠦᠷᠢᠯᠳᠦᠬᠦᠨ ᠨᠡᠷ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠤ ᠣᠷᠣᠰᠢᠵᠤ ᠪᠠᠶᠢᠭ᠎ᠠ ᠰᠤᠷᠲᠠᠯ ᠤᠨ ᠠᠰᠠᠭᠤᠳᠠᠯ ᠢ ᠰᠠᠶᠢᠲᠤᠷ  ᠰᠢᠢᠳᠪᠦᠷᠢᠯᠡᠵᠦ᠂ ᠱᠠᠲᠤ ᠱᠠᠲᠤ ᠪᠠᠷ ᠬᠠᠷᠢᠭᠤᠴᠠᠯᠭ᠎ᠠ ᠲᠠᠢ᠂ ᠱᠠᠲᠤ ᠱᠠᠲᠤ ᠪᠠᠷ ᠬᠠᠷᠢᠭᠤᠴᠠᠵᠤ᠂ ᠱᠠᠲᠤ ᠱᠠᠲᠤ ᠪᠠᠷ ᠬᠠᠷᠢᠭᠤᠴᠠᠯᠭ᠎ᠠ ᠪᠠᠨ ᠭᠦᠢᠴᠡᠳᠭᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠶ︔ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠢᠮᠠᠭᠲᠠ ᠳᠤᠪᠤᠶᠢᠯᠭᠠᠵᠤ᠂ ᠵᠠᠰᠠᠯᠲᠠ ᠶᠢᠨ ᠠᠵᠢᠯ ᠢ ᠭᠦᠨᠵᠡᠭᠡᠶᠢᠷᠡᠭᠦᠯᠬᠦ᠂ ᠠᠬᠢᠭᠤᠯᠤᠭᠰᠠᠨ ᠪᠠᠶᠢᠳᠠᠯ ᠪᠣᠯᠤᠨ ᠠᠵᠢᠯ ᠤᠨ ᠦᠷ᠎ᠡ ᠪᠦᠲᠦᠮᠵᠢ ᠶᠢ ᠶᠡᠬᠡᠪᠡᠷ ᠤᠬᠠᠭᠤᠯᠵᠤ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠢᠳᠡᠪᠬᠢᠲᠡᠢ ᠳᠡᠯᠭᠡᠷᠡᠭᠦᠯᠵᠦ᠂ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠪᠤᠢ ᠪᠣᠯᠭᠠᠵᠤ᠂ ᠪᠦᠬᠦ ᠨᠡᠶᠢᠭᠡᠮ ᠳᠤ ᠬᠥᠮᠦᠨ ᠪᠦᠬᠦᠨ ᠰᠡᠳᠬᠢᠯ ᠲᠠᠯᠪᠢᠵᠤ ᠂ ᠬᠥᠮᠦᠨ ᠪᠦᠬᠦᠨ ᠣᠷᠣᠯᠴᠠᠬᠤ ᠠᠭᠤᠷ ᠠᠮᠢᠰᠬᠤᠯ ᠢ ᠪᠤᠢ ᠪᠣᠯᠭᠠᠵᠤ᠂ ᠠᠷᠠᠳ ᠤᠯᠠᠨ ᠳᠤ ︽ᠦᠬᠡᠨᠴᠡ ᠲᠤᠷᠤᠢ ᠠᠯᠵᠠᠭᠤ ᠬᠤᠶᠢᠷᠭᠤ ᠰᠤᠯᠠ ᠵᠠᠳᠠᠭᠠᠢ᠂ ᠤᠳᠠᠭᠠᠰᠢᠷᠠᠭᠤᠯᠤᠨ ᠬᠤᠶᠢᠰᠢᠯᠠᠭᠤᠯᠬᠤ᠂ ᠬᠤᠶᠢᠷᠭᠤᠰᠢᠨ ᠬᠤᠶᠢᠷᠭᠤᠰᠢᠬᠤ︾ ᠵᠠᠰᠠᠯᠲᠠ ᠶᠢᠨ ᠠᠵᠢᠯ ᠢ ᠭᠦᠨᠵᠡᠭᠡᠶᠢᠷᠡᠭᠦᠯᠦᠭᠰᠡᠨ ᠪᠣᠳᠠᠲᠠᠢ ᠦᠷ᠎ᠡ ᠪᠦᠲᠦᠮᠵᠢ ᠶᠢ ᠦᠨᠡᠨᠬᠦ ᠦᠵᠡᠭᠦᠯᠬᠦ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠦᠵᠡᠯ ᠰᠠᠨᠠᠭ᠎ᠠ ᠪᠠᠨ ᠴᠢᠨᠠᠭᠰᠢᠳᠠ ᠨᠢᠭᠡᠳᠬᠡᠵᠦ᠂ ᠶᠡᠭᠡ ᠲᠠᠯ᠎ᠠ ᠶᠢ ᠠᠵᠢᠭᠯᠠᠬᠤ᠂ ᠶᠡᠭᠡ ᠬᠠᠨᠳᠤᠰᠢ ᠶᠢ ᠡᠵᠡᠮᠳᠡᠬᠦ ᠳᠡᠭᠡᠷ᠎ᠡ ᠬᠦᠴᠦ ᠲᠠᠯᠪᠢᠵᠤ᠂ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠡᠷᠬᠡᠪᠰᠢ ᠰᠡᠳᠬᠢᠯ ᠨᠢᠭᠡᠳᠦᠨ ᠪᠣᠳᠣᠯᠬᠢᠯᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ︔ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠴᠢᠯᠡᠭᠡ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢᠲᠡᠢ ᠪᠠᠶᠢᠬᠤ ᠪᠠ ᠬᠠᠤᠯᠢ ᠴᠠᠭᠠᠵᠠ ᠶᠢᠨ ᠲᠥᠪ ᠭᠤᠣᠯᠴᠢ ᠪᠠᠶᠢᠬᠤ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠠᠭᠠᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠲᠡᠰ ᠳᠡᠪᠰᠢᠭᠰᠡᠨ ᠬᠡᠪ ᠵᠠᠭᠪᠤᠷ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ︔ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠡᠯ᠎ᠡ ᠦᠢᠯᠡᠴᠢᠯᠡᠭᠡᠨ ᠤ ᠴᠣᠩᠬᠤᠪᠴᠢ ᠰᠠᠯᠠᠭ᠎ᠠ ᠮᠥᠴᠢᠷ ᠪᠠ ᠨᠢᠭᠡᠴᠡ ᠨᠦᠭᠦᠳ ᠭᠤᠤᠯ ᠴᠣᠭᠴᠠ ᠶᠢᠨ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠬᠢᠨᠠᠮᠠᠭᠠᠶ  ᠭᠦᠢᠴᠡᠳᠭᠡᠵᠦ᠂ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠨᠢᠭᠲᠠ ᠤᠶᠠᠯᠳᠤᠭᠤᠯᠤᠨ᠂ ᠠᠵᠢᠯ ᠤᠨ ᠦᠷ᠎ᠡ ᠪᠦᠲᠦᠮᠵᠢ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ︔ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠵᠠᠰᠠᠯᠲᠠ ᠶᠢ ᠭᠦᠨᠵᠡᠭᠡᠶᠢᠷᠡᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠠᠷᠠᠳ ᠲᠤ ᠠᠰᠢᠭ ᠬᠦᠷᠲᠡᠭᠡᠬᠦ᠂ ᠠᠷᠠᠳ ᠢ ᠠᠮᠤᠷᠵᠢᠭᠤᠯᠵᠤ ᠠᠷᠠᠳ ᠢ ᠪᠠᠶᠠᠵᠢᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠤᠯᠠᠨ ᠲᠦᠮᠡᠨ ᠳᠤ ︽ᠪᠠᠴᠢᠮ᠂ ᠬᠦᠴᠢᠷ᠂ ᠵᠣᠪᠠᠨᠢᠯ︾ ᠤᠨ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ︔ ᠡᠯ᠎ᠡ ᠱᠠᠲᠤᠨ ᠤ ᠨᠠᠮ ᠤᠨ ᠬᠤᠷᠢᠶ᠎ᠠ ᠰᠠᠶᠢᠰᠢᠶᠠᠨ ᠬᠥᠬᠢᠭᠦᠯᠬᠦ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠨᠠᠷᠢᠨ ᠬᠢᠨᠠᠮᠠᠭᠠᠢ ᠠᠵᠢᠯ ᠬᠢᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ ᠺᠠᠳ᠋ᠷ ᠢ ᠠᠪᠢᠶᠠᠰ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠲᠠᠪᠴᠠᠩ ᠪᠠ ᠣᠷᠴᠢᠨ ᠲᠣᠭᠤᠷᠢᠨ ᠲᠠᠢ ᠪᠣᠯᠭᠠᠵᠤ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠬᠤ᠂ ᠵᠣᠷᠢᠭᠲᠠᠢ ᠪᠠᠷ ᠡᠭᠦᠷᠭᠡᠯᠡᠨ ᠠᠵᠢᠯ ᠬᠢᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠭᠰᠡᠳ ᠢ ᠰᠠᠶᠢᠰᠢᠶᠠᠨ ᠬᠥᠬᠢᠭᠦᠯᠵᠦ᠂ ᠠᠵᠢᠯ ᠬᠢᠬᠦ ᠳᠡᠭᠡᠨ ᠬᠠᠷᠢᠯᠴᠠᠨ ᠲᠦᠯᠬᠢᠯᠴᠡᠵᠦ᠂ ᠦᠬᠡᠨᠴᠡ ᠲᠤᠷᠤᠢ ᠠᠯᠵᠠᠭᠤ ᠬᠤᠶᠢᠷᠭᠤ ᠰᠤᠯᠠ ᠵᠠᠳᠠᠭᠠᠢ ᠬᠥᠮᠦᠰ ᠤᠨ ᠳᠤᠮᠳᠠ ᠠᠴᠠ ᠠᠰᠠᠭᠤᠳᠠᠯ ᠤᠨ ᠦᠨᠳᠦᠰᠦ ᠰᠤᠷᠪᠤᠯᠵᠢ ᠶᠢ ᠡᠷᠢᠨ ᠣᠯᠵᠤ᠂ ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠢ ᠠᠴᠠ ᠨᠢ ᠡᠷᠬᠡᠪᠰᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ︔ ᠡᠭᠦᠨ ᠳᠤ ᠡᠯ᠎ᠡ ᠱᠠᠲᠤᠨ ᠤ ᠨᠠᠮ ᠤᠨ  ᠬᠤᠷᠢᠶ᠎ᠠ ᠰᠠᠶᠢᠰᠢᠶᠠᠨ ᠬᠥᠬᠢᠭᠦᠯᠵᠦ᠂ ᠠᠵᠢᠯ ᠬᠢᠬᠦ ᠳᠡᠭᠡᠨ ᠬᠠᠷᠢᠭᠤᠴᠠᠯᠭ᠎ᠠ ᠪᠠᠨ ᠲᠦᠯᠬᠢᠯᠴᠡᠵᠦ᠂ ᠰᠤᠯᠠ ᠵᠠᠳᠠᠭᠠᠢ ᠬᠥᠮᠦᠰ ᠤᠨ ᠳᠤᠮᠳᠠ ᠠᠴᠠ ᠠᠰᠠᠭᠤᠳᠠᠯ ᠤᠨ ᠦᠨᠳᠦᠰᠦ ᠰᠤᠷᠪᠤᠯᠵᠢ ᠶᠢ ᠡᠷᠢᠨ ᠣᠯᠵᠤ᠂ ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠢ ᠠᠴᠠ ᠨᠢ ᠡᠷᠬᠡᠪᠰᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ︔ ᠰᠠᠬᠢᠯᠭ᠎ᠠ ᠪᠠᠲᠤ ᠪᠠ ᠶᠣᠰᠣ ᠲᠦᠷᠢᠮ ᠢ ᠴᠢᠩᠭ᠎ᠠ ᠰᠠᠬᠢᠵᠤ᠂ ᠰᠤᠷᠲᠠᠯ ᠴᠢᠬᠡᠴᠢ ᠣᠪᠣᠷ ᠲᠥᠪ ᠪᠠᠶᠢᠬᠤ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠳᠡᠭᠡᠷ᠎ᠡ ᠬᠦᠴᠦ ᠲᠠᠯᠪᠢᠵᠤ᠂ ᠡᠷᠬᠡ ᠪᠠᠨ ᠠᠰᠢᠭᠯᠠᠨ ᠨᠣᠶᠠᠨ ᠤ ᠮᠣᠷᠠᠯ ᠢ ᠡᠷᠬᠢᠮᠯᠡᠵᠦ᠂ ᠶᠠᠪᠤᠯᠴᠠᠭ᠎ᠠ ᠳᠤ ᠵᠠᠷᠴᠢᠮ ᠲᠠᠢ ᠪᠠᠶᠢᠵᠤ᠂ ᠨᠡᠶᠢᠭᠡᠮ ᠤᠨ ᠬᠠᠷᠢᠯᠴᠠᠭᠠᠨ ᠤ ᠬᠦᠷᠢᠶ᠎ᠡ᠂ ᠠᠮᠢᠳᠤᠷᠠᠯ ᠤᠨ  ᠬᠦᠷᠢᠶ᠎ᠡ᠂ ᠨᠠᠶᠢᠵᠢ ᠶᠢᠨ ᠬᠦᠷᠢᠶ᠎ᠡ ᠶᠢ ᠤᠬᠠᠮᠰᠠᠷ ᠠᠴᠠ ᠪᠠᠨ ᠴᠡᠪᠡᠷᠰᠢᠭᠦᠯᠵᠦ᠂ ᠰᠠᠶᠢᠨ ᠰᠤᠷᠲᠠᠯ ᠢ ᠰᠢᠩ ᠡᡁᠧ ᠰᠢᠶᠠᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠭᠦᠷ ᠪᠣᠯᠭᠠᠵᠤ᠂ ᠪᠣᠳᠠᠲᠤ ᠠᠵᠢᠯᠯᠠᠭ᠎ᠠ ᠪᠠ ᠦᠷ᠎ᠡ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠡᠯ᠎ᠡ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ︔ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ᠂ ᠵᠠᠰᠠᠭ ᠤᠨ ᠣᠷᠳᠣᠨ ᠤ ᠠᠯᠪᠠᠨ ᠬᠡᠷ ᠤᠨ ᠬᠠᠮᠢᠶ᠎ᠠ ᠰᠢᠶᠠᠨ ᠤ ᠰᠢᠭᠤᠳ ᠬᠠᠷᠢᠶ᠎ᠠ ᠪᠠ ᠰᠢᠶᠠᠨ ᠳᠤ ᠰᠠᠭᠤᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ︔ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠲᠣᠮᠢᠯᠠᠨ ᠰᠠᠭᠤᠯᠭᠠᠭᠰᠠᠨ ︵ᠭᠠᠷᠭᠠᠭᠰᠠᠨ︶ ᠪᠠᠶᠢᠭᠤᠯᠤᠮᠵᠢ ᠶᠢᠨ ᠭᠤᠤᠯ ᠬᠠᠷᠢᠭᠤᠴᠠᠯᠭᠠᠲᠠᠨ᠂ ᠪᠠᠶᠢᠭᠤᠯᠤᠯᠭ᠎ᠠ ᠶᠢᠨ ᠡᠯ᠎ᠡ ᠶᠠᠮᠤᠨ ᠲᠠᠰᠤᠭ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3