ᠴᠠᠭᠠᠨ ᠬᠤᠪᠴᠠᠰᠤ ᠲᠠᠢ ᠪᠠᠶᠢᠯᠳᠤᠭᠠᠨ ᠤ ᠬᠤᠶᠠᠭ ᠢᠶᠠᠨ ᠨᠥᠮᠥᠷᠴᠦ᠂ ᠡᠮᠡᠭᠲᠡᠶᠢᠴᠦᠳ ᠳᠠᠬᠢᠨᠲᠠ ᠠᠶᠠᠨ ᠲᠠᠶᠢᠨ ᠳᠤ ᠮᠣᠷᠳᠠᠵᠠᠭᠠᠶ᠎ᠠ︕ ᠰᠢᠩ ᠾᠧ ᠰᠢᠶᠠᠨ ᠤ ᠡᠮᠨᠡᠯᠭᠡ ᠶᠢᠨ ᠬᠤᠷᠢᠶᠠᠨ ᠤ ᠱᠠᠩᠬᠠᠶ ᠶᠢ ᠲᠤᠰᠠᠯᠠᠬᠤ ᠡᠮᠨᠡᠯᠭᠡ ᠶᠢᠨ ᠠᠩᠭᠢ ᠶᠢ ᠦᠳᠡᠨ ᠮᠤᠷᠳᠠᠭᠤᠯᠪᠠ︕
ᠨᠡᠶᠢᠲᠡᠯᠡᠭᠰᠡᠨ ᠴᠠᠭ᠄
2022/4/29
     ᠲᠦᠷ ᠠᠮᠠᠷᠠᠬᠤ ᠪᠠᠷ ᠳᠠᠮᠵᠢᠭᠠᠳ᠂ 4 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨᠡᠬᠢ 7 ᠴᠠᠭ ᠲᠤ ᠱᠠᠩᠬᠠᠶ ᠶᠢ ᠲᠤᠰᠠᠯᠠᠬᠤ ᠡᠮᠨᠡᠯᠭᠡ ᠶᠢᠨ ᠠᠩᠭᠢ ᠶᠢᠨ ᠭᠡᠰᠢᠭᠦᠳ ᠨᠢᠯᠬ᠎ᠠ ᠪᠠᠭ᠎ᠠ ᠬᠡᠦᠬᠡᠳ ᠢᠶᠠᠨ ᠬᠠᠶᠠᠵᠤ᠂ ᠥᠪᠡᠷ ᠤᠨ ᠡᠪᠡᠳᠴᠢᠨ ᠡᠮᠭᠡᠭ ᠢᠶᠠᠨ ᠢᠯᠠᠨ ᠳᠠᠪᠠᠵᠤ᠂ ᠬᠢᠵᠢᠭ ᠤᠨ ᠪᠠᠶᠢᠳᠠᠯ᠂ ᠬᠠᠷᠢᠭᠤᠴᠠᠯᠭ᠎ᠠ ᠪᠠ ᠭᠡᠷ ᠤᠨ ᠬᠥᠮᠦᠰ᠂ ᠲᠥᠷᠥᠯ ᠰᠠᠳᠤᠨ ᠤ ᠬᠠᠶᠢᠷ᠎ᠠ ᠰᠡᠳᠬᠢᠯᠭᠡ ᠶᠢᠨ ᠲᠡᠩᠨᠡᠭᠦᠷ ᠤᠨ ᠬᠤᠶᠠᠷ ᠦᠵᠦᠭᠦᠷ ᠲᠤ ︽ᠪᠠᠭ᠎ᠠ ᠭᠡᠷ︾ ᠤᠨ ᠬᠦᠴᠢᠷᠳᠡᠯ ᠢᠶᠠᠨ ᠲᠣᠪ ᠳᠤᠭᠤᠶ ᠨᠢᠭᠤᠨ ᠳᠠᠯᠳᠠᠯᠠᠵᠤ᠂ ︽ ᠶᠡᠭᠡ ᠭᠡᠷ︾  ᠤᠨ ᠠᠮᠤᠷ ᠮᠡᠨᠳᠦ ᠶᠢᠨ ᠲᠥᠯᠥᠭᠡ ᠱᠠᠩᠬᠠᠶ ᠳᠤ ᠬᠦᠷᠬᠦ ᠠᠶᠠᠨ ᠵᠠᠮ ᠳᠠᠭᠠᠨ ᠮᠣᠷᠳᠠᠪᠠ᠃
     ᠳᠠᠶᠢᠯᠠᠯᠳᠤᠭᠠᠨ ᠳᠤ ᠮᠣᠷᠳᠠᠬᠤ ᠶᠣᠰᠣᠯᠠᠯ ᠳᠡᠭᠡᠷ᠎ᠡ᠂ ᠰᠢᠶᠠᠨ ᠤ ᠡᠮᠨᠡᠯᠭᠡ ᠶᠢᠨ ᠬᠤᠷᠢᠶᠠᠨ ᠤ ᠤᠳᠤᠷᠢᠳᠬᠤ ᠪᠠᠭ ᠤᠨ ᠬᠢᠨ ᠭᠡᠰᠢᠭᠦᠳ ᠢ ᠦᠳᠡᠨ ᠮᠣᠷᠳᠠᠭᠤᠯᠬᠤ ᠶᠢᠨ ᠬᠠᠮᠲᠤ᠂ ᠤᠯᠠᠨ ᠢᠶᠠᠷ ᠢᠶᠠᠨ ᠣᠮᠤᠭ ᠰᠦᠷ ᠪᠠ ᠵᠠᠪᠠᠯ ᠢᠯᠠᠬᠤ ᠢᠲᠡᠭᠡᠯ ᠵᠣᠷᠢᠭ ᠢᠶᠠᠨ ᠢᠮᠠᠭᠲᠠ ᠪᠠᠷᠢᠮᠲᠠᠯᠠᠵᠤ᠂ ᠬᠢᠵᠢᠭ ᠢ ᠡᠰᠡᠷᠭᠦᠴᠡᠬᠦ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠴᠢᠷ ᠢ ᠰᠦᠷᠦᠨ ᠡᠷᠡᠯᠬᠡᠭ ᠢᠶᠠᠷ ᠤᠷᠤᠭᠰᠢᠯᠠᠵᠤ᠂ ᠵᠣᠬᠢᠶᠠᠨ ᠪᠠᠶᠢᠭᠤᠯᠤᠯᠲᠠ ᠶᠢᠨ ᠲᠤᠬᠢᠷᠠᠭᠤᠯᠤᠯᠲᠠ ᠶᠢ ᠲᠠᠭᠠᠵᠤ᠂ ᠬᠦᠨᠳᠦ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠦᠯᠦ ᠭᠤᠲᠤᠭᠠᠵᠤ᠂ ᠲᠤᠰᠬᠠᠢ ᠮᠡᠷᠭᠡᠵᠢᠯ ᠤᠨ ᠣᠨᠴᠠ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠠᠵᠢᠯ ᠤᠨ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠵᠡᠭᠡᠪᠡ᠃ ᠡᠭᠦᠨ ᠤ ᠵᠡᠷᠭᠡᠴᠡᠭᠡᠪᠡᠷ ᠥᠪᠡᠷ ᠢ ᠪᠠᠨ ᠵᠠᠪᠠᠯ ᠰᠠᠶᠢᠲᠤᠷ ᠬᠠᠮᠠᠭᠠᠯᠠᠵᠤ᠂ ᠡᠷᠲᠡᠬᠡᠨ ᠢᠯᠠᠯᠲᠠ ᠲᠠᠢ ᠪᠠᠷ ᠪᠤᠴᠠᠵᠤ ᠢᠷᠡᠬᠦ ᠬᠡᠷᠡᠭᠲᠡᠶ︕ ᠲᠤᠰ ᠤᠳᠠᠭ᠎ᠠ ᠶᠢᠨ ᠱᠠᠩᠬᠠᠢ ᠶᠢ ᠲᠤᠰᠠᠯᠠᠬᠤ ᠡᠮ ᠡᠮᠨᠡᠯᠭᠡ ᠶᠢᠨ ᠠᠩᠬᠢ ᠶᠢᠨ ᠬᠢᠨ᠂ ᠡᠭᠦᠷᠭᠡ ᠬᠠᠷᠢᠭᠤᠴᠠᠯᠭ᠎ᠠ ᠪᠠᠨ ᠰᠡᠳᠬᠢᠯ ᠲᠠᠯᠪᠢᠨ᠂ ᠬᠠᠶᠢᠷ᠎ᠠ ᠰᠡᠳᠬᠢᠯᠭᠡ ᠪᠠᠷ ᠢᠶᠠᠨ ᠬᠦᠴᠦᠯᠡᠨ ᠪᠡᠶᠡᠯᠡᠭᠦᠯᠵᠦ᠂ ᠲᠤᠰ ᠪᠡᠶ᠎ᠡ ᠶᠢᠨ ᠠᠮᠤᠷ ᠲᠦᠪᠰᠢᠨ ᠢᠶᠠᠨ ᠡᠷᠡᠰ ᠪᠠᠲᠤᠯᠠᠵᠤ᠂ ᠬᠢᠵᠢᠭ ᠤᠨ ᠪᠠᠶᠢᠳᠠᠯ ᠤᠨ ᠡᠮᠦᠨ᠎ᠡ ᠡᠭᠦᠷᠢᠳᠡ ᠤᠬᠤᠷᠢᠬᠤ ᠦᠭᠡᠢ ᠪᠠᠶᠢᠵᠤ᠂ ᠵᠣᠷᠢᠭᠲᠠᠢ ᠪᠠᠷ ᠲᠡᠮᠡᠴᠡᠵᠦ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠵᠤ᠂ ᠢᠷᠠᠭᠤ ᠠᠯᠳᠠᠷᠲᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠤᠨ᠎ᠠ ᠭᠡᠵᠦ ᠢᠯᠡᠳᠬᠡᠵᠡᠭᠡᠪᠡ᠃      ᠲᠩᠷᠢ ᠠᠴᠠ ᠵᠠᠶᠠᠭᠠᠭᠰᠠᠨ ᠪᠠᠭᠠᠲᠤᠷ ᠭᠡᠵᠦ ᠪᠠᠶᠢᠬᠤ ᠦᠭᠡᠢ᠂ ᠶᠠᠭᠤᠨ ᠠᠴᠠ ᠴᠤ ᠠᠶᠤᠬᠤ ᠦᠭᠡᠢ  ᠡᠷᠡᠯᠬᠡᠭᠴᠢ ᠭᠡᠵᠦ ᠪᠠᠶᠢᠳᠠᠭ᠃ ᠲᠠ ᠨᠠᠷ ᠤᠨ ᠤᠳᠠᠭ᠎ᠠ ᠪᠦᠷᠢ ᠶᠢᠨ ᠭᠠᠪᠰᠢᠭᠠᠶᠢᠯᠠᠨ ᠲᠡᠮᠡᠴᠡᠭᠰᠡᠨ ᠳᠤ ᠲᠠᠯᠠᠷᠬᠠᠵᠤ ᠪᠠᠶᠢᠨ᠎ᠠ᠃  ᠨᠢᠭᠡ ᠳᠠᠭᠤᠨ ᠵᠠᠷᠯᠢᠭ ᠤᠨ ᠲᠦᠯᠦᠭᠡ  ᠂ ᠪᠦᠷᠦᠶ ᠶᠢᠨ ᠬᠠᠷᠠᠩᠭᠤᠶ ᠠᠴᠠ ᠦᠦᠷ ᠤᠨ ᠭᠡᠭᠡ ᠬᠦᠷᠲᠡᠯ᠎ᠡ᠂ ᠡᠨᠡᠬᠦ ᠪᠠᠶᠢᠯᠳᠤᠭᠠᠨ ᠤ ᠴᠠᠭᠠᠨ ᠬᠤᠶᠠᠭ ᠨᠢ  ᠂ ᠬᠠᠬᠢᠷ ᠡᠪᠦᠯ ᠠᠴᠠ ᠤᠷᠢᠬᠠᠨ ᠬᠠᠪᠤᠷ ᠤᠨ ᠳᠤᠯᠠᠭᠠᠨ ᠪᠣᠯᠲᠠᠯ᠎ᠠ ᠡᠮᠦᠰᠦᠯ᠎ᠡ᠃          ᠢᠷᠡᠯᠲᠡ  ᠄ ᠰᠢᠩ ᠾᠧ ᠰᠢᠶᠠᠨ ᠤ ᠡᠮᠨᠡᠯᠭᠡ ᠶᠢᠨ ᠬᠤᠷᠢᠶ᠎ᠠ        ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ        ᠤᠷᠴᠢᠭᠤᠯᠤᠭᠴᠢ᠄ ᠨᠠᠷᠠᠰᠤ        ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3