ᠳᠤᠮᠳᠠᠳᠤ ᠤᠯᠤᠰ ᠤᠨ ᠴᠢᠯᠠᠭᠤᠨ ᠲᠣᠰᠣᠨ ᠤ ᠤᠮᠠᠷᠠᠲᠤ ᠶᠢᠨ ᠴᠢᠯᠠᠭᠤᠨ ᠲᠣᠰᠣᠨ ᠤ ᠠᠭᠤᠷᠬᠠᠶ ᠶᠢᠨ ᠰᠢᠩ ᠾᠧ ᠰᠢᠶᠠᠨ ᠤ ᠰᠠᠯᠬᠢᠨ ᠬᠦᠴᠦᠨ ᠤ ᠴᠠᠬᠢᠯᠭᠠᠨ ᠵᠢᠴᠢ ᠬᠡᠶ ᠴᠠᠬᠢᠯᠭᠠᠨ ᠤ ᠠᠭᠤᠰᠤᠯᠴᠠᠯ ᠤᠨ ᠲᠥᠷᠥᠯ ᠵᠦᠢᠯ ᠤᠨ ᠬᠠᠷᠢᠭᠤᠴᠠᠯᠭᠠᠲᠠᠨ ᠮᠠᠨ ᠤ ᠰᠢᠶᠠᠨ ᠳᠤ ᠢᠷᠡᠵᠦ ᠲᠥᠷᠥᠯ ᠵᠦᠢᠯ ᠢ ᠳᠥᠯᠭᠢᠨ ᠠᠬᠢᠭᠤᠯᠬᠤ ᠬᠤᠯᠪᠣᠭᠳᠠᠯ ᠪᠥᠬᠦᠶ ᠤᠴᠢᠷ ᠶᠠᠪᠤᠳᠠᠯ ᠤᠨ ᠲᠤᠬᠠᠶ ᠰᠠᠨᠠᠯ ᠢᠶᠠᠨ ᠰᠣᠯᠢᠯᠴᠠᠵᠤ ᠶᠠᠷᠢᠯᠴᠠᠪᠠ
ᠨᠡᠶᠢᠲᠡᠯᠡᠭᠰᠡᠨ ᠴᠠᠭ᠄
2022/4/28
     4 ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠴᠢᠯᠠᠭᠤᠨ ᠲᠤᠰᠤᠨ ᠤ ᠤᠮᠠᠷᠠᠲᠤ ᠶᠢᠨ ᠴᠢᠯᠠᠭᠤᠨ ᠲᠤᠰᠤᠨ ᠤ ᠠᠭᠤᠷᠬᠠᠢ ᠶᠢᠨ ᠰᠢᠩ ᠾᠧ ᠰᠢᠶᠠᠨ ᠤ ᠰᠠᠯᠬᠢᠨ ᠬᠦᠴᠦᠨ ᠤ ᠴᠠᠬᠢᠯᠭᠠᠨ ᠵᠢᠴᠢ ᠬᠡᠢ ᠴᠠᠬᠢᠯᠭᠠᠨ ᠤ ᠠᠭᠤᠰᠤᠯᠴᠠᠯ ᠤᠨ ᠲᠦᠷᠦᠯ ᠵᠦᠢᠯ ᠤᠨ ᠬᠠᠷᠢᠭᠤᠴᠠᠯᠭᠠᠲᠠᠨ ᠨᠠᠷ ᠮᠠᠨ ᠤ ᠰᠢᠶᠠᠨ ᠳᠤ ᠬᠦᠷᠴᠦ ᠲᠦᠷᠦᠯ ᠵᠦᠢᠯ ᠢ ᠠᠬᠢᠭᠤᠯᠬᠤ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠰᠠᠨᠠᠯ ᠢᠶᠠᠨ ᠰᠣᠯᠢᠯᠴᠠᠵᠤ ᠶᠠᠷᠢᠯᠴᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
     ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠳᠤᠮᠳᠠᠳᠤ ᠤᠯᠤᠰ ᠤᠨ ᠴᠢᠯᠠᠭᠤᠨ ᠲᠤᠰᠤᠨ ᠤ ᠤᠮᠠᠷᠠᠲᠤ ᠶᠢᠨ ᠴᠢᠯᠠᠭᠤᠨ ᠲᠤᠰᠤᠨ ᠤ ᠠᠭᠤᠷᠬᠠᠢ ᠶᠢᠨ ᠰᠢᠩ ᠡᡁᠧ ᠰᠢᠶᠠᠨ ᠤ ᠰᠠᠯᠬᠢᠨ ᠬᠦᠴᠦᠨ ᠤ ᠴᠠᠬᠢᠯᠭᠠᠨ ᠵᠢᠴᠢ ᠬᠡᠢ ᠴᠠᠬᠢᠯᠭᠠᠨ ᠤ ᠠᠭᠤᠰᠤᠯᠴᠠᠯ ᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠵᠣᠯᠭᠠᠭᠤᠯᠤᠨ ᠰᠣᠯᠢᠯᠴᠠᠪᠠ︔ ᠳᠤᠮᠳᠠᠳᠤ ᠤᠯᠤᠰ ᠤᠨ ᠴᠢᠯᠠᠭᠤᠨ ᠲᠤᠰᠤᠨ ᠤ ᠤᠮᠠᠷᠠᠲᠤ ᠶᠢᠨ ᠴᠢᠯᠠᠭᠤᠨ ᠲᠤᠰᠤᠨ ᠤ ᠠᠭᠤᠷᠬᠠᠢ ᠶᠢᠨ ᠰᠢᠩ ᠡᡁᠧ ᠰᠢᠶᠠᠨ ᠤ ᠰᠠᠯᠬᠢᠨ ᠬᠦᠴᠦᠨ ᠤ ᠴᠠᠬᠢᠯᠭᠠᠨ ᠵᠢᠴᠢ ᠬᠡᠢ ᠴᠠᠬᠢᠯᠭᠠᠨ ᠤ ᠠᠭᠤᠰᠤᠯᠴᠠᠯ ᠤᠨ ᠲᠦᠷᠦᠯ ᠵᠦᠢᠯ ᠤᠨ ᠬᠠᠷᠢᠭᠤᠴᠠᠯᠭᠠᠲᠠᠨ ᠠᠴᠠ ᠳᠤᠮᠳᠠᠳᠤ ᠤᠯᠤᠰ ᠤᠨ ᠴᠢᠯᠠᠭᠤᠨ ᠲᠤᠰᠤᠨ ᠤ ᠤᠮᠠᠷᠠᠲᠤ ᠶᠢᠨ ᠴᠢᠯᠠᠭᠤᠨ ᠲᠤᠰᠤᠨ ᠤ ᠠᠭᠤᠷᠬᠠᠢ ᠶᠢᠨ ᠰᠢᠩ ᠡᡁᠧ ᠰᠢᠶᠠᠨ ᠤ ᠰᠠᠯᠬᠢᠨ ᠬᠦᠴᠦᠨ ᠤ ᠴᠠᠬᠢᠯᠭᠠᠨ ᠵᠢᠴᠢ ᠬᠡᠢ ᠴᠠᠬᠢᠯᠭᠠᠨ ᠤ ᠠᠭᠤᠰᠤᠯᠴᠠᠯ ᠤᠨ ᠲᠦᠷᠦᠯ ᠵᠦᠢᠯ ᠤᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠰᠢᠩ ᠡᡁᠧ ᠰᠢᠶᠠᠨ ᠰᠠᠶᠢᠨ ᠰᠠᠶᠢᠬᠠᠨ ᠪᠠᠶᠢᠭᠠᠯᠢ ᠶᠢᠨ ᠨᠥᠬᠦᠴᠡᠯ᠂ ᠠᠵᠤ ᠦᠢᠯᠡᠰ ᠤᠨ ᠰᠠᠭᠤᠷᠢ ᠪᠠ ᠣᠷᠣᠨ ᠪᠠᠶᠢᠷᠢ ᠶᠢᠨ ᠳᠠᠪᠠᠭᠤᠯᠢᠭ ᠲᠠᠢ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠵᠠᠬ᠎ᠠ ᠳᠡᠯᠭᠡᠭᠦᠷ ᠤᠨ ᠳᠠᠯᠳᠠ ᠬᠦᠴᠦᠨ ᠲᠠᠢ᠂ ᠬᠥᠭᠵᠢᠯᠲᠡ ᠶᠢᠨ ᠣᠷᠣᠨ ᠵᠠᠢ ᠶᠡᠭᠡ ᠪᠠᠶᠢᠨ᠎ᠠ ᠭᠡᠵᠦ ᠢᠯᠡᠳᠬᠡᠪᠡ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠰᠣᠯᠢᠯᠴᠠᠭ᠎ᠠ ᠪᠠᠨ ᠨᠡᠩ ᠭᠦᠨ ᠳᠠᠪᠬᠤᠷᠭ᠎ᠠ ᠲᠡᠰᠢ ᠠᠬᠢᠭᠤᠯᠵᠤ᠂ ᠰᠢᠩ ᠡᡁᠧ ᠰᠢᠶᠠᠨ ᠤ ᠨᠡᠩ ᠰᠠᠶᠢᠨ ᠨᠡᠩ ᠲᠦᠷᠭᠡᠨ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠸᠠᠩ ᠬᠤᠢ ᠢᠦᠢ ᠳᠤᠮᠳᠠᠳᠤ ᠤᠯᠤᠰ ᠤᠨ ᠴᠢᠯᠠᠭᠤᠨ ᠲᠤᠰᠤᠨ ᠤ ᠤᠮᠠᠷᠠᠲᠤ ᠶᠢᠨ ᠴᠢᠯᠠᠭᠤᠨ ᠲᠤᠰᠤᠨ ᠤ ᠠᠭᠤᠷᠬᠠᠢ ᠶᠢᠨ ᠰᠢᠩ ᠡᡁᠧ ᠰᠢᠶᠠᠨ ᠤ ᠰᠠᠯᠬᠢᠨ ᠬᠦᠴᠦᠨ ᠤ ᠴᠠᠬᠢᠯᠭᠠᠨ ᠵᠢᠴᠢ ᠬᠡᠢ ᠴᠠᠬᠢᠯᠭᠠᠨ ᠤ ᠠᠭᠤᠰᠤᠯᠴᠠᠯ ᠤᠨ ᠲᠦᠷᠦᠯ ᠵᠦᠢᠯ ᠰᠢᠩ ᠡᡁᠧ ᠰᠢᠶᠠᠨ ᠳᠤ ᠣᠷᠣᠵᠤ ᠪᠡᠯᠡ ᠣᠷᠣᠭᠤᠯᠤᠨ ᠦᠢᠯᠡᠰ ᠪᠤᠰᠬᠠᠬᠤ ᠶᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠳᠣᠬᠠᠨ ᠳᠤ ᠰᠢᠩ ᠾᠧ ᠰᠢᠶᠠᠨ ᠤ ᠠᠵᠤ ᠠᠬᠤᠶ ᠨᠡᠶᠢᠭᠡᠮ ᠶᠠᠭ ᠲᠦᠷᠭᠡᠨ ᠬᠥᠭᠵᠢᠯᠲᠡ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠤᠮᠠᠷᠠᠲᠤ ᠣᠷᠣᠨ ᠤ ᠴᠢᠯᠠᠭᠤᠨ ᠲᠣᠰᠣᠨ ᠤ ᠠᠭᠤᠷᠬᠠᠶ ᠶᠢᠨ ᠪᠡᠯᠡ ᠮᠥᠩᠭᠦ ᠡᠯᠪᠡᠭ ᠳᠡᠯᠪᠡᠭ᠂ ᠦᠵᠡᠯᠲᠡ ᠲᠠᠨᠢᠯᠲᠠ ᠳᠠᠪᠰᠢᠩᠭᠤᠶ᠂ ᠴᠢᠳᠠᠪᠤᠷᠢᠲᠠᠨ ᠡᠯᠪᠡᠭ ᠳᠡᠯᠪᠡᠭ᠂ ᠵᠠᠬ᠎ᠠ ᠳᠡᠯᠭᠡᠭᠦᠷ ᠥᠷᠭᠡᠨ ᠠᠭᠤᠳᠠᠮ ᠪᠠᠶᠢᠳᠠᠭ᠃ ᠰᠠᠯᠬᠢᠨ ᠬᠦᠴᠦᠨ ᠤ ᠴᠠᠬᠢᠯᠭᠠᠨ ᠬᠡᠢ ᠴᠠᠬᠢᠯᠭᠠᠨ ᠤ ᠠᠭᠤᠰᠤᠯᠴᠠᠯ ᠤᠨ ᠲᠥᠷᠥᠯ ᠵᠦᠢᠯ ᠨᠢ ᠰᠢᠩ ᠾᠧ ᠰᠢᠶᠠᠨ ᠤ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠲᠥᠪᠯᠡᠷᠡᠭᠰᠡᠨ ᠣᠷᠣᠨ ᠢ ᠪᠠᠶᠢᠭᠤᠯᠬᠤ ᠬᠥᠭᠵᠢᠯᠲᠡ ᠶᠢᠨ ᠰᠡᠳᠬᠢᠴᠡ ᠲᠠᠢ ᠲᠣᠬᠢᠷᠠᠯᠴᠠᠵᠤ᠂ ᠬᠤᠶᠠᠷ ᠲᠠᠯ᠎ᠠ ᠪᠠᠷ ᠢᠶᠠᠨ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠶᠤᠮ᠂ ᠬᠤᠶᠠᠷ ᠲᠠᠯ᠎ᠠ ᠪᠠᠷ ᠢᠶᠠᠨ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠢ ᠤᠯᠤᠯᠴᠠᠨ ᠵᠣᠯᠭᠠᠯᠴᠠᠵᠤ᠂ ᠦᠢᠯᠡᠰ ᠪᠤᠰᠬᠠᠬᠤ ᠬᠠᠮᠲᠤ ᠶᠢᠨ ᠲᠠᠨᠢᠯᠲᠠ ᠲᠠᠢ ᠪᠤᠯᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠵᠤ᠂ ᠲᠦᠷᠦᠯ ᠵᠦᠢᠯ ᠢ ᠪᠣᠳᠠᠲᠠᠢ ᠳᠤ ᠣᠷᠣᠭᠤᠯᠤᠨ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠵᠠᠯᠭᠠᠭᠠᠳ ᠲᠦᠷᠦᠯ ᠵᠦᠢᠯ ᠤᠨ ᠵᠠᠯᠭᠠᠮᠵᠢ ᠢᠵᠢ ᠪᠦᠷᠢᠳᠦᠭᠰᠡᠨ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠵᠦ᠂ ᠭᠠᠷ ᠬᠤᠯᠪᠣᠨ ᠬᠥᠭᠵᠢᠭᠦᠯᠬᠦ ᠶᠢ ᠡᠷᠲᠡᠬᠡᠨ ᠪᠡᠶᠡᠯᠡᠭᠦᠯᠵᠦ᠂ ᠰᠢᠩ ᠡᡁᠧ ᠰᠢᠶᠠᠨ ᠤ ᠪᠦᠳᠦᠭᠡᠨ ᠪᠠᠶᠢᠭᠤᠯᠤᠯᠲᠠ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠸᠠᠩ ᠬᠤᠢ ᠢᠦᠢ ᠱᠠᠭᠠᠷᠳᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ︽ᠨᠢᠭᠡ ᠦᠷᠳᠡᠭᠡᠯᠢᠭ ᠬᠡᠯᠪᠡᠷᠢ︾ ᠶᠢᠨ ᠮᠥᠷᠳᠡᠨ ᠦᠢᠯᠡᠴᠢᠯᠡᠬᠦ ᠪᠠ ᠪᠦᠬᠦ ᠡᠯᠧᠮᠧᠨ᠋ᠲ ᠤᠨ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠨᠢᠨ ᠳᠡᠭᠡᠷ᠎ᠡ ᠨᠢ ᠵᠣᠯᠭᠠᠭᠤᠯᠵᠤ᠂ ᠡᠮᠦᠨ᠎ᠡ ᠨᠢ ᠦᠢᠯᠡᠴᠢᠯᠡᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠲᠦᠷᠦᠯ ᠵᠦᠢᠯ ᠢ ᠬᠢᠨᠠᠨ ᠵᠥᠪᠰᠢᠶᠡᠷᠡᠬᠦ᠂ ᠭᠠᠷ ᠭᠦᠢᠴᠡᠳᠬᠡᠯ ᠬᠢᠬᠦ ᠵᠡᠷᠭᠡ ᠬᠤᠯᠪᠣᠭᠳᠠᠯ ᠪᠦᠬᠦᠢ ᠠᠰᠠᠭᠤᠳᠠᠯ ᠳᠤ ᠢᠳᠡᠪᠬᠢᠲᠡᠢ ᠬᠠᠮᠵᠢᠯᠴᠠᠬᠤ ᠬᠡᠷᠡᠭᠲᠡᠢ︔ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠪᠠ ᠰᠡᠭᠦᠯᠴᠢ ᠶᠢᠨ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠬᠠᠤᠯᠢ ᠲᠣᠭᠲᠠᠭᠠᠯ ᠶᠣᠰᠣᠭᠠᠷ ᠳᠥᠯᠭᠢᠨ ᠠᠬᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠪᠠᠲᠤᠳᠬᠠᠨ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠮᠠᠨ ᠤ ᠰᠢᠶᠠᠨ ᠤ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠲᠥᠷᠥᠯ ᠵᠦᠢᠯ ᠤᠨ ᠬᠠᠮᠲᠤᠷᠠᠯᠴᠠᠭ᠎ᠠ ᠶᠢ ᠭᠦᠨᠵᠡᠭᠡᠶ ᠳᠥᠯᠭᠢᠨ ᠠᠬᠢᠭᠤᠯᠬᠤ ᠳᠤ ᠬᠠᠮᠤᠭ ᠤᠨ ᠠᠰᠢᠭᠲᠠᠶ ᠨᠥᠬᠦᠴᠡᠯ ᠢ ᠡᠭᠦᠳᠦᠨ ᠥᠭᠴᠦ᠂ ᠪᠠᠯᠠ ᠣᠷᠣᠭᠤᠯᠤᠯᠲᠠ ᠶᠢᠨ ᠲᠥᠷᠥᠯ  ᠵᠦᠢᠯ ᠢ ᠤᠷᠤᠭᠰᠢᠲᠠᠶ ᠨᠠᠶᠢᠳᠠᠪᠤᠷᠢᠵᠢᠭᠤᠯᠤᠨ ᠬᠡᠷᠡᠭᠵᠢᠭᠦᠯᠬᠦ ᠪᠠᠷ ᠴᠢᠷᠮᠠᠶᠢᠨ᠎ᠠ      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠾᠧ ᠶᠢᠩ ᠽᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠸᠠᠩ ᠰᠢᠶᠤᠤ ᠵᠢᠶᠦ᠋ᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠾᠧᠦ ᠶᠢᠩ᠂ ᠰᠢᠩ ᠸᠠᠩ ᠵᠢᠶᠤᠤ ᠠᠵᠤ ᠦᠯᠡᠳᠡᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠳ᠋ᠦᠩ ᠬᠤᠩ ᠡᠤ ᠵᠢᠴᠢ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃                                  ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3