ᠸᠠᠩ ᠬᠤᠢ ᠢᠦᠶ ᠬᠡᠰᠡᠭ ᠭᠤᠤᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/4/29
     ᠥᠪᠥᠷ ᠮᠣᠩᠭᠤᠯ ᠤᠨ ᠴᠢᠩ ᠮᠤᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ᠂ ᠷᠦᠢ ᠱᠧᠩ ᠨᠡᠭᠦᠷᠡᠰᠦᠲᠥ᠋ᠷᠥᠭᠴᠢ ᠶᠢᠨ ᠡᠯᠧᠮᠧᠨ᠋ᠲ ᠤᠨ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ᠂ ᠱᠠᠨ ᠾᠧ ᠣᠨᠴᠠ ᠪᠣᠯᠣᠳ ᠲᠡᠮᠦᠷ᠂ ᠶᠢᠩ ᠰᠢᠶᠠᠩ ᠨᠡᠭᠦᠷᠡᠰᠦᠲᠥ᠋ᠷᠥᠭᠴᠢ ᠶᠢᠨ ᠡᠯᠧᠮᠧᠨ᠋ᠲ ᠵᠡᠷᠭᠡ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠲᠤ᠂ ᠸᠠᠩ ᠬᠤᠢ ᠢᠦᠶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠦᠷᠦᠭᠰᠡᠨ ᠭᠠᠵᠠᠷ ᠪᠣᠯᠭᠠᠨ ᠳᠤ ᠲᠡᠷᠡ ᠪᠦᠷ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠨᠢᠭᠤᠷᠲᠠᠨ ᠶᠠᠷᠢᠯᠴᠠᠵᠤ᠂ ᠠᠵᠤ ᠠᠬᠤᠶᠢᠯᠠᠯ ᠤᠨ ᠭᠠᠷ ᠤᠷᠠᠯᠠᠯ ᠤᠨ ᠮᠡᠷᠭᠡᠵᠢᠯ᠂ ᠦᠢᠯᠡᠳᠬᠦᠨ ᠤ ᠳᠠᠪᠠᠭᠤᠯᠢᠭ᠂ ᠪᠣᠷᠣᠯᠠᠭᠤᠯᠭ᠎ᠠ ᠶᠢᠨ ᠵᠠᠮ ᠵᠢᠴᠢ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠬᠦᠴᠢᠷ ᠠᠰᠠᠭᠤᠳᠠᠯ ᠢ ᠠᠰᠠᠭᠤᠨ ᠯᠠᠪᠯᠠᠵᠤ᠂ ᠠᠵᠤ ᠠᠬᠤᠶᠢᠯᠠᠯ ᠢ ᠦᠵᠡᠯ ᠰᠠᠨᠠᠭ᠎ᠠ ᠲᠠᠨᠢᠯᠲᠠ ᠪᠣᠯᠤᠨ ᠬᠥᠭᠵᠢᠯᠲᠡ ᠶᠢᠨ ᠣᠶᠢᠯᠠᠭᠠᠭᠳᠠᠬᠤᠨ ᠢᠶᠠᠨ ᠲᠦᠷᠭᠡᠨ ᠬᠤᠪᠢᠷᠠᠭᠤᠯᠵᠤ᠂ ᠳᠡᠭᠡᠳᠦ ᠲᠡᠰ ᠤᠨ᠂ ᠤᠶᠤᠨᠴᠢᠯᠠᠭᠰᠠᠨ᠂ ᠪᠣᠬᠢᠷᠲᠤᠯ ᠦᠬᠡᠢ ᠪᠣᠯᠭᠠᠬᠤ ᠴᠢᠭᠯᠡᠯ ᠢ ᠬᠠᠷᠠᠭᠠᠯᠠᠨ᠂ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠦᠬᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢ ᠥᠨᠳᠥᠷ ᠪᠦᠲᠦᠮᠵᠢᠲᠡᠢ ᠲᠦᠷᠭᠡᠨ ᠠᠬᠢᠭᠤᠯᠬᠤ ᠬᠡᠷᠡᠭᠲᠡᠢ ᠭᠡᠵᠦ ᠵᠠᠬᠢᠪᠠ᠃
      ᠴᠠᠷ ᠨᠠᠭᠤᠷ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠳᠤ ᠸᠠᠩ ᠬᠤᠢ ᠢᠦᠶ ᠣᠷᠭᠠᠨᠢᠭ ᠢᠳᠡᠰᠢᠨ ᠨᠣᠭᠤᠭ᠎ᠠ ᠳᠠᠷᠢᠬᠤ ᠰᠠᠭᠤᠷᠢᠨ ᠭᠠᠵᠠᠷ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠵᠢᠷᠠᠭᠠᠬᠠᠶ ᠦᠷᠡᠵᠢᠭᠦᠯᠬᠦ ᠰᠠᠭᠤᠷᠢᠨ ᠭᠠᠵᠠᠷ ᠵᠢᠴᠢ ᠨᠢᠲᠤᠯᠵᠤ ᠪᠣᠯᠪᠠᠰᠤᠷᠠᠭᠤᠯᠬᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠠᠭᠤᠷᠢᠨ ᠭᠠᠵᠠᠷ ᠤᠨ ᠬᠡᠪᠴᠢᠶ᠎ᠡ᠂ ᠦᠷ᠎ᠡ ᠠᠰᠢᠭ᠂ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠠᠵᠤ ᠠᠬᠤᠶᠢᠯᠠᠯ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠢ ᠰᠠᠶᠢᠲᠤᠷ ᠠᠰᠢᠭᠯᠠᠬᠤ ᠶᠢ ᠵᠣᠷᠢᠭᠵᠢᠭᠤᠯᠵᠤ᠂ ᠴᠠᠷ ᠨᠠᠭᠤᠷ ᠤᠨ ᠤᠤᠯ ᠤᠨ ᠠᠮᠢ ᠠᠬᠤᠶ ᠶᠢᠨ ᠵᠢᠭᠤᠯᠴᠢᠯᠠᠯ ᠤᠨ ᠡᠬᠢ ᠪᠠᠶᠠᠯᠢᠭ ᠪᠠ ᠳᠠᠪᠠᠭᠤᠯᠢᠭ ᠵᠠᠮ ᠬᠠᠷᠢᠯᠴᠠᠭᠠᠨ ᠤ ᠣᠷᠣᠨ ᠪᠠᠶᠢᠷᠢ ᠳᠤ ᠲᠦᠰᠢᠭᠯᠡᠨ᠂ ᠪᠡᠭᠡᠵᠢᠩ ᠤᠨ ᠳᠡᠭᠡᠳᠦ ᠲᠠᠰ ᠤᠨ ᠵᠠᠬ᠎ᠠ ᠳᠡᠯᠭᠡᠭᠦᠷ ᠲᠠᠢ ᠤᠯᠠᠮ ᠨᠢᠭᠡ ᠠᠯᠬᠤᠮ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠴᠡᠪᠡᠷ ᠨᠣᠭᠤᠭ᠎ᠠ᠂ ᠰᠢᠨ᠎ᠡ ᠰᠣᠷᠭᠤᠭ ᠮᠢᠬᠠᠨ ᠤ ᠪᠥᠬᠦ ᠠᠵᠤ ᠤᠶᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠂ ᠰᠣᠶᠣᠯ ᠵᠢᠭᠤᠯᠴᠢᠯᠠᠯ ᠡᠷᠡᠭᠦᠯ ᠮᠡᠨᠳᠦ ᠶᠢ ᠬᠠᠮᠠᠭᠠᠯᠠᠬᠤ ᠠᠵᠤ ᠤᠶᠢᠯᠡᠰ ᠢ ᠲᠦᠷᠭᠡᠳᠬᠡᠨ ᠬᠥᠭᠵᠢᠭᠦᠯᠵᠦ᠂ ᠴᠠᠷ ᠨᠠᠭᠤᠷ ᠢ ᠳᠠᠷᠢᠵᠤ ᠲᠡᠵᠢᠭᠡᠬᠦ᠂ ᠡᠳ᠋ᠰᠢᠭᠦᠯᠬᠦ᠂ ᠡᠷᠡᠭᠦᠯ ᠮᠡᠨᠳᠦ ᠶᠢ ᠬᠠᠮᠠᠭᠠᠯᠠᠬᠤ᠂ ᠵᠢᠭᠤᠯᠴᠢᠯᠠᠬᠤ ᠶᠢ ᠤᠶᠠᠯᠳᠤᠭᠤᠯᠤᠭᠰᠠᠨ ᠠᠭᠤᠰᠤᠯᠴᠠᠭᠰᠠᠨ ᠠᠵᠤ ᠤᠶᠢᠯᠡᠰ ᠪᠣᠯᠭᠠᠨ ᠪᠥᠲᠥᠭᠡᠨ ᠪᠠᠶᠢᠭᠤᠯᠵᠤ᠂ ᠠᠵᠤ ᠤᠶᠢᠯᠡᠰ ᠤᠨ ᠬᠥᠭᠵᠢᠯᠲᠡ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
     ᠸᠠᠩ ᠬᠤᠢ ᠢᠦᠢ ᠵᠢᠭᠠᠵᠤ ᠭᠠᠷᠭᠠᠬᠤ ᠳᠠᠭᠠᠨ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠨᠢ ᠰᠢᠩ ᠡᡁᠧ ᠰᠢᠶᠠᠨ ᠤ ᠠᠵᠤ ᠠᠬᠤᠢ ᠶᠢᠨ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠡᠨᠧᠷᠭᠢ ᠶᠢᠨ ᠲᠦᠷᠦᠯ ᠵᠦᠢᠯ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠨᠡᠭᠦᠷᠡᠰᠦᠲᠥ᠋ᠷᠥᠭᠴᠢ ᠶᠢᠨ ᠤᠷᠬᠢᠯ ᠳᠤ ᠬᠦᠷᠬᠦ︾ ︽ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ︾ ᠴᠢᠬᠤᠯᠠ ᠶᠡᠭᠡ ᠲᠡᠦᠬᠡ ᠶᠢᠨ ᠠᠵᠠ ᠲᠣᠬᠢᠶᠠᠯ ᠢ ᠠᠮᠵᠢᠵᠤ᠂ ᠪᠣᠬᠢᠷᠲᠤᠯ ᠦᠭᠡᠢ ᠠᠵᠤ ᠦᠢᠯᠡᠰ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠭᠤᠣᠯ ᠬᠥᠳᠡᠯᠭᠡᠭᠦᠷ ᠪᠣᠯᠭᠠᠵᠤ᠂ ᠴᠢᠨᠠᠷ ᠰᠠᠶᠢᠲᠠᠢ ᠲᠦᠷᠦᠯ ᠵᠦᠢᠯ ᠢᠶᠠᠷ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠲᠤᠯᠭᠠᠭᠤᠷᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠠᠵᠢᠯ ᠢ ᠡᠷᠡᠰ ᠨᠠᠶᠢᠳᠠᠪᠤᠷᠢᠵᠢᠭᠤᠯᠵᠤ᠂ ︽ᠬᠤᠶᠠᠷ ᠥᠨᠳᠥᠷ︾ ᠤ ᠲᠥᠷᠥᠯ ᠵᠤᠶᠢᠯ ᠢ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠮᠡᠷᠭᠡᠵᠢᠯ ᠤᠨ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠨ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ︔ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠡᠯᠧᠮᠧᠨ᠋ᠲ ᠤᠨ ᠪᠠᠲᠤᠯᠠᠭ᠎ᠠ ᠶᠢᠨ ᠦᠢᠯᠡᠴᠢᠯᠡᠭᠡ ᠶᠢ ᠴᠢᠩᠭᠠᠳᠬᠠᠵᠤ᠂ ᠠᠵᠤ ᠠᠬᠤᠶᠢᠯᠠᠯ ᠤᠨ ᠪᠦᠳᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠢ ᠴᠠᠭ ᠲᠤᠬᠠᠢ ᠳᠤᠨᠢ ᠮᠥᠷᠳᠡᠨ ᠣᠶᠢᠯᠠᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠲᠦᠷᠦᠯ ᠵᠦᠢᠯ ᠢ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠢᠯᠡᠳᠪᠦᠷᠢᠯᠡᠬᠦ᠂ ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠥᠨᠳᠥᠷ ᠪᠠᠷᠢᠮᠵᠢᠶ᠎ᠠ ᠲᠠᠢ ᠥᠨᠳᠥᠷ ᠲᠦᠪᠰᠢᠨ ᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ      ᠰᠢᠶᠠᠨ ᠤ ᠤᠳᠤᠷᠢᠳᠤᠯᠭ᠎ᠠ ᠶᠠᠩ ᠵᠧᠨ ᠳ᠋ᠦᠩ᠂ ᠾᠧ ᠶᠢᠩ ᠽᠢ᠂ ᠸᠠᠩ ᠰᠢᠶᠤᠤ ᠵᠢᠶᠦ᠋ᠨ᠂ ᠶᠤᠸᠠᠨ ᠢ ᠶᠢᠨ᠂ ᠾᠧᠦ ᠶᠢᠩ᠂ ᠳ᠋ᠦᠩ ᠬᠤᠩ ᠦ᠋ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3