ᠰᠠᠶᠢᠬᠤᠰᠤ ᠪᠠᠯᠭᠠᠰᠤ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠦᠢᠯᠡᠴᠢᠯᠡᠭᠡᠨ ᠤ ᠲᠦᠷᠦᠯ ᠵᠦᠢᠯ ᠤᠨ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2022/4/27
     ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠥᠬᠦ ᠨᠡᠶᠢᠭᠡᠮ ᠤᠨ ᠬᠦᠴᠦᠨ ᠢ ᠳᠠᠶᠢᠴᠢᠯᠠᠨ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ ᠬᠠᠶᠢᠷᠠᠯᠠᠵᠤ᠂ ᠲᠡᠳᠡᠨ ᠢ ᠠᠳᠠᠯᠢᠬᠠᠨ ᠬᠥᠬᠡ ᠲᠩᠷᠢ ᠶᠢᠨ ᠳᠣᠤᠷ᠎ᠠ ᠪᠠᠶᠠᠷ ᠬᠥᠷ ᠲᠠᠢ ᠠᠮᠢᠳᠤᠷᠠᠭᠤᠯᠵᠤ᠂ ᠡᠷᠡᠭᠦᠯ ᠢᠶᠠᠷ ᠥᠰᠬᠡᠨ ᠪᠤᠶᠢᠵᠢᠭᠤᠯᠬᠤ ᠶᠢᠨ ᠲᠥᠯᠥᠭᠡ᠂ 4 ᠰᠠᠷ᠎ᠠ ᠶᠢᠨ 24 ᠤ ᠡᠳᠦᠷ ᠰᠢᠩ ᠾᠧ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠬᠥᠬᠡᠬᠤᠲᠠ ᠶᠢᠨ ᠵᠠᠷᠢᠮ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠠᠴᠠ  ᠰᠠᠶᠢᠬᠤᠰᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠪᠠᠶᠢᠭ᠎ᠠ ᠰᠢᠩ ᠾᠧ ᠰᠢᠶᠠᠨ ᠤ ᠰᠠᠶᠢᠬᠤᠰᠤ ᠪᠠᠯᠭᠠᠰᠤ ᠲᠠᠢ ᠬᠠᠮᠲᠤᠷᠠᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠦᠢᠯᠡᠴᠢᠯᠡᠭᠡᠨ ᠤ  ᠵᠦᠢᠯᠡᠰ ᠤᠨ ᠠᠵᠢᠯᠯᠠᠭ᠎ᠠ ᠶᠢ ᠡᠷᠭᠢᠯᠡᠪᠡ᠃
     ︽ᠬᠡᠤᠬᠡᠳ ᠤᠨ ᠠᠵᠢᠯ ᠤᠨ ᠡᠩᠨᠡᠭᠡ ᠶᠢᠨ ᠪᠣᠯᠪᠠᠰᠤᠷᠠᠭᠤᠯᠤᠯ ᠤᠨ ᠬᠤᠷᠠᠯ︾ ᠢ ᠡᠷᠭᠢᠯᠡᠬᠦ ᠬᠡᠯᠪᠡᠷᠢ ᠪᠠᠷ ᠳᠠᠮᠵᠢᠭᠤᠯᠤᠨ ᠬᠡᠤᠬᠡᠳ ᠤᠨ ᠬᠢᠨᠠᠨ ᠵᠢᠯᠣᠭᠤᠳᠤᠭᠴᠢ ᠳᠤ ᠪᠥᠬᠦ ᠠᠵᠢᠯᠲᠠᠨ ᠤ ᠪᠣᠯᠪᠠᠰᠤᠷᠠᠭᠤᠯᠤᠯ ᠬᠢᠵᠦ᠂ ᠬᠡᠤᠬᠡᠳ ᠤᠨ ᠬᠢᠨᠠᠨ ᠵᠢᠯᠣᠭᠤᠳᠤᠭᠴᠢ ᠶᠢᠨ ᠲᠥᠷᠥ ᠶᠢᠨ ᠪᠣᠳᠣᠯᠭ᠎ᠠ ᠶᠢ ᠡᠵᠡᠮᠰᠢᠬᠦ ᠬᠡᠮᠵᠢᠶ᠎ᠡ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠢᠳᠠᠪᠤᠷᠢ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃       ᠰᠠᠶᠢᠬᠤᠰᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠪᠠᠶᠢᠭ᠎ᠠ ᠰᠠᠶᠢᠬᠤᠰᠤ ᠪᠠᠭ᠎ᠠ ᠰᠤᠷᠭᠠᠭᠤᠯᠢ ᠶᠢᠨ ᠬᠢᠨ ᠰᠤᠷᠭᠠᠭᠤᠯᠢ ᠳᠤ ᠪᠠᠶᠢᠭ᠎ᠠ ᠰᠤᠷᠤᠭᠴᠢᠳ ᠢ ᠵᠣᠬᠢᠶᠠᠨ ᠪᠠᠶᠢᠭᠤᠯᠤᠨ ᠤᠯᠠᠨ ᠬᠡᠯᠪᠡᠷᠢ ᠶᠢᠨ ᠲᠣᠭᠯᠠᠭᠠᠮ ᠢᠶᠠᠷ ᠳᠠᠮᠵᠢᠭᠤᠯᠵᠤ᠂ ᠬᠡᠦᠬᠡᠳ ᠤᠳ ᠲᠤ ᠬᠠᠪᠰᠤᠷᠤᠯᠴᠠᠬᠤ᠂ ᠪᠦᠯᠬᠦᠮᠳᠡᠬᠦ᠂ ᠬᠠᠮᠵᠢᠯᠴᠠᠬᠤ ᠶᠢᠨ ᠴᠢᠬᠤᠯᠠ ᠴᠢᠨᠠᠷ ᠢ ᠣᠶᠢᠯᠠᠭᠠᠭᠤᠯᠵᠤ᠂ ᠬᠡᠦᠬᠡᠳ ᠢ ᠥᠪᠡᠷ ᠢ ᠪᠠᠨ ᠲᠠᠨᠢᠯᠴᠠᠭᠤᠯᠬᠤ᠂ ᠲᠣᠭᠯᠠᠭᠠᠮ ᠢᠶᠠᠨ ᠬᠤᠪᠢᠶᠠᠯᠴᠠᠬᠤ ᠪᠠᠷ ᠳᠠᠮᠵᠢᠨ ᠬᠡᠦᠬᠡᠳ ᠤᠨ ᠦᠭᠡ ᠬᠡᠯᠡᠨ ᠤ ᠢᠯᠡᠳᠬᠡᠬᠦ ᠴᠢᠳᠠᠪᠤᠷᠢ ᠪᠠ ᠢᠲᠡᠭᠡᠯ ᠵᠣᠷᠢᠭ ᠢ ᠨᠢ ᠨᠡᠮᠡᠭᠳᠡᠭᠦᠯᠦᠨ᠎ᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠰᠠᠶᠢᠬᠤᠰᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠬᠡᠦᠬᠡᠳ ᠤᠳ ᠲᠠᠢ ᠪᠠᠶᠢᠨ ᠳᠠᠬᠢᠨ ᠵᠣᠭᠤᠭᠳᠠᠵᠤ᠂ ᠲᠤᠬᠠᠢ ᠶᠢᠨ ᠲᠠᠯᠠᠪᠠᠢ ᠳᠤ ᠬᠡᠦᠬᠡᠳ ᠤᠳ ᠲᠤ ᠬᠠᠯᠠᠭᠤᠨ ᠳᠣᠲᠣᠨᠣ ᠪᠡᠯᠡᠭ ᠬᠦᠷᠭᠡᠵᠡᠢ᠃      ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠰᠠᠶᠢᠨ ᠳᠤᠷᠠᠴᠤᠳ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ᠃      ᠬᠡᠦᠬᠡᠳ ᠤᠳ ᠪᠣᠯ ᠤᠯᠤᠰ ᠪᠠ ᠦᠨᠳᠦᠰᠦᠲᠡᠨ ᠤ ᠬᠦᠰᠡᠯ ᠡᠷᠡᠮᠡᠯᠵᠡᠯ ᠮᠥᠨ᠂ ᠲᠡᠷᠡ ᠨᠢ ᠡᠬᠡ ᠤᠯᠤᠰ ᠤᠨ ᠢᠷᠡᠭᠡᠳᠦᠶ ᠲᠠᠢ ᠬᠤᠯᠪᠣᠭᠳᠠᠵᠤ ᠪᠠᠶᠢᠳᠠᠭ᠂ ᠪᠠᠭᠠᠴᠤᠳ ᠰᠡᠴᠡᠨ ᠪᠣᠯᠪᠠᠰᠤ ᠤᠯᠤᠰ ᠣᠷᠣᠨ ᠤ ᠤᠶᠤᠨ ᠤᠬᠠᠭᠠᠨ ᠲᠠᠢ᠂ ᠪᠠᠭᠠᠴᠤᠳ ᠬᠦᠴᠦᠷᠬᠡᠭ ᠪᠣᠯᠪᠠᠰᠤ ᠤᠯᠤᠰ ᠣᠷᠣᠨ ᠤ ᠤᠶᠤᠨ ᠤᠬᠠᠭᠠᠨ ᠲᠠᠢ᠂ ᠪᠠᠭᠠᠴᠤᠳ ᠬᠦᠴᠦᠷᠬᠡᠭ ᠪᠣᠯᠪᠠᠰᠤ ᠤᠯᠤᠰ ᠣᠷᠣᠨ ᠬᠦᠴᠦᠷᠬᠡᠭᠵᠢᠳᠡᠭ᠂ ᠲᠡᠳᠡᠨ ᠤ ᠦᠰᠦᠨ ᠪᠤᠶᠢᠵᠢᠬᠤ ᠵᠠᠮ ᠳᠡᠭᠡᠷ᠎ᠡ ᠪᠠᠨ ᠪᠦᠯᠬᠦᠮᠳᠡᠨ ᠨᠥᠬᠦᠷᠯᠡᠵᠦ᠂ ᠬᠠᠷᠢᠯᠴᠠᠨ ᠬᠠᠪᠰᠤᠷᠤᠯᠴᠠᠵᠤ᠂ ᠰᠠᠶᠢᠨ ᠰᠠᠶᠢᠬᠠᠨ ᠢᠷᠡᠭᠡᠳᠦᠶ ᠵᠦᠭ ᠭᠠᠷ ᠬᠤᠯᠪᠣᠨ ᠬᠠᠮᠲᠤ ᠪᠠᠷ ᠤᠷᠤᠭᠰᠢᠯᠠᠬᠤ ᠶᠢ ᠬᠦᠰᠡᠵᠦ ᠪᠠᠶᠢᠨ᠎ᠠ᠃ ᠬᠡᠦᠬᠡᠳ ᠤᠳ ᠪᠣᠯ ᠤᠯᠤᠰ ᠣᠷᠣᠨ ᠪᠠ ᠦᠨᠳᠦᠰᠦᠲᠡᠨ ᠤ ᠬᠦᠰᠡᠯ ᠡᠷᠡᠮᠡᠯᠵᠡᠯ ᠮᠥᠨ᠂ ᠲᠡᠳᠡᠨ ᠤ ᠦᠰᠦᠨ ᠪᠤᠶᠢᠵᠢᠬᠤ ᠵᠠᠮ ᠳᠡᠭᠡᠷ᠎ᠡ ᠪᠠᠨ ᠪᠦᠯᠬᠦᠮᠳᠡᠨ ᠨᠢᠭᠲᠠᠷᠠᠵᠤ᠂ ᠬᠠᠷᠢᠯᠴᠠᠨ ᠬᠠᠪᠰᠤᠷᠤᠯᠴᠠᠵᠤ᠂ ᠰᠠᠶᠢᠨ ᠰᠠᠶᠢᠬᠠᠨ ᠢᠷᠡᠭᠡᠳᠦᠶ ᠵᠦᠭ ᠭᠠᠷ ᠬᠤᠯᠪᠣᠨ ᠬᠠᠮᠲᠤ ᠪᠠᠷ ᠤᠷᠤᠭᠰᠢᠯᠠᠬᠤ ᠶᠢ ᠬᠦᠰᠡᠵᠦ ᠪᠠᠶᠢᠨ᠎ᠠ᠃                                            ᠵᠣᠬᠢᠶᠠᠭᠴᠢ᠄ ᠰᠠᠶᠢᠤᠰᠤ ᠪᠠᠯᠭᠠᠰᠤ                                        ᠤᠷᠴᠢᠭᠤᠯᠤᠭᠴᠢ᠄ ᠨᠠᠷᠠᠰᠤ                                        ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3