ᠰᠢᠩ ᠾᠧ ᠰᠢᠶᠠᠨ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠬᠠᠮᠢᠶᠠᠷᠤᠯᠲᠠ ᠶᠢᠨ ᠪᠣᠯᠪᠠᠰᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/4/28
     ᠨᠠᠷᠢᠨ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠢ ᠪᠦᠲᠦᠮᠵᠢᠲᠡᠶ ᠠᠷᠭᠠᠴᠠᠵᠤ᠂ ᠪᠥᠬᠦ ᠰᠢᠶᠠᠨ ᠤ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠬᠠᠮᠢᠶᠠᠷᠤᠯᠲᠠ ᠠᠵᠢᠯᠯᠠᠭᠠᠨ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠠᠵᠢᠯᠲᠠᠨ ᠤ ᠲᠤᠰᠬᠠᠶ ᠮᠡᠷᠭᠡᠵᠢᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠰᠢᠩ ᠾᠧ ᠰᠢᠶᠠᠨ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠬᠠᠮᠢᠶᠠᠷᠤᠯᠲᠠ ᠶᠢᠨ ᠪᠣᠯᠪᠠᠰᠤᠷᠠᠭᠤᠯᠤᠯ ᠤᠨ ᠬᠤᠷᠠᠯ ᠬᠢᠪᠠ᠃
     ᠠᠵᠢᠯᠯᠠᠭ᠎ᠠ ᠶᠢᠨ ᠳᠤᠮᠳᠠ᠂ ᠰᠢᠩ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠤᠰᠬᠠᠶ ᠮᠡᠷᠭᠡᠵᠢᠯ ᠤᠨ ᠠᠵᠢᠯᠲᠠᠨ ᠲᠣᠰ ᠲᠣᠰ ᠬᠠᠮᠢᠶᠠᠷᠤᠯᠲᠠ ᠶᠢᠨ ᠠᠵᠢᠯᠲᠠᠨ ᠤ ᠲᠤᠰᠢᠶᠠᠯ ᠬᠠᠷᠢᠭᠤᠴᠠᠯᠭ᠎ᠠ᠂ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠤᠪᠢᠶᠠᠷᠢᠯᠠᠯ᠂ ᠲᠤᠰᠠᠭᠠᠷᠯᠠᠬᠤ ᠴᠡᠭ ᠤᠨ ᠬᠠᠮᠢᠶᠠᠷᠤᠯᠲᠠ ᠶᠢᠨ ᠵᠢᠷᠤᠮᠵᠢᠯ᠂ ᠲᠤᠰᠠᠭᠠᠷᠯᠠᠬᠤ ᠠᠵᠢᠯ ᠤᠨ ᠶᠠᠪᠤᠴᠠ᠂ ᠬᠤᠪᠢ ᠬᠥᠮᠦᠨ ᠤ ᠬᠠᠮᠠᠭᠠᠯᠠᠯᠲᠠ ᠶᠢᠨ ᠱᠠᠭᠠᠷᠳᠠᠯᠭ᠎ᠠ᠂ ᠲᠤᠰᠠᠭᠠᠷᠯᠠᠬᠤ ᠬᠥᠮᠦᠰ ᠤᠨ ᠬᠠᠮᠢᠶᠠᠷᠤᠯᠲᠠ ᠶᠢᠨ ᠱᠠᠭᠠᠷᠳᠠᠯᠭ᠎ᠠ ᠵᠡᠷᠭᠡ 6 ᠲᠠᠯ᠎ᠠ ᠠᠴᠠ ᠭᠠᠷᠳᠠᠬᠤ ᠴᠡᠭ ᠪᠣᠯᠭᠠᠵᠤ᠂ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠠᠵᠢᠯ ᠤᠨ ᠳᠤᠮᠳᠠᠬᠢ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠨᠠᠷᠢᠨ ᠵᠠᠳᠠᠯᠤᠯᠲᠠ ᠬᠢᠵᠦ᠂ ᠮᠠᠰᠢ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃      ᠲᠤᠰ ᠤᠳᠠᠭᠠᠨ ᠤ ᠪᠣᠯᠪᠠᠰᠤᠷᠠᠯ ᠨᠢ ᠪᠦᠬᠦ ᠰᠢᠶᠠᠨ ᠤ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠠᠵᠢᠯᠲᠠᠨ ᠤ ᠲᠤᠰᠬᠠᠶ ᠮᠡᠷᠭᠡᠵᠢᠯ ᠤᠨ ᠬᠢᠷᠢ ᠲᠦᠪᠰᠢᠨ᠂ ᠰᠤᠷᠭᠠᠭᠤᠯᠢ ᠶᠢᠨ ᠮᠡᠳᠡᠷᠡᠮᠵᠢ ᠶᠢᠨ ᠬᠠᠮᠢᠶᠠᠷᠤᠯᠲᠠ ᠶᠢᠨ ᠤᠬᠠᠮᠰᠠᠷ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠪᠦᠬᠦᠯᠢ ᠴᠣᠭᠴᠠ ᠶᠢᠨ ᠰᠡᠷᠡᠵᠦ ᠡᠵᠡᠮᠳᠡᠬᠦ ᠴᠢᠳᠠᠪᠤᠷᠢ ᠶᠢ ᠴᠢᠩᠭᠠᠳᠬᠠᠵᠤ᠂ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠬᠤ ᠴᠡᠭ ᠪᠠ ᠲᠤᠰᠠᠭᠠᠷᠯᠠᠬᠤ ᠬᠥᠮᠦᠰ ᠵᠢᠴᠢ ᠬᠠᠮᠢᠶ᠎ᠠ ᠪᠥᠬᠦᠶ ᠠᠵᠢᠯᠲᠠᠨ ᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠵᠤ᠂ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠮᠤᠷ ᠲᠦᠪᠰᠢᠨ ᠢ ᠪᠠᠲᠤᠯᠠᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃      ᠪᠥᠬᠦ ᠰᠢᠶᠠᠨ ᠤ ᠠᠷᠪᠠᠨ ᠨᠢᠭᠡᠨ ᠲᠤᠰᠠᠭᠠᠷᠯᠠᠬᠤ ᠴᠡᠭ ᠤᠨ ᠬᠠᠷᠢᠭᠤᠴᠠᠯᠭᠠᠲᠠᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠤᠰᠠᠭᠠᠷᠯᠠᠬᠤ ᠠᠵᠢᠯ ᠤᠨ ᠳᠤᠭᠤᠶᠢᠯᠠᠩ ᠤᠨ ᠠᠵᠢᠯᠲᠠᠨ ᠵᠢᠴᠢ ᠡᠮᠨᠡᠨ ᠰᠤᠪᠢᠯᠠᠬᠤ᠂ ᠤᠰᠠᠳᠬᠠᠬᠤ᠂ ᠠᠮᠤᠷ ᠢ ᠬᠠᠮᠠᠭᠠᠯᠠᠬᠤ᠂ ᠪᠠᠲᠤᠯᠠᠬᠤ ᠵᠡᠷᠭᠡ ᠠᠵᠢᠯ ᠤᠨ ᠪᠠᠶᠢᠷᠢ ᠳᠤ ᠬᠤᠯᠪᠣᠭᠳᠠᠭᠰᠠᠨ ᠨᠡᠶᠢᠲᠡ 50 ᠭᠠᠷᠤᠶ ᠬᠥᠮᠦᠨ ᠬᠤᠷᠠᠯ ᠳᠤ ᠣᠷᠣᠯᠴᠠᠵᠠᠶ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3