ᠪᠡᠭᠡᠵᠢᠩ ᠤᠨ ᠱᠢ ᠵᠢᠢ ᠬᠤᠸᠠ ᠰᠢᠶᠠ ᠠᠳᠠᠯ ᠠᠬᠤᠢ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠳ᠋ᠠ ᠺᠦ᠋ ᠯᠢᠶᠠᠨ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠦᠷᠦᠯ ᠵᠦᠢᠯ ᠢ ᠡᠬᠢᠯᠡᠭᠦᠯᠬᠦ ᠳᠤ ᠬᠦᠴᠦᠨ‌ᠨᠡᠮᠡᠷᠢᠯᠡᠪᠡ
ᠨᠡᠶᠢᠲᠡᠯᠡᠭᠰᠡᠨ ᠴᠠᠭ᠄
2022/4/29
     4 ᠰᠠᠷ᠎ᠠ ᠶᠢᠨ 26᠎ ᠤ ᠡᠳᠦᠷ᠂ ᠪᠡᠭᠡᠵᠢᠩ ᠤᠨ ᠱᠢ ᠵᠢᠢ ᠬᠤᠸᠠ ᠰᠢᠶᠠ ᠠᠳᠠᠯ ᠠᠬᠤᠢ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠳ᠋ᠠ ᠺᠦ᠋ ᠯᠢᠶᠠᠨ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠦᠷᠦᠯ ᠵᠦᠢᠯ ᠳᠤ ᠬᠦᠴᠦᠨ ᠨᠡᠮᠡᠷᠢᠯᠡᠬᠦ ᠶᠣᠰᠣᠯᠠᠯ ᠳ᠋ᠠ ᠺᠦ᠋ ᠯᠢᠶᠠᠨ ᠲᠣᠰᠬᠤᠨ ᠤ ᠠᠷᠠᠳ ᠤᠨ ᠵᠥᠪᠯᠡᠯ ᠳᠤ ᠵᠢᠩᠬᠢᠨᠢ ᠪᠠᠷ ᠡᠬᠢᠯᠡᠪᠡ᠃ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠩ ᠵᠧᠨ ᠳ᠋ᠦᠩ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠵᠢᠶᠦ᠋ᠨ ᠬᠤᠷᠠᠯ ᠳᠤ ᠣᠷᠣᠯᠴᠠᠪᠠ᠃
     ᠡᠬᠢᠯᠡᠯᠲᠡ ᠶᠢᠨ ᠶᠣᠰᠣᠯᠠᠯ ᠳᠡᠭᠡᠷ᠎ᠡ᠂ ᠪᠡᠭᠡᠵᠢᠩ ᠤᠨ ᠱᠢ ᠵᠢᠢ ᠬᠤᠸᠠ ᠰᠢᠶᠠ ᠠᠳᠠᠯ ᠠᠬᠤᠶ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂  ᠳ᠋ᠠ ᠺᠦ᠋ ᠯᠢᠶᠠᠨ ᠰᠢᠶᠠᠩ ᠢ ᠰᠣᠩᠭᠤᠵᠤ ᠰᠢᠶᠠᠩ ᠪᠠᠯᠭᠠᠰᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠶᠢᠨ ︽ᠠᠳᠠᠯ ᠠᠬᠤᠶᠢᠴᠢᠯᠠᠭᠰᠠᠨ︾ ᠬᠠᠮᠢᠶᠠᠷᠤᠯᠲᠠ ᠶᠢᠨ ︽ᠭᠤᠤᠯ ᠲᠤᠷᠰᠢᠯᠲᠠ︾ ᠪᠣᠯᠭᠠᠨ᠎ᠠ᠂ ᠮᠠᠨ ᠤ ᠠᠳᠠᠯ ᠠᠬᠤᠶ ᠶᠢᠨ ᠺᠣᠮᠫᠠᠨᠢ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠨ ᠲᠠᠰᠤᠷᠠᠯᠲᠠ ᠥᠬᠡᠶ ᠰᠢᠯᠢᠳᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠬᠥᠳᠡᠭᠡ ᠲᠣᠰᠬᠤᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠦᠢᠯᠡᠴᠢᠯᠡᠭᠡ ᠶᠢ ᠨᠢᠭᠡᠳᠦᠯᠲᠡᠶ ᠲᠥᠯᠥᠪᠯᠡᠵᠦ᠂ ᠠᠳᠠᠯ ᠠᠬᠤᠶ ᠶᠢᠨ ᠠᠵᠢᠯᠯᠠᠭᠠᠨ ᠤ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠨ᠎ᠠ ᠭᠡᠵᠡᠶ᠃      ᠳ᠋ᠠ ᠺᠦ᠋ ᠯᠢᠶᠠᠨ ᠰᠢᠶᠠᠩ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠳᠡᠭᠡᠭᠰᠢᠯᠡᠭᠦᠯᠵᠦ᠂ ︽ᠠᠳᠠᠯ ᠠᠬᠤᠢᠢᠵᠢᠭᠤᠯᠬᠤ︾ ᠬᠠᠮᠢᠶᠠᠷᠤᠯᠲᠠ ᠶᠢᠨ ᠵᠠᠭᠪᠤᠷ ᠢᠶᠠᠷ ᠳᠠᠮᠵᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠴᠢᠨᠠᠭᠰᠢᠳᠠ ᠴᠢᠩᠭᠠᠳᠬᠠᠵᠤ᠂ ᠪᠦᠬᠦ ᠲᠠᠯ᠎ᠠ ᠪᠠᠷ ᠲᠥᠯᠥᠪᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠯᠬᠤᠴᠠ ᠶᠢ ᠲᠦᠷᠭᠡᠳᠬᠡᠵᠦ᠂ ᠲᠤᠮᠤ ᠬᠥᠮᠥᠷᠭᠡ ᠪᠠᠷ ᠰᠢᠶᠠᠩ ᠢ ᠬᠤᠯᠪᠣᠭᠰᠠᠨ ᠰᠢᠨ᠎ᠡ ᠪᠠᠶᠢᠳᠠᠯ᠂ ᠰᠢᠨ᠎ᠡ ᠳᠦᠷᠰᠦ ᠪᠠᠶᠢᠳᠠᠯ᠂ ᠰᠢᠨ᠎ᠡ ᠪᠠᠶᠢᠳᠠᠯ ᠢ ᠢᠯᠡᠷᠡᠭᠦᠯᠬᠦ ᠬᠡᠷᠡᠭᠲᠡᠢ᠃ ᠱᠢ ᠵᠢᠢ ᠬᠤᠸᠠ ᠰᠢᠶᠠ ᠠᠳᠠᠯ ᠠᠬᠤᠢ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠢᠨ ᠤ ᠨᠠᠷᠢᠯᠢᠬᠵᠢᠭᠤᠯᠤᠭᠰᠠᠨ ᠠᠳᠠᠯ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠲᠣᠰᠬᠤᠨ ᠤ ᠳᠦᠷᠰᠦ ᠪᠠᠶᠢᠳᠠᠯ ᠢ ᠶᠡᠬᠡᠪᠡᠷ ᠰᠠᠶᠢᠵᠢᠷᠠᠭᠤᠯᠵᠤ᠂ ᠣᠷᠣᠰᠢᠨ ᠰᠠᠭᠤᠬᠤ ᠳᠤ ᠲᠠᠭᠠᠯᠠᠮᠵᠢᠲᠠᠢ ᠬᠥᠳᠡᠭᠡ ᠲᠣᠰᠬᠤᠨ ᠤ ᠣᠷᠴᠢᠨ ᠲᠣᠭᠤᠷᠢᠨ ᠢ ᠪᠤᠢ ᠪᠣᠯᠭᠠᠵᠤ᠂ ᠲᠣᠰᠬᠤᠨ ᠤ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠨᠡᠮᠡᠭᠳᠡᠭᠦᠯᠦᠨ᠎ᠡ᠃      ᠶᠠᠩ ᠵᠧᠨ ᠳ᠋ᠦᠩ ᠴᠢᠬᠤᠯᠠᠴᠢᠯᠠᠭᠰᠠᠨ ᠨᠢ᠂ ᠲᠥᠪ ᠤᠨ᠂ ᠥᠪᠡᠷᠲᠡᠭᠡᠨ ᠵᠠᠰᠠᠬᠤ ᠣᠷᠣᠨ᠂ ᠬᠤᠲᠠ ᠰᠢᠶᠠᠨ ᠤ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠲᠤᠬᠠᠶ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠬᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠲᠦᠷᠭᠡᠨ ᠪᠦᠳᠦᠬᠡᠨ ᠪᠠᠶᠢᠭᠤᠯᠬᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠠᠬᠢᠭᠤᠯᠬᠤ ᠪᠠᠷ ᠭᠤᠣᠯ ᠭᠠᠷᠳᠠᠴᠠ ᠪᠣᠯᠭᠠᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ ᠪᠦᠳᠦᠬᠡᠨ ᠪᠠᠶᠢᠭᠤᠯᠬᠤ ᠪᠠᠷ ᠤᠳᠤᠷᠢᠳᠤᠮᠵᠢ ᠶᠢᠨ ᠬᠠᠷᠠᠯᠲᠠ ᠪᠣᠯᠭᠠᠵᠤ᠂ ᠬᠥᠳᠡᠭᠡ ᠲᠣᠰᠬᠤᠨ ᠬᠤᠶᠠᠷ ᠱᠠᠳᠤ ᠪᠠᠷ ᠭᠤᠣᠯ ᠪᠣᠯᠭᠠᠵᠤ᠂ ᠠᠳᠠᠯ ᠠᠬᠤᠢ ᠶᠢᠨ ᠺᠣᠮᠫᠠᠨᠢ ᠪᠠᠷ ᠬᠠᠪᠰᠤᠷᠤᠮᠵᠢ ᠪᠣᠯᠭᠠᠵᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠦᠵᠡᠰᠬᠦᠯᠡᠩᠲᠦ ᠰᠠᠶᠢᠬᠠᠨ ᠲᠤᠮᠤ ᠬᠥᠮᠥᠷᠭᠡ ᠶᠢ ᠪᠦᠳᠦᠬᠡᠨ ᠪᠠᠶᠢᠭᠤᠯᠬᠤ ᠳᠤ ᠬᠠᠮᠲᠤᠪᠠᠷ ᠬᠦᠴᠦᠨ ᠴᠢᠳᠠᠯ ᠢᠶᠠᠨ ᠡᠷᠭᠦᠨ᠎ᠡ᠃ ᠡᠭᠦᠨ ᠤ ᠵᠡᠷᠭᠡ ᠳᠤ᠂ ᠲᠣᠮᠣ ᠬᠥᠮᠥᠷᠭᠡ ᠪᠠᠷ ᠰᠢᠶᠠᠩ ᠲᠠᠢ ᠬᠤᠯᠪᠣᠭᠠᠯᠠᠬᠤ ᠨᠢ ︽ᠠᠳᠠᠯ ᠠᠬᠤᠶᠢᠵᠢᠭᠤᠯᠬᠤ︾ ᠬᠠᠮᠢᠶᠠᠷᠤᠯᠲᠠ ᠶᠢᠨ ᠭᠤᠤᠯ ᠲᠤᠷᠰᠢᠯᠲᠠ ᠶᠢᠨ ᠴᠢᠬ ᠪᠣᠯᠤᠭᠰᠠᠨ ᠤ ᠬᠤᠪᠢ ᠳᠤ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ  ᠦᠢᠯᠡᠳᠦᠯ ᠢ  ᠭᠦᠢᠴᠡᠳ ᠪᠠᠳᠠᠷᠠᠭᠤᠯᠵᠤ᠂ ᠡᠷᠬᠢᠨ ᠲᠣᠭᠤᠷᠢᠨ ᠤ ᠰᠢᠶᠠᠩ ᠪᠠᠯᠭᠠᠰᠤ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠳᠥᠯᠭᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠲᠣᠮᠣ ᠬᠥᠮᠥᠷᠭᠡ ᠶᠢᠨ ᠬᠤᠯᠪᠣᠭᠠᠲᠤ ᠰᠢᠶᠠᠩ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠣᠷᠣᠯᠴᠠᠵᠠᠶ᠃                                                 ᠢᠷᠡᠯᠲᠡ᠄ ᠰᠢᠩ ᠾᠧ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ                     ᠤᠷᠴᠢᠭᠤᠯᠤᠭᠴᠢ᠄ ᠨᠠᠷᠠᠰᠤ                     ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3