ᠵᠣᠣ ᠬᠤᠶ ᠵᠢᠤᠢ ᠨᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠬᠤᠷᠢᠭ᠎ᠠ ᠴᠡᠭ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠪᠠᠳᠠᠨ ᠪᠠᠶᠢᠴᠠᠭᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/4/29
     ᠡᠯ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠵᠢᠭᠦᠷᠯᠡᠬᠦ ᠴᠡᠭ ᠤᠨ ᠠᠵᠢᠯ ᠢ ᠡᠮᠬᠢ ᠵᠢᠷᠤᠮ ᠲᠠᠢ ᠪᠥᠭᠡᠳ ᠬᠦᠴᠦᠲᠡᠶ ᠥᠷᠨᠢᠭᠦᠯᠬᠦ ᠶᠢ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠰᠢᠩ ᠾᠧ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠬᠤᠶ ᠵᠢᠤᠢ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠦᠨ ᠬᠠᠶ ᠵᠢᠶᠦ᠋ᠨ ᠨᠡᠷ ᠬᠡᠰᠡᠭ ᠰᠢᠶᠠᠩ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠴᠡᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠴᠡᠭ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠪᠠᠳᠠᠨ ᠪᠠᠶᠢᠴᠠᠭᠠᠵᠤ ᠵᠢᠭᠠᠨ ᠵᠢᠯᠣᠭᠤᠳᠪᠠ᠃
     ︽ᠡᠨᠡ ᠬᠡᠳᠦᠨ ᠡᠳᠦᠷ ᠠᠭᠠᠷ ᠤᠨ ᠳᠤᠯᠠᠭᠠᠨ ᠳᠣᠷᠣᠭᠰᠢᠯᠠᠵᠠᠶ᠂ ᠵᠢᠵᠢᠭᠦᠷᠯᠡᠨ ᠰᠠᠬᠢᠵᠤ ᠪᠠᠶᠢᠭ᠎ᠠ ᠨᠥᠬᠦᠳ ᠡᠷᠬᠡᠪᠰᠢ ᠳᠤᠯᠠᠭᠠᠯᠠᠬᠤ ᠶᠢ ᠠᠩᠬᠠᠷᠬᠤ ᠬᠡᠷᠡᠭᠲᠡᠶ︾᠂ ᠪᠦᠯᠬᠦᠮᠳᠡᠯ ᠰᠢᠶᠠᠩ ᠤᠨ ᠨᠡᠭᠦᠷᠡᠰᠦ ᠵᠥᠭᠡᠭᠡᠪᠦᠷᠢᠯᠡᠬᠦ ᠲᠤᠰᠬᠠᠢ ᠱᠤᠭᠤᠮ ᠤᠨ ᠲᠣᠷᠭᠤᠭᠤᠷ ᠴᠡᠭ᠂  ᠡᠷᠳᠡᠨᠢ ᠪᠠᠯᠭᠠᠰᠤ ᠶᠢᠨ ᠵᠢᠶᠠ ᠪᠠ ᠽᠢ ᠲᠣᠷᠭᠤᠭᠤᠷ ᠴᠡᠭ ᠪᠣᠯᠤᠨ ᠭᠤᠤ ᠮᠢᠶᠣᠣ ᠽᠢ ᠪᠠᠶᠢᠴᠠᠭᠠᠬᠤ ᠦᠷᠳᠡᠭᠡ ᠳᠤ᠂ ᠵᠤᠤ ᠬᠤᠢ ᠵᠢᠤᠢ ᠴᠥᠮ ᠨᠢᠭᠡᠳᠦᠭᠡᠷ ᠹᠷᠣᠨᠲ ᠤᠨ ᠵᠢᠵᠢᠭᠦᠷᠯᠡᠭᠴᠢ ᠶᠢᠨ ᠪᠡᠶ᠎ᠡ ᠶᠢᠨ ᠪᠠᠶᠢᠳᠠᠯ ᠢ ᠲᠣᠬᠤᠨᠢᠭᠤᠯᠬᠤ ᠶᠢᠨ ᠬᠠᠮᠲᠤ ᠲᠣᠷᠭᠤᠭᠤᠷ ᠪᠣᠭᠤᠮᠲᠠ ᠶᠢᠨ ᠵᠢᠵᠢᠭᠦᠷᠯᠡᠭᠴᠢ ᠶᠢᠨ ᠠᠵᠢᠯ ᠤᠨ ᠪᠠᠶᠢᠷᠢ ᠳᠠᠭᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠣᠷᠭᠤᠭᠤᠷ ᠪᠣᠭᠤᠮᠲᠠ ᠪᠠᠷ ᠣᠷᠣᠵᠤ ᠭᠠᠷᠬᠤ ᠬᠥᠮᠦᠰ ᠤᠨ ᠮᠡᠳᠡᠭᠡ ᠵᠠᠩᠭᠢ ᠶᠢ ᠳᠠᠩᠰᠠᠯᠠᠬᠤ᠂ ᠨᠠᠰᠢ ᠴᠠᠰᠢ ᠥᠩᠭᠡᠷᠡᠬᠦ ᠲᠡᠷᠭᠡ ᠶᠢ ᠪᠠᠶᠢᠴᠠᠭᠠᠬᠤ᠂ ᠬᠥᠮᠦᠰ ᠤᠨ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ᠂ ᠬᠢᠵᠢᠭ ᠢ ᠰᠡᠷᠭᠡᠶᠢᠯᠡᠬᠦ ᠲᠤᠨᠤᠭ ᠲᠥᠬᠦᠭᠡᠷᠦᠮᠵᠢ ᠶᠢ ᠳᠦᠷᠢᠮᠵᠢᠭᠦᠯᠦᠨ ᠡᠮᠦᠰᠴᠦ ᠵᠡᠭᠦᠬᠦ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠤᠬᠠᠶ ᠶᠢᠨ ᠲᠠᠯᠠᠪᠤᠷ ᠲᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠨ ᠰᠠᠶᠢᠵᠢᠷᠠᠭᠤᠯᠬᠤ ᠶᠢ ᠰᠢᠪᠠᠳᠠᠨ ᠱᠠᠭᠠᠷᠳᠠᠵᠤ᠂ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢᠨ ᠬᠠᠮᠲᠤ ᠵᠢᠵᠢᠭᠦᠷᠯᠡᠨ ᠰᠠᠬᠢᠬᠤ ᠬᠥᠮᠦᠰ ᠲᠤ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠰ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ ᠬᠢᠬᠦ ᠶᠢᠨ ᠵᠡᠷᠭᠡ ᠳᠤ ᠨᠠᠷᠢᠯᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠤᠶᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠵᠠᠬᠢᠪᠠ᠃      ᠵᠣᠣ ᠬᠤᠶ ᠵᠢᠤᠢ ᠵᠢᠭᠠᠵᠤ ᠭᠠᠷᠭᠠᠭᠰᠠᠨ ᠨᠢ᠂ ᠡᠯ᠎ᠡ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠭᠦᠢᠴᠡᠳᠭᠡᠭᠴᠢᠳ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠤ ᠪᠠᠶᠢᠳᠠᠯ ᠢ ᠭᠦᠢᠴᠡᠳ ᠲᠠᠨᠢᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠡᠯ᠎ᠡ  ᠵᠤᠶᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠨ᠂ ᠭᠠᠳᠠᠨ᠎ᠠ ᠠᠴᠠ ᠢᠷᠡᠭᠰᠡᠨ ᠪᠠ ᠨᠤᠲᠤᠭ ᠲᠠᠭᠠᠨ ᠪᠤᠴᠠᠭᠰᠠᠨ ᠬᠥᠮᠦᠰ ᠢ ᠵᠢᠭᠰᠠᠭᠠᠨ ᠪᠠᠶᠢᠴᠠᠭᠠᠬᠤ ᠠᠵᠢᠯ ᠢ ᠨᠠᠷᠢᠨ ᠨᠢᠮᠪᠠᠶ ᠬᠢᠵᠦ᠂ ᠨᠢᠭᠡ ᠲᠡᠷᠭᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠢ ᠣᠷᠣᠭᠤᠯᠬᠤ ᠪᠣᠭᠤᠮᠲᠠ ᠶᠢ ᠰᠠᠶᠢᠲᠤᠷ ᠠᠳᠬᠤᠵᠤ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠴᠣᠭᠴᠠᠯᠠᠬᠤ ᠬᠡᠷᠡᠭᠲᠡᠶ᠃ ᠰᠦᠨ ᠬᠠᠶ ᠵᠢᠶᠦ᠋ᠨ ᠲᠤᠬᠠᠶ ᠶᠢᠨ ᠲᠠᠯᠠᠪᠤᠷ ᠲᠤ ᠴᠢᠬᠤᠯᠠᠴᠢᠯᠠᠬᠤ ᠳᠠᠭᠠᠨ᠂ ᠵᠢᠭᠰᠠᠭᠠᠨ ᠪᠠᠶᠢᠴᠠᠭᠠᠵᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠵᠢᠭᠦᠷᠯᠡᠨ ᠰᠠᠬᠢᠬᠤ ᠵᠠᠩᠭᠢᠯᠠᠭ᠎ᠠ ᠶᠢᠨ ᠤᠶᠢᠯᠡᠳᠤᠯ ᠢ ᠭᠦᠢᠴᠡᠳ ᠪᠠᠳᠠᠷᠠᠭᠤᠯᠤᠨ᠂ ᠬᠥᠮᠦᠨ ᠳᠠᠭᠠᠷᠠᠪᠠᠯ ᠵᠠᠪᠠᠯ ᠪᠠᠶᠢᠴᠠᠭᠠᠵᠤ᠂ ᠲᠡᠷᠭᠡ ᠳᠠᠭᠠᠷᠠᠪᠠᠯ ᠵᠠᠪᠠᠯ ᠪᠠᠶᠢᠴᠠᠭᠠᠵᠤ᠂ ᠰᠠᠶᠢᠨ ᠰᠠᠶᠢᠬᠠᠨ ︽ᠲᠡᠶᠢᠨ ᠤ ᠬᠢᠵᠢᠭ︾ ᠤᠨ ᠪᠠᠶᠢᠳᠠᠯ ᠢ ᠪᠠᠲᠤᠯᠠᠵᠤ᠂ ᠰᠢᠩ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠦᠷ ᠬᠡᠷᠡᠮ ᠲᠡᠮᠦᠷ ᠬᠠᠨ᠎ᠠ ᠶᠢ ᠴᠣᠭᠴᠠᠯᠠᠬᠤ ᠬᠡᠷᠡᠭᠲᠡᠶ ᠭᠡᠵᠡᠶ᠃               ᠵᠣᠬᠢᠶᠠᠯ  ᠄ ᠰᠦᠩ ᠶᠢᠩ ᠴᠤᠤ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3