ᠮᠠᠨ ᠤ ᠰᠢᠶᠠᠨ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠴᠢᠮ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/27
     4 ᠰᠠᠷ᠎ᠠ ᠶᠢᠨ 26 ᠤ ᠡᠳᠦᠷ᠂ ᠮᠠᠨ ᠤ ᠰᠢᠶᠠᠨ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠴᠢᠮ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠾᠧ ᠶᠢᠩ ᠽᠢ ᠬᠤᠷᠠᠯ ᠡᠷᠭᠢᠯᠡᠭᠰᠡᠨ ᠪᠥᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠯᠲᠠ ᠬᠢᠭᠰᠡᠨ ᠪᠥᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠪᠠ᠃
     ᠬᠤᠷᠠᠯ ᠠᠴᠠ ᠴᠢᠩᠭᠠᠳᠬᠠᠭᠰᠠᠨ ᠨᠢ᠂ ︽5 · 1︾ ᠤ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠡᠵᠦ᠂ ᠬᠥᠮᠦᠰ ᠤᠨ ᠰᠢᠯᠵᠢᠩᠭᠦᠢ ᠴᠢᠨᠠᠷ ᠨᠡᠮᠡᠭᠳᠡᠵᠦ᠂ ᠰᠡᠷᠭᠡᠶᠢᠯᠡᠨ ᠡᠵᠡᠮᠳᠡᠬᠦ ᠠᠵᠢᠯ ᠳᠤ ᠨᠡᠩ ᠥᠨᠳᠥᠷ ᠱᠠᠭᠠᠷᠳᠠᠯᠭ᠎ᠠ ᠳᠤᠷᠠᠳᠴᠠᠢ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠡᠨᠡᠬᠦ ᠬᠥᠪᠴᠢ ᠪᠠᠨ ᠴᠠᠭ ᠢᠮᠠᠭᠲᠠ ᠴᠢᠩᠭᠠᠯᠠᠬᠤ ᠬᠡᠷᠡᠭᠲᠡᠢ᠂ ᠥᠴᠦᠬᠡᠨ ᠴᠦ ᠴᠠᠯᠠᠭᠠᠶᠢᠷᠠᠵᠤ ᠪᠣᠯᠬᠤ ᠦᠬᠡᠢ︔ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠢᠨ ᠠᠯᠪᠠᠨ ᠵᠠᠷ ᠢ ᠴᠠᠭ ᠲᠤᠬᠠᠢ ᠳᠤᠨᠢ ᠰᠢᠨᠡᠳᠬᠡᠨ ᠨᠡᠶᠢᠲᠡᠯᠡᠵᠦ᠂ ᠡᠯ᠎ᠡ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠬᠥᠮᠦᠰ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠵᠣᠬᠢᠴᠠᠭᠤᠯᠵᠤ᠂ ᠭᠠᠳᠠᠭᠠᠳᠤ ᠰᠡᠷᠭᠡᠶᠢᠯᠡᠯᠲᠡ ᠶᠢᠨ ᠣᠷᠣᠭᠤᠯᠤᠯᠲᠠ ᠶᠢᠨ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠳᠤ ︽ᠭᠠᠷ ᠭᠠᠷ ᠢᠶᠠᠨ ᠳᠠᠮᠵᠢᠭᠤᠯᠬᠤ︾ ᠵᠠᠪᠰᠠᠷ ᠥᠬᠡᠶ ᠵᠠᠯᠭᠠᠯᠳᠤᠭᠤᠯᠬᠤ ᠦᠢᠯᠡᠴᠢᠯᠡᠭᠡ ᠶᠢ ᠬᠡᠷᠡᠭᠵᠢᠭᠦᠯᠵᠦ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠥᠬᠦ ᠶᠠᠪᠤᠴᠠ ᠳᠤ ᠨᠠᠶᠢᠳᠠᠪᠤᠷᠢᠵᠢᠭᠤᠯᠬᠤ ᠬᠡᠷᠡᠭᠲᠡᠶ︔ ᠰᠢᠶᠠᠩ ᠪᠠᠯᠭᠠᠰᠤ᠂ ᠨᠡᠶᠢᠭᠡᠮ ᠲᠣᠭᠤᠷᠢᠭ ᠤᠨ ᠬᠢᠨ ᠨᠡᠶᠢᠭᠡᠮ ᠤᠨ ᠲᠠᠯ᠎ᠠ ᠠᠴᠠ ᠰᠢᠭᠰᠢᠨ ᠪᠠᠶᠢᠴᠠᠭᠠᠬᠤ ᠶᠢ ᠴᠢᠩᠭᠠᠳᠬᠠᠵᠤ᠂ ᠳᠤᠮᠳᠠ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠤ ᠪᠤᠴᠠᠵᠤ ᠢᠷᠡᠬᠦ ᠵᠢᠴᠢ ᠬᠤᠯᠪᠣᠭᠳᠠᠬᠤ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠦᠬᠦ ᠲᠠᠯ᠎ᠠ ᠪᠠᠷ ᠨᠠᠷᠢᠨ ᠨᠢᠮᠪᠠᠶ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠬᠡᠷᠡᠭᠲᠡᠢ︔ ᠬᠢᠵᠢᠭ ᠢ ᠰᠡᠷᠭᠡᠶᠢᠯᠡᠬᠦ ᠡᠳ᠋ ᠪᠣᠳᠠᠰ ᠢ ᠬᠤᠳᠠᠯᠳᠤᠨ ᠠᠪᠴᠤ ᠨᠥᠭᠡᠴᠡᠯᠡᠬᠦ ᠠᠵᠢᠯ ᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠶᠢᠨ ᠠᠵᠢᠯᠳᠠᠨ᠂ ᠡᠮᠨᠡᠯᠭᠡ ᠶᠢᠨ ᠠᠵᠢᠯᠳᠠᠨ ᠤ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠠᠲᠤᠯᠠᠬᠤ ᠬᠡᠷᠡᠭᠲᠡᠢ︔ ᠭᠤᠤᠯᠳᠠᠯᠭ᠎ᠠ ᠲᠠᠢ ᠠᠵᠢᠯ ᠲᠥᠷᠥᠯ ᠳᠤ ᠠᠵᠢᠯᠯᠠᠵᠤ ᠪᠠᠶᠢᠭ᠎ᠠ ᠬᠥᠮᠦᠰ ᠤᠨ ᠪᠥᠭᠡᠮ ᠬᠦᠴᠢᠯ ᠢ ᠪᠠᠶᠢᠴᠠᠭᠠᠨ ᠰᠢᠯᠭᠠᠵᠤ ᠰᠢᠭᠰᠢᠨ ᠪᠠᠶᠢᠴᠠᠭᠠᠬᠤ ᠤᠳᠠᠭ᠎ᠠ ᠤᠳᠠᠭ᠎ᠠ ᠶᠢ ᠨᠢᠭᠤᠴᠠᠯᠠᠵᠤ᠂ ᠬᠦᠢᠲᠡᠨ ᠬᠡᠯᠬᠢᠶ᠎ᠡ᠂ ᠲᠦᠷᠭᠡᠨ ᠬᠦᠷᠭᠡᠯᠲᠡ ᠶᠢᠨ ᠪᠠᠷᠠᠭᠠᠨ ᠤ  ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠂ ᠳᠠᠭᠠᠭᠠᠨ ᠬᠤᠷᠢᠶᠠᠬᠤ᠂ ᠲᠡᠭᠡᠭᠡᠪᠦᠷᠢᠯᠡᠬᠦ᠂ ᠢᠯᠭᠠᠬᠤ᠂ ᠬᠦᠷᠭᠡᠬᠦ ᠪᠥᠬᠦ ᠬᠡᠯᠬᠢᠶ᠎ᠡ ᠶᠢᠨ ᠬᠠᠮᠢᠶᠠᠷᠤᠯᠲᠠ ᠡᠵᠡᠮᠳᠡᠯ ᠢ ᠲᠡᠭᠦᠯᠳᠡᠷᠵᠢᠭᠦᠯᠬᠦ ᠬᠡᠷᠡᠭᠲᠡᠶ︔ ︽ᠴᠡᠭ ᠤᠨ ᠳᠠᠷᠤᠭ᠎ᠠ︾ ᠶᠢᠨ ᠪᠣᠯᠪᠠᠰᠤᠷᠠᠭᠤᠯᠤᠯ ᠤᠨ ᠠᠵᠢᠯ ᠢ ᠰᠠᠶᠢᠲᠤᠷ ᠬᠢᠵᠦ᠂ ︽ᠴᠡᠭ ᠤᠨ ᠳᠠᠷᠤᠭ᠎ᠠ︾ ᠶᠢᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠶ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠣᠯᠤᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠦᠬᠦ ᠬᠦᠴᠦᠨ ᠢᠶᠠᠷ ᠢᠶᠠᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠬᠥᠭᠵᠢᠯᠲᠡ ᠶᠢ ᠠᠬᠢᠭᠤᠯᠵᠤ᠂ ᠵᠢᠵᠢᠭᠦᠷᠯᠡᠨ ᠰᠠᠬᠢᠬᠤ ᠶᠢ ᠴᠢᠩᠳᠠᠯᠠᠵᠤ᠂ ᠠᠮᠠᠷᠠᠯᠲᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃      ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠬᠤᠶ ᠵᠢᠤᠢ᠂ ᠰᠦᠨ ᠬᠠᠶ ᠵᠢᠶᠦ᠋ᠨ ᠵᠢᠴᠢ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠨᠢᠭᠡᠴᠡ᠂ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3