ᠰᠢᠩ ᠾᠧ ᠰᠢᠶᠠᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠪᠥᠬᠦ ᠲᠠᠯ᠎ᠠ ᠪᠠᠷ ᠡᠬᠢᠯᠡᠪᠡ
ᠨᠡᠶᠢᠲᠡᠯᠡᠭᠰᠡᠨ ᠴᠠᠭ᠄
2022/4/27
     ᠡᠨᠡ ᠵᠢᠯ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂ ᠰᠢᠯᠭᠠᠭᠤᠯᠤᠭᠰᠠᠳ ᠤᠨ ᠰᠢᠯᠭᠠᠯᠲᠠ ᠳᠤ ᠤᠷᠤᠭᠰᠢᠲᠠᠶᠦ᠋ᠢᠷ᠎ᠠ ᠳᠤ᠂ ᠰᠤᠷᠪᠤᠯᠵᠢᠯᠠᠭᠴᠢ ᠰᠢᠩ ᠾᠧ ᠰᠢᠶᠠᠨ ᠤ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠢᠶᠠᠷ᠂ ᠡᠨᠡ ᠵᠢᠯ ᠪᠥᠬᠦ ᠰᠢᠶᠠᠨ ᠤ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ 4 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠡᠬᠢᠯᠡᠵᠦ᠂ 4 ᠰᠠᠷ᠎ᠠ ᠶᠢᠨ 10 ᠤ ᠡᠳᠦᠷ ᠳᠠᠭᠤᠰᠤᠨ᠎ᠠ᠂ ᠪᠥᠬᠦ ᠰᠢᠶᠠᠨ ᠤ 1500 ᠰᠢᠬᠠᠮ ᠰᠢᠯᠭᠠᠭᠤᠯᠤᠭᠴᠢ ᠰᠢᠩ ᠾᠧ ᠰᠢᠶᠠᠨ ᠤ ᠡᠮᠨᠡᠯᠭᠡ ᠶᠢᠨ ᠬᠤᠷᠢᠶᠠᠨ ᠳᠤ ᠵᠠᠯᠭᠠᠭᠠᠪᠡᠷ ᠪᠡᠶ᠎ᠡ ᠶᠢᠨ ᠪᠠᠶᠢᠴᠠᠭᠠᠯᠲᠠ ᠳᠤ ᠣᠷᠣᠯᠴᠠᠬᠤ ᠪᠣᠯᠤᠨ᠎ᠠ᠃
     ᠪᠡᠶ᠎ᠡ ᠶᠢᠨ ᠪᠠᠶᠢᠴᠠᠭᠠᠯᠲᠠ ᠶᠢᠨ ᠲᠦᠷᠦᠭᠦᠦ ᠡᠳᠦᠷ᠂ ᠰᠤᠷᠪᠤᠯᠵᠢᠯᠠᠭᠴᠢ ᠰᠢᠩ ᠾᠧ ᠰᠢᠶᠠᠨ ᠤ ᠡᠮᠨᠡᠯᠭᠡ ᠶᠢᠨ ᠬᠤᠷᠢᠶᠠᠨ ᠤ ᠪᠡᠶ᠎ᠡ ᠶᠢᠨ ᠪᠠᠶᠢᠴᠠᠭᠠᠯᠲᠠ ᠶᠢᠨ ᠲᠤᠬᠠᠶ ᠶᠢᠨ ᠪᠡᠶ᠎ᠡ ᠶᠢᠨ ᠪᠠᠶᠢᠴᠠᠭᠠᠯᠲᠠ ᠳᠤ ᠣᠷᠣᠯᠴᠠᠬᠤ ᠰᠤᠷᠤᠭᠴᠢᠳ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠪᠡᠶ᠎ᠡ ᠶᠢᠨ 48 ᠴᠠᠭ ᠤᠨ ᠴᠥᠮ᠎ᠡ ᠶᠢᠨ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠠᠪᠴᠤ ᠶᠠᠪᠤᠵᠤ᠂ ᠠᠶᠠᠯᠠᠯ ᠤᠨ ᠺᠠᠷᠲ᠂ ᠡᠷᠡᠭᠦᠯ ᠮᠡᠨᠳᠦ ᠶᠢᠨ ᠨᠣᠭᠤᠭᠠᠨ ᠨᠣᠮᠧᠷ᠂ ᠰᠢᠯᠭᠠᠭᠤᠯᠤᠭᠴᠢ ᠶᠢᠨ ᠨᠣᠮᠧᠷ᠂ ᠪᠡᠶ᠎ᠡ ᠶᠢᠨ ᠦᠨᠡᠮᠯᠡᠯ ᠢᠶᠠᠨ ᠭᠠᠷᠭᠠᠨ ᠦᠵᠡᠭᠦᠯᠵᠦ᠂ 1 ᠮᠧᠲᠷ ᠤᠨ ᠵᠠᠶ ᠳᠤ ᠮᠥᠷᠯᠡᠨ ᠬᠦᠯᠢᠶᠡᠵᠦ᠂ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠳᠤᠭᠤᠶᠢᠯᠠᠩ ᠤᠨ ᠡᠯ᠎ᠡ ᠭᠡᠰᠢᠭᠦᠳ ᠠᠵᠢᠯ ᠬᠤᠪᠢᠶᠠᠷᠢᠯᠠᠨ ᠬᠠᠮᠵᠢᠯᠴᠠᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠰᠢᠯᠭᠠᠭᠤᠯᠤᠭᠴᠢ ᠶᠢᠨ ᠪᠡᠶ᠎ᠡ ᠶᠢᠨ ᠥᠨᠳᠥᠷ᠂ ᠪᠡᠶ᠎ᠡ ᠶᠢᠨ ᠬᠦᠨᠳᠦ᠂ ᠭᠠᠳᠠᠷ ᠡᠮᠨᠡᠯᠭᠡ᠂ ᠴᠢᠰᠤᠨ ᠳᠠᠷᠤᠯᠲᠠ᠂ ᠳᠣᠲᠣᠷ ᠡᠮᠨᠡᠯᠭᠡ᠂ ᠴᠢᠬᠢ ᠬᠠᠮᠠᠷ ᠬᠤᠭᠤᠯᠠᠶ᠂ ᠠᠮᠠᠨ ᠬᠥᠨᠳᠡᠶ᠂ ᠨᠢᠳᠦᠨ ᠤ ᠡᠮᠨᠡᠯᠭᠡ᠂ ᠬᠠᠷᠠᠭ᠎ᠠ᠂ ᠴᠡᠭᠡᠵᠢ ᠨᠡᠪᠲᠡᠷᠡᠬᠦ ᠵᠡᠷᠭᠡ ᠳᠤ ᠪᠡᠶ᠎ᠡ ᠶᠢᠨ ᠪᠠᠶᠢᠴᠠᠭᠠᠯᠲᠠ ᠬᠢᠵᠦ᠂ ᠪᠡᠶ᠎ᠡ ᠶᠢᠨ ᠪᠠᠶᠢᠴᠠᠭᠠᠯᠲᠠ ᠶᠢᠨ ᠡᠯ᠎ᠡ ᠵᠦᠢᠯ ᠤᠨ ᠭᠤᠭᠴᠤᠭ᠎ᠠ ᠶᠢ ᠠᠪᠰᠠᠷᠬᠠᠨ ᠪᠥᠭᠡᠳ ᠢᠯᠭᠤᠮ ᠰᠢᠯᠤᠭᠤᠨ᠂ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠪᠠᠶᠢᠯᠭᠠᠨ᠎ᠠ᠃      2022 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠳᠤ ᠰᠢᠶᠠᠨ ᠤ ᠡᠮᠨᠡᠯᠭᠡ ᠶᠢᠨ ᠬᠤᠷᠢᠶ᠎ᠠ ᠲᠤᠰᠬᠠᠶᠢᠯᠠᠨ 17 ᠠᠵᠢᠯᠲᠠᠨ ᠢ ᠰᠢᠯᠵᠢᠭᠦᠯᠦᠨ ᠠᠪᠴᠢᠷᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ  ᠳᠤ ᠣᠳᠣᠬᠢ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠶᠣᠰᠣᠭᠠᠷ᠂ ᠡᠭᠡᠯᠵᠢ ᠪᠦᠷᠢ ᠶᠢᠨ ᠰᠣᠷᠣᠭᠴᠢ ᠶᠢᠨ ᠪᠡᠶ᠎ᠡ ᠶᠢᠨ ᠪᠠᠶᠢᠴᠠᠭᠠᠯᠲᠠ ᠶᠢ ᠳᠠᠭᠤᠰᠬᠠᠭᠰᠠᠨ ᠤ ᠳᠠᠷᠠᠭ᠎ᠠ᠂ ᠡᠯ᠎ᠡ ᠡᠮᠴᠢᠯᠡᠭᠡᠨ ᠤ ᠲᠠᠰᠤᠭ ᠪᠠ ᠰᠢᠯᠭᠠᠭᠤᠯᠤᠭᠴᠢ ᠶᠢᠨ ᠣᠷᠴᠢᠨ ᠲᠣᠭᠤᠷᠢᠨ ᠢ ᠳᠠᠭᠢᠵᠤ ᠠᠷᠢᠭᠤᠳᠬᠠᠨ᠎ᠠ᠃
     ᠣᠶᠢᠯᠠᠭᠠᠭᠰᠠᠨ ᠢᠶᠠᠷ᠂ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠰᠢᠯᠭᠠᠭᠤᠯᠤᠭᠰᠠᠳ ᠤᠨ ᠪᠡᠶ᠎ᠡ ᠶᠢᠨ ᠪᠠᠶᠢᠴᠠᠭᠠᠯᠲᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠰᠢᠯᠭᠠᠭᠤᠯᠤᠭᠴᠢ ᠶᠢᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ ᠲᠣᠰ ᠤᠳᠠᠭᠠᠨ ᠤ ᠪᠡᠶ᠎ᠡ ᠶᠢᠨ ᠪᠠᠶᠢᠴᠠᠭᠠᠯᠲᠠ ᠶᠢ ᠪᠦᠯᠦᠭ ᠬᠤᠪᠢᠶᠠᠨ ᠣᠷᠭᠢᠯ ᠦᠶ᠎ᠡ ᠶᠢ ᠵᠥᠷᠢᠭᠦᠯᠬᠦ ᠠᠷᠭ᠎ᠠ ᠮᠠᠶ᠋ᠢᠭ ᠢᠶᠠᠷ ᠬᠢᠵᠦ᠂ ᠰᠢᠩ ᠾᠧ ᠰᠢᠶᠠᠨ ᠤ ᠳᠣᠲᠣᠷᠠᠬᠢ ᠰᠢᠯᠭᠠᠭᠤᠯᠤᠭᠴᠢ ᠵᠢᠴᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠪᠠ ᠣᠷᠣᠨ ᠤ ᠭᠠᠳᠠᠨᠠᠬᠢ ᠰᠢᠯᠭᠠᠭᠤᠯᠤᠭᠴᠢ ᠳᠤ ᠴᠠᠭ ᠬᠤᠪᠢᠶᠠᠨ ᠪᠡᠶ᠎ᠡ ᠶᠢᠨ ᠪᠠᠶᠢᠴᠠᠭᠠᠯᠲᠠ ᠬᠢᠵᠦ᠂ ᠲᠣᠭᠲᠠᠭᠰᠠᠨ ᠴᠠᠭ ᠤᠨ ᠳᠣᠲᠣᠷ᠎ᠠ ᠪᠡᠶ᠎ᠡ ᠶᠢᠨ ᠪᠠᠶᠢᠴᠠᠭᠠᠯᠲᠠ ᠬᠢᠵᠦ ᠳᠡᠶᠢᠯᠬᠦ ᠥᠬᠡᠶ ᠰᠢᠯᠭᠠᠭᠤᠯᠤᠭᠴᠢ ᠳᠤ 4 ᠰᠠᠷ᠎ᠠ ᠶᠢᠨ 15 ᠤ ᠡᠳᠦᠷ ᠠᠴᠠ ᠬᠤᠶᠢᠰᠢ ᠭᠠᠷᠠᠭ ᠤᠨ ᠲᠠᠪᠤᠨ ᠳᠤ ᠨᠥᠬᠦᠵᠦ ᠪᠠᠶᠢᠴᠠᠭᠠᠯᠲᠠ ᠬᠢᠵᠦ ᠪᠣᠯᠤᠨ᠎ᠠ᠃ ᠡᠨᠡ ᠬᠤᠭᠤᠴᠠᠭᠠᠨ ᠳᠤ᠂ ᠡᠮᠨᠡᠯᠭᠡ ᠶᠢᠨ ᠬᠤᠷᠢᠶ᠎ᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠶ᠎ᠡ ᠶᠢᠨ ᠪᠠᠶᠢᠴᠠᠭᠠᠯᠲᠠ ᠠᠴᠠ ᠪᠤᠰᠤᠳ ᠪᠡᠶ᠎ᠡ ᠶᠢᠨ ᠪᠠᠶᠢᠴᠠᠭᠠᠯᠲᠠ ᠶᠢᠨ ᠲᠤᠬᠠᠶᠢᠯᠠᠭᠰᠠᠨ ᠠᠵᠢᠯ ᠢ ᠲᠦᠷ ᠵᠣᠭᠰᠣᠭᠠᠵᠤ᠂ ᠲᠤᠰᠠᠭᠠᠷ ᠪᠡᠶ᠎ᠡ ᠶᠢᠨ ᠪᠠᠶᠢᠴᠠᠭᠠᠯᠲᠠ ᠶᠢᠨ ᠣᠷᠣᠨ ᠭᠠᠷᠭᠠᠬᠤ ᠶᠢᠨ ᠬᠠᠮᠲᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠰᠢᠯᠭᠠᠭᠤᠯᠤᠭᠴᠢ ᠳᠤ ᠲᠤᠰᠬᠠᠶ ᠨᠡᠪᠲᠡᠷᠡᠬᠦ ᠵᠠᠮ ᠭᠠᠷᠭᠠᠵᠤ᠂ ᠭᠠᠷ ᠤᠲᠠᠰᠤ ᠥᠬᠡᠶ ᠪᠠᠷ ᠳ᠋ᠤᠭᠠᠷᠯᠠᠵᠤ ᠰᠦᠢᠳᠭᠡᠯ ᠲᠤᠰᠢᠶᠠᠬᠤ ᠶᠢ ᠬᠡᠷᠡᠭᠵᠢᠭᠦᠯᠦᠨ᠎ᠡ᠃      2022 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠤᠨ ᠤᠷᠤᠭᠰᠢᠲᠠᠶ ᠪᠡᠶᠡᠯᠡᠭᠳᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠮᠠᠨ ᠤ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠳᠣᠤᠷ᠎ᠠ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠰᠢᠯᠭᠠᠭᠤᠯᠤᠭᠴᠢ ᠳᠤ ᠪᠦᠯᠦᠭ ᠬᠤᠪᠢᠶᠠᠨ ᠣᠷᠭᠢᠯ ᠦᠶ᠎ᠡ ᠶᠢ ᠨᠢ  ᠵᠦᠷᠢᠭᠦᠯᠵᠦ᠂ ᠨᠢᠭᠡᠳᠦᠭᠡᠷ ᠲᠤ᠂ ᠮᠠᠨ ᠤ ᠰᠢᠩ ᠾᠧ ᠨᠢᠭᠡᠳᠦᠭᠡᠷ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠢᠯᠭᠠᠭᠤᠯᠤᠭᠴᠢ ᠶᠢ ᠠᠩᠭᠢ ᠶᠢᠨ ᠡᠷᠬᠢᠯᠡᠭᠴᠢ ᠠᠴᠠ ᠲᠤᠰᠬᠠᠶ ᠲᠡᠷᠭᠡ ᠪᠠᠷ ᠰᠢᠶᠠᠨ ᠤ ᠡᠮᠨᠡᠯᠭᠡ ᠶᠢᠨ ᠬᠤᠷᠢᠶᠠᠨ ᠳᠤ ᠬᠦᠷᠭᠡᠵᠦ ᠪᠡᠶ᠎ᠡ ᠶᠢᠨ ᠪᠠᠶᠢᠴᠠᠭᠠᠯᠲᠠ ᠬᠢᠯᠭᠡᠨ᠎ᠡ᠃ ᠬᠤᠶᠠᠳᠤᠭᠠᠷ ᠲᠤ᠂ ᠣᠷᠣᠨ ᠤ ᠳᠣᠲᠣᠷ᠎ᠠ ᠰᠤᠷᠤᠯᠴᠠᠵᠤ ᠪᠠᠶᠢᠭ᠎ᠠ ᠰᠢᠯᠭᠠᠭᠤᠯᠤᠭᠴᠢ ᠰᠤᠷᠤᠯᠴᠠᠵᠤ ᠪᠠᠶᠢᠭ᠎ᠠ ᠭᠠᠵᠠᠷ ᠤᠨ ᠢᠶᠠᠨ ᠰᠣᠷᠣᠭᠴᠢ ᠡᠯᠰᠡᠬᠦ ᠠᠯᠪᠠᠨ ᠬᠡᠷ ᠲᠤ ᠪᠡᠶ᠎ᠡ ᠶᠢᠨ ᠪᠠᠶᠢᠴᠠᠭᠠᠯᠲᠠ ᠬᠢᠯᠭᠡᠬᠦ ᠪᠠᠷ ᠭᠤᠶᠤᠴᠢᠯᠠᠵᠤ ᠪᠣᠯᠤᠨ᠎ᠠ᠂ ᠣᠷᠣᠨ ᠤ ᠭᠠᠳᠠᠨ᠎ᠠ ᠰᠤᠷᠤᠯᠴᠠᠵᠤ ᠪᠠᠶᠢᠭ᠎ᠠ ᠰᠢᠯᠭᠠᠭᠤᠯᠤᠭᠴᠢ ᠬᠡᠷᠪᠡ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ ᠴᠠᠭ ᠲᠠᠭᠠᠨ ᠪᠤᠴᠠᠵᠤ ᠢᠷᠡᠵᠦ ᠪᠡᠶ᠎ᠡ ᠶᠢᠨ ᠪᠠᠶᠢᠴᠠᠭᠠᠯᠲᠠ ᠬᠢᠵᠦ ᠳᠡᠶᠢᠯᠬᠦ ᠥᠬᠡᠶ ᠪᠣᠯ ᠬᠢᠵᠢᠭ ᠤᠨ ᠪᠠᠶᠢᠳᠠᠯ ᠲᠣᠭᠲᠠᠭᠤᠨ ᠪᠣᠯᠤᠭᠰᠠᠨ ᠤ ᠳᠠᠷᠠᠭ᠎ᠠ ᠪᠤᠴᠠᠵᠤ ᠢᠷᠡᠭᠡᠳ ᠪᠡᠶ᠎ᠡ ᠶᠢᠨ ᠪᠠᠶᠢᠴᠠᠭᠠᠯᠲᠠ ᠳᠤ ᠣᠷᠣᠯᠴᠠᠵᠤ ᠪᠣᠯᠤᠨ᠎ᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3